ᠨᠠᠮ ᠳᠠᠭᠠᠨ ᠦᠨᠡᠨᠴᠢ ᠰᠢᠳᠤᠷᠭᠤ᠂ ᠪᠣᠳᠠᠲᠠᠶ ᠶᠢ ᠡᠷᠬᠢᠮᠯᠡᠨ ᠠᠷᠠᠳ ᠤᠨ ᠲᠥᠯᠥᠭᠡ ᠵᠢᠳᠬᠦᠵᠦ᠂ | ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠨ᠂ ᠶᠠᠳᠠᠷᠠᠯ ᠵᠦᠳᠡᠷᠡᠯ ᠢ ᠬᠠᠢᠬᠤᠷᠬᠤ ᠦᠭᠡᠢ ᠡᠶᠢᠮᠦ ᠨᠢᠭᠡ ᠪᠦᠯᠦᠭ | ᠬᠥᠮᠦᠨ ᠪᠠᠶᠢᠳᠠᠭ᠂ ᠲᠡᠳᠡ ᠣᠯᠠᠨ ᠲᠦᠮᠡᠨ ᠤ ᠤᠲᠠᠰᠤ᠂ ᠸᠢᠴᠠᠲ᠂ ᠰᠤᠷᠪᠤᠯᠵᠢᠯᠠᠭ᠎ᠠ ᠪᠣᠯᠭᠠᠨ ᠳᠤ ᠨᠠᠷᠢᠨ | ᠬᠢᠨᠠᠮᠠᠭᠠᠶ ᠬᠠᠨᠳᠤᠵᠤ᠂ ᠲᠡᠳᠡᠡ ᠬᠠᠮᠤᠭ ᠤᠨ ᠦᠨᠳᠦᠰᠦᠨ ᠱᠠᠲᠤᠨ ᠳᠤ ᠠᠵᠢᠯᠯᠠᠵᠤ᠂ ᠠᠷᠠᠳ ᠣᠯᠠᠨ ᠤ ︽ᠳᠣᠲᠣᠨᠣ | ᠬᠥᠮᠦᠨ︾ ᠪᠣᠯᠵᠤ᠂ ᠲᠡᠳᠡ ᠪᠣᠯ ᠳᠠᠷᠤᠶ ᠨᠡᠶᠢᠭᠡᠮ ᠲᠣᠭᠤᠷᠢᠭ ᠤᠨ ᠠᠵᠢᠯᠲᠠᠨ ᠪᠣᠯᠤᠨ᠎ᠠ᠃ ᠤᠶᠢᠷ᠎ᠠ ᠶᠢᠨ ᠵᠢᠯ ᠠᠴᠠ | ᠨᠠᠭᠠᠰᠢ᠂ ᠱᠤᠸᠠᠩ ᠾᠧ ᠪᠠᠯᠭᠠᠰᠤᠨ ᠤ ᠭᠤᠸᠠᠩ ᠮᠢᠩ ᠨᠡᠶᠢᠭᠡᠮ ᠲᠣᠭᠤᠷᠢᠭ ᠲᠤ ᠣᠯᠠᠨ ᠲᠦᠮᠡᠨ ᠤ ᠠᠮᠤᠷ | ᠲᠦᠪᠰᠢᠨ ᠠᠶᠤᠯ ᠲᠦᠭᠰᠢᠭᠦᠷᠢ ᠬᠦᠴᠢᠷ ᠵᠣᠪᠠᠭᠤᠷᠢ ᠶᠢ ᠴᠠᠭ ᠢᠮᠠᠭᠲᠠ ᠰᠡᠳᠬᠢᠯ ᠳᠡᠭᠡᠨ ᠪᠣᠳᠣᠵᠤ᠂ ᠨᠡᠶᠢᠭᠡᠮ | ᠲᠣᠭᠤᠷᠢᠭ ᠤᠨ ᠺᠠᠳ᠋ᠷ ᠣᠯᠠᠨ ᠲᠦᠮᠡᠨ ᠤ ᠭᠦᠨ ᠵᠤᠵᠠᠭᠠᠨ ᠬᠠᠶᠢᠷ᠎ᠠ ᠰᠡᠳᠬᠢᠯᠭᠡ ᠶᠢ ᠢᠯᠡᠷᠡᠭᠦᠯᠪᠡ᠃ | ︽ ᠱᠤᠸᠠᠩ ᠾᠧ ᠡᠮᠤᠨ᠎ᠡ ᠵᠠᠮ ᠤᠨ ᠬᠤᠶᠢᠳᠦ ᠭᠤᠷᠪᠠᠳᠤᠭᠠᠷ ᠭᠤᠳᠤᠮᠵᠢ ᠶᠢᠨ ᠬᠤᠭ ᠨᠣᠪᠰᠢ ᠣᠪᠣᠭᠠᠷᠠᠵᠤ | ᠂ ᠪᠠᠰᠠ ᠬᠠᠮᠢᠶᠠᠷᠬᠤ ᠬᠥᠮᠦᠨ ᠪᠠᠶᠢᠨ᠎ᠠ︾ ᠥᠷᠯᠥᠭᠡ ᠡᠷᠲᠡ᠂ ᠤᠲᠠᠰᠤ ᠳᠤᠰᠤᠭᠰᠠᠨ ᠨᠡᠶᠢᠭᠡᠮ ᠲᠣᠭᠤᠷᠢᠭ ᠤᠨ | ᠠᠵᠢᠯᠲᠠᠳ ᠰᠡᠩᠳᠡ ᠮᠡᠩᠳᠡ ᠬᠤᠭ ᠨᠣᠪᠰᠢ ᠴᠡᠪᠡᠷᠯᠡᠨ ᠲᠡᠭᠡᠭᠡᠪᠦᠷᠢᠯᠡᠬᠦ ᠲᠡᠷᠭᠡ ᠲᠠᠢ ᠬᠠᠷᠢᠯᠴᠠᠵᠤ᠂ ᠠᠳᠡᠬᠢ | ᠠᠮᠢᠳᠤᠷᠠᠯ ᠤᠨ ᠬᠤᠭ ᠨᠣᠪᠰᠢ ᠶᠢ ᠴᠡᠪᠡᠷᠯᠡᠨ ᠲᠡᠭᠡᠭᠡᠪᠦᠷᠢᠯᠡᠵᠦ ᠡᠬᠢᠯᠡᠪᠡ᠃ ᠡᠨᠡ ᠬᠦ ᠵᠥᠷᠢᠭ ᠵᠠᠮ ᠨᠢ ᠪᠤᠶᠢᠳᠠ | ᠪᠥᠭᠯᠡᠭᠦᠤ᠂ ᠬᠥᠮᠦᠨ ᠴᠥᠭᠡᠨ᠂ ᠵᠠᠷᠢᠮ ᠰᠠᠭᠤᠭᠠᠯᠢ ᠠᠷᠠᠳ ᠳᠥᠭᠦᠮ ᠪᠣᠳᠣᠵᠤ ᠠᠮᠢᠳᠤᠷᠠᠯ ᠤᠨ ᠬᠤᠭ ᠨᠣᠪᠰᠢ ᠶᠢ | ᠵᠠᠮ ᠤᠨ ᠬᠤᠶᠠᠷ ᠲᠠᠯ᠎ᠠ ᠳᠤ ᠠᠰᠬᠠᠵᠤ᠂ ᠳᠡᠭᠡᠷ᠎ᠡ ᠨᠢ ᠵᠠᠷᠢᠮ ᠪᠠᠷᠢᠯᠭ᠎ᠠ ᠶᠢᠨ ᠬᠤᠭ ᠨᠣᠪᠰᠢ᠂ ᠬᠤᠪᠠᠭ᠋ᠠᠶ ᠨᠠᠪᠴᠢ ᠶᠢ | ᠨᠡᠮᠡᠪᠡᠯ᠂ ᠡᠨᠡ ᠬᠦ ᠵᠠᠮ ᠨᠢ ︽ᠬᠤᠭ ᠨᠣᠪᠰᠢ ᠶᠢᠨ ᠲᠠᠯᠠᠪᠤᠷ︾ ᠪᠣᠯᠳᠠᠭ᠃ ᠡᠶᠢᠮᠦ ᠠᠴᠠ᠂ ᠭᠤᠸᠠᠩ ᠮᠢᠩ ᠨᠡᠶᠢᠭᠡᠮ | ᠲᠣᠭᠤᠷᠢᠭ ᠤᠨ ︽ᠬᠤᠶᠠᠷ ᠵᠥᠪᠯᠡᠯ︾ ᠤᠨ ᠪᠠᠭ ᠠᠳᠡ ᠬᠡᠳᠦᠨ ᠬᠤᠭ ᠨᠣᠪᠰᠢ ᠬᠤᠷᠢᠶᠠᠨ ᠠᠪᠬᠤ ᠴᠡᠭ ᠨᠡᠮᠡᠵᠦ | ᠪᠠᠶᠢᠭᠤᠯᠪᠠ᠃ | ᠨᠡᠶᠢᠭᠡᠮ ᠲᠣᠭᠤᠷᠢᠭ ᠤᠨ ᠠᠵᠢᠯ ᠤᠨ ᠡᠭᠦᠷᠭᠡ ᠬᠦᠨᠳᠦ᠂ ᠱᠤᠭᠤᠮ ᠣᠯᠠᠨ᠂ ᠤᠴᠢᠷ ᠶᠠᠪᠤᠳᠠᠯ ᠪᠤᠳᠤᠯᠢᠶᠠᠨᠲᠠᠶ | ᠪᠠᠶᠢᠵᠤ᠂ ᠣᠯᠠᠨ ᠲᠦᠮᠡᠨ ᠳᠤ ᠰᠢᠭᠤᠳ ᠬᠠᠨᠳᠤᠭᠤᠯᠤᠨ᠎ᠠ᠃ ᠰᠤᠷᠪᠤᠯᠵᠢᠯᠠᠭᠴᠢ ᠬᠤᠭ ᠨᠣᠪᠰᠢ ᠶᠢ ᠴᠡᠪᠡᠷᠯᠡᠵᠦ | ᠳᠠᠭᠤᠰᠬᠠᠮᠠᠭᠴᠠ ᠨᠡᠶᠢᠭᠡᠮ ᠲᠣᠭᠤᠷᠢᠭ ᠤᠨ ᠬᠤᠶᠠᠷ ᠺᠠᠳ᠋ᠷ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ | ᠬᠦᠷᠲᠡᠵᠦ ᠪᠠᠶᠢᠭ᠎ᠠ ᠡᠷᠦᠬᠡ ᠷᠧᠨ ᠾᠧᠩ ᠤᠨ ᠭᠡᠷ ᠲᠤ ᠬᠦᠷᠴᠦ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ | ᠬᠦᠷᠲᠡᠵᠦ ᠪᠠᠶᠢᠭ᠎ᠠ ᠡᠷᠦᠬᠡ ᠶᠢᠨ ᠭᠡᠷ ᠪᠦᠯᠢ ᠶᠢᠨ ᠪᠦᠷᠢᠯᠳᠦᠬᠦᠨ ᠵᠢᠴᠢ ᠭᠡᠷ ᠪᠦᠯᠢ ᠶᠢᠨ ᠣᠷᠣᠯᠭ᠎ᠠ ᠶᠢᠨ | ᠬᠤᠪᠢᠷᠠᠯᠲᠠ ᠶᠢᠨ ᠪᠠᠶᠢᠳᠠᠯ ᠢ ᠴᠠᠭ ᠲᠤᠬᠠᠶ ᠳᠤᠨᠢ ᠡᠵᠡᠮᠰᠢᠵᠦ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ | ᠠᠵᠢᠯ ᠤᠨ ᠬᠥᠳᠡᠯᠦᠩᠭᠦᠶ ᠬᠠᠮᠢᠶᠠᠷᠤᠯᠲᠠ ᠶᠢ ᠪᠡᠶᠡᠯᠡᠭᠦᠯᠵᠡᠶ᠃ | ᠵᠠᠮ ᠳᠡᠭᠡᠷ᠎ᠡ ᠤᠰᠤ ᠬᠤᠷᠠᠮᠳᠤᠭᠰᠠᠨ᠂ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢ ᠰᠢᠢᠳᠪᠦᠷᠢᠯᠡᠬᠦ᠂ ᠭᠡᠷ | ᠪᠠᠢᠰᠢᠩ ᠢ ᠨᠡᠶᠢᠳᠡᠮ ᠪᠠᠶᠢᠴᠠᠭᠠᠬᠤ᠂ ᠴᠡᠷᠢᠭ ᠠᠴᠠ ᠬᠠᠯᠠᠭᠳᠠᠭᠰᠠᠳ ᠤᠨ ᠢᠷᠠᠭᠤ ᠠᠯᠳᠠᠷ ᠤᠨ ᠫᠠᠶᠢᠰᠠ ᠲᠠᠷᠬᠠᠭᠠᠬᠤ᠂ | ᠬᠥᠷᠰᠢ ᠵᠡᠷᠭᠡᠯᠡᠳᠡᠭᠡ ᠶᠢᠨ ᠵᠢᠭᠤᠷᠠᠯᠳᠤᠭᠠᠨ ᠢ ᠡᠶᠡᠳᠡᠭᠦᠯᠬᠦ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ | ᠲᠤᠰᠬᠠᠶ ᠲᠡᠮᠡᠴᠡᠯ ᠤᠨ ᠤᠬᠠᠭᠤᠯᠭ᠎ᠠ᠂ ᠠᠯᠪᠠᠨ ᠵᠢᠷᠤᠮ ᠤᠨ ᠡᠮᠴᠢᠯᠡᠭᠡ᠂ ᠬᠤᠤᠷ ᠠᠷᠢᠯᠭᠠᠬᠤ ᠤᠬᠠᠭᠤᠯᠭ᠎ᠠ ᠁ | ᠬᠡᠵᠢᠶ᠎ᠡ ᠬᠠᠮᠢᠭ᠎ᠠ ᠴᠤ ᠨᠡᠶᠢᠭᠡᠮ ᠲᠣᠭᠤᠷᠢᠭ ᠤᠨ ᠠᠵᠢᠯᠲᠠᠨ ᠤ ᠶᠠᠭᠠᠷᠠᠯᠲᠠᠶ ᠪᠠᠶᠢᠳᠠᠯ ᠢ ᠣᠯᠵᠤ ᠬᠠᠷᠠᠨ᠎ᠠ᠃ | ᠳᠠᠷᠠᠭᠠᠴᠢ ᠶᠢᠨ ᠠᠯᠬᠤᠮ ᠳᠤ᠂ ᠭᠤᠸᠠᠩ ᠮᠢᠩ ᠨᠡᠶᠢᠭᠡᠮ ᠲᠣᠭᠤᠷᠢᠭ ᠦᠷᠭᠦᠯᠵᠢᠯᠡᠨ ︽ᠣᠯᠠᠨ ᠲᠦᠮᠡᠨ ᠳᠤ | ᠦᠢᠯᠡᠴᠢᠯᠡᠵᠦ᠂ ᠠᠷᠠᠳ ᠣᠯᠠᠨ ᠳᠤ ᠪᠤᠶᠠᠨ ᠦᠢᠯᠡᠳᠬᠦ︾ ᠪᠠᠷ ᠭᠠᠷᠤᠴᠠ ᠪᠣᠯᠭᠠᠵᠤ᠂ ᠨᠠᠮ ᠤᠨ ᠠᠷᠠᠳ ᠲᠤ | ᠠᠰᠢᠭ ᠬᠦᠷᠲᠡᠭᠡᠬᠦ ᠲᠥᠷᠦ ᠶᠢᠨ ᠪᠣᠳᠣᠯᠭ᠎ᠠ ᠶᠢ ᠭᠦᠨᠵᠡᠭᠡᠶ ᠲᠤᠤᠱᠯᠠᠭᠤᠯᠤᠨ ᠨᠠᠢᠳᠠᠪᠤᠷᠢᠵᠢᠭᠤᠯᠬᠤ᠂ ᠣᠷᠭᠢᠯᠤᠮ᠎ᠠ | ᠬᠠᠯᠠᠭᠤᠨ ᠰᠡᠳᠬᠢᠯᠭᠡ᠂ ᠠᠷᠠᠳ ᠤᠨ ᠲᠥᠯᠥᠭᠡ ᠯᠠᠪᠳᠠᠭᠤᠨ ᠪᠠᠲᠤᠲᠠᠶ ᠠᠵᠢᠯᠯᠠᠵᠤ᠂ ᠦᠵᠡᠰᠬᠦᠯᠡᠩᠲᠦ ᠰᠠᠶᠢᠬᠠᠨ | ᠵᠣᠯ ᠵᠢᠷᠭᠠᠯᠲᠤ ᠰᠢᠨ᠎ᠡ ᠨᠡᠶᠢᠭᠡᠮ ᠲᠣᠭᠤᠷᠢᠭ ᠢ ᠬᠦᠴᠦᠯᠡᠨ ᠪᠠᠶᠢᠭᠤᠯᠬᠤ ᠪᠠᠷ ᠢᠮᠠᠭᠳᠠ ᠴᠢᠷᠮᠠᠶᠢᠨ ᠠᠵᠢᠯᠯᠠᠵᠦ | ᠪᠠᠶᠢᠨ᠎ᠠ᠃ |