ᠡᠨᠡ ᠵᠢᠯ ᠠᠴᠠ ᠨᠠᠰᠢ᠂ ᠮᠠᠨ ᠤ ᠣᠷᠣᠨ ᠤ ᠡᠯ᠎ᠡ ᠭᠠᠵᠠᠷ ᠤᠨ ᠬᠢᠨ ᠬᠥᠭᠵᠢᠯᠲᠡ ᠶᠢᠨ ᠶᠠᠰᠤ ᠴᠢᠨᠠᠷ ᠢ | ᠳᠡᠭᠡᠭᠰᠢᠯᠡᠭᠦᠯᠬᠦ ᠪᠠ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ ᠳᠡᠭᠡᠷ᠎ᠡ ᠢᠳᠡᠪᠬᠢᠲᠡᠢ ᠬᠦᠴᠦ ᠲᠠᠯᠪᠢᠵᠤ᠂ | ᠠᠵᠢᠯᠯᠠᠭᠠᠨ ᠤ ᠦᠷ᠎ᠡ ᠠᠰᠢᠭ ᠲᠠᠰᠤᠷᠠᠯᠲᠠ ᠥᠬᠡᠶ ᠰᠠᠶᠢᠵᠢᠷᠠᠵᠤ᠂ ᠰᠢᠨ᠎ᠡ ᠪᠠᠷ ᠮᠠᠨᠳᠤᠭᠰᠠᠨ ᠠᠵᠤ ᠦᠶ᠋ᠯᠡᠰ | ᠲᠦᠷᠭᠡᠨ ᠬᠥᠭᠵᠢᠪᠡ᠃ | ᠲᠦᠷᠦᠭᠦᠤ ᠭᠤᠷᠪᠠᠨ ᠤᠯᠠᠷᠢᠯ ᠳᠤ᠂ ᠪᠥᠬᠦ ᠣᠷᠣᠨ ᠤ ᠨᠡᠭᠦᠷᠡᠰᠦᠨ ᠤ ᠪᠤᠰᠤ ᠠᠵᠤ ᠦᠶ᠋ᠯᠡᠰ᠂ ᠲᠤᠨᠤᠭ | ᠲᠦᠬᠦᠭᠡᠷᠦᠮᠵᠢ ᠦᠢᠯᠡᠳᠬᠦ ᠦᠢᠯᠡᠰ᠂ ᠳᠡᠭᠡᠳᠦ ᠮᠡᠷᠭᠡᠵᠢᠯ ᠤᠨ ᠦᠢᠯᠡᠳᠬᠦ ᠦᠢᠯᠡᠰ ᠤᠨ ᠨᠡᠮᠡᠭᠳᠡᠯ ᠥᠷᠲᠡᠭ ᠠᠳᠠᠯᠢ | ᠬᠤᠭᠤᠴᠠᠭᠠᠨ ᠤ ᠬᠢ ᠠᠴᠠ ᠲᠣᠰ ᠲᠣᠰ 8.2 %᠂ 18.5 % ᠪᠠ 8.1 % ᠪᠠᠷ ᠨᠡᠮᠡᠭᠳᠡᠵᠦ᠂ | ᠬᠡᠪᠴᠢᠶᠡᠵᠢᠯ ᠠᠴᠠ ᠳᠡᠭᠡᠭᠰᠢᠬᠢ ᠠᠵᠤ ᠦᠶ᠋ᠯᠡᠳᠪᠦᠷᠢ ᠶᠢᠨ ᠨᠡᠮᠡᠭᠳᠡᠯ ᠤᠨ ᠬᠤᠷᠳᠤᠴᠠ ᠠᠴᠠ ᠲᠣᠰ ᠲᠣᠰ 0.5᠂ | 10.8 ᠪᠠ 0.4 ᠵᠠᠭᠤᠨ ᠤ ᠴᠡᠭ ᠲᠦᠷᠭᠡᠨ ᠪᠣᠯᠵᠠᠶ᠃ 1 — 8 ᠳ᠋ᠤᠭᠠᠷ ᠰᠠᠷ᠎ᠠ ᠳᠤ᠂ ᠬᠡᠪᠴᠢᠶᠡᠵᠢᠯ ᠠᠴᠠ | ᠳᠡᠭᠡᠭᠰᠢᠬᠢ ᠠᠵᠤ ᠦᠶ᠋ᠯᠡᠳᠪᠦᠷᠢ ᠶᠢᠨ ᠪᠡᠶᠡᠯᠡᠭᠦᠯᠦᠭᠰᠡᠨ ᠠᠰᠢᠭ ᠬᠤᠨᠵᠢᠪᠣᠷᠢ ᠶᠢᠨ ᠶᠡᠷᠦᠩᠬᠡᠶ ᠬᠡᠮᠵᠢᠶ᠎ᠡ ᠠᠳᠠᠯᠢ | ᠬᠤᠭᠤᠴᠠᠭᠠᠨ ᠤ ᠬᠢ ᠠᠴᠠ 5.8 % ᠪᠠᠷ ᠨᠡᠮᠡᠭᠳᠡᠵᠦ᠂ ᠳᠡᠭᠡᠷ᠎ᠡ ᠬᠠᠭᠠᠰ ᠵᠢᠯ ᠤᠨ ᠬᠢ ᠠᠴᠠ 0.5 ᠵᠠᠭᠤᠨ ᠤ ᠴᠡᠭ | ᠳᠡᠭᠡᠭᠰᠢᠯᠡᠵᠡᠶ᠃ | |