ᠲᠣᠭᠲᠠᠬᠤ ᠰᠢᠶᠠᠨ᠂ ᠡᠵᠡᠨ ᠬᠤᠷᠤᠭ᠎ᠠ ᠬᠤᠰᠢᠭᠤᠨ ᠤ ᠰᠢᠭᠦᠬᠦ ᠬᠤᠷᠢᠶ᠎ᠠ ᠬᠠᠮᠲᠤᠷᠠᠨ ᠱᠠᠩᠨᠠᠯ ᠤᠯᠭᠤᠵᠦ ᠵᠠᠭᠤᠨ ᠲᠦᠮᠡᠨ ᠬᠡᠷᠡᠭ ᠢ ᠠᠮᠵᠢᠯᠲᠠᠲᠠᠶ ᠭᠦᠢᠴᠡᠳᠭᠡᠨ ᠲᠠᠭᠤᠰᠬᠠᠬᠤ ᠬᠠᠷᠠᠯᠲᠠ ᠶᠢ ᠵᠠᠷᠯᠠᠨ ᠨᠡᠶᠢᠲᠡᠯᠡᠪᠡ
ᠨᠡᠶᠢᠲᠡᠯᠡᠭᠰᠡᠨ ᠴᠠᠭ᠄
2019-11-22
      ᠤᠶᠢᠷ᠎ᠠ ᠳᠤ᠂ ᠬᠤᠶᠠᠷ ᠤᠳᠠᠭᠠᠨ ᠤ ᠭᠦᠢᠴᠡᠳᠭᠡᠬᠦ ᠬᠡᠷᠡᠭ ᠲᠤ ᠬᠤᠯᠪᠣᠭᠳᠠᠭᠰᠠᠨ᠂ ᠭᠦᠢᠴᠡᠳᠭᠡᠬᠦ ᠬᠠᠷᠠᠯᠲᠠ ᠶᠢᠨ ᠲᠤᠭ᠎ᠠ ᠨᠢ ᠵᠠᠭᠤᠨ ᠲᠦᠮᠡᠨ ᠲᠥᠭᠦᠷᠢᠭ ᠲᠤ ᠬᠦᠷᠦᠭᠰᠡᠨ ᠭᠦᠢᠴᠡᠳᠭᠡᠭᠴᠢ ᠰᠦ᠋ ᠣᠪᠣᠭᠲᠤ ᠰᠠᠨᠠᠭᠠᠴᠢᠯᠠᠭ᠎ᠠ ᠠᠴᠠ ᠪᠠᠨ ᠲᠣᠭᠲᠠᠬᠤ ᠰᠢᠶᠠᠨ ᠤ ᠠᠷᠠᠳ ᠤᠨ ᠰᠢᠭᠦᠬᠦ ᠬᠤᠷᠢᠶ᠎ᠠ ᠲᠠᠢ ᠬᠠᠷᠢᠯᠴᠠᠵᠤ᠂ ᠲᠡᠭᠦᠨ ᠤ ᠥᠷᠢ ᠰᠢᠷᠢ ᠪᠠᠨ ᠳᠤᠷᠠᠲᠠᠶ᠎ᠠ ᠵᠣᠭᠤᠰ ᠪᠤᠴᠠᠭᠠᠬᠤ ᠪᠦᠬᠦ ᠡᠭᠦᠷᠭᠡ ᠪᠠᠨ ᠭᠦᠢᠴᠡᠳᠭᠡᠨ᠎ᠡ ᠭᠡᠵᠦ ᠢᠯᠡᠷᠬᠡᠶᠢᠯᠡᠵᠡᠶ᠃ ᠰᠡᠭᠦᠯᠡᠷ ᠨᠢ ᠳ᠋ᠦ᠋ ᠣᠪᠣᠭᠲᠤ ᠲᠣᠭᠲᠠᠬᠤ ᠰᠢᠶᠠᠨ ᠤ ᠰᠢᠭᠦᠬᠦ ᠬᠤᠷᠢᠶᠠᠨ ᠳᠤ ᠬᠦᠷᠴᠦ᠂ ᠬᠤᠶᠠᠷ ᠭᠤᠶᠤᠴᠢᠯᠠᠭᠴᠢ ᠲᠠᠢ ᠲᠤᠰ ᠲᠤᠰ ᠭᠦᠢᠴᠡᠳᠭᠡᠬᠦ ᠲᠤᠬᠠᠶ ᠡᠶᠡᠳᠡᠬᠦ ᠬᠡᠯᠡᠯᠴᠡᠭᠡᠷ ᠲᠣᠭᠲᠠᠵᠤ᠂ ᠤᠷᠢᠳ ᠢᠶᠠᠷ  ᠭᠦᠢᠴᠡᠳᠭᠡᠬᠦ ᠬᠡᠷᠡᠭ ᠤᠨ ᠵᠣᠭᠤᠰ ᠨᠡᠶᠢᠲᠡ 37 ᠲᠦᠮᠡᠨ ᠲᠥᠭᠦᠷᠢᠭ ᠪᠠᠶᠢᠵᠤ᠂ ᠦᠢᠯᠡᠳᠦᠭᠰᠡᠨ ᠬᠡᠰᠡᠭ ᠢ ᠨᠢ ᠬᠤᠵᠢᠮ ᠨᠢ ᠠᠯᠬᠤᠮ ᠠᠯᠬᠤᠮ ᠢᠶᠠᠷ ᠭᠦᠢᠴᠡᠳᠭᠡᠵᠦ ᠳᠠᠭᠤᠰᠬᠠᠬᠤ ᠪᠠᠷ ᠪᠣᠯᠵᠣᠨ ᠲᠣᠭᠲᠠᠵᠠᠶ᠃    ᠣᠶᠢᠯᠠᠭᠠᠭᠰᠠᠨ ᠢᠶᠠᠷ᠂ ᠳᠠᠭᠠᠭᠠᠨ ᠠᠪᠴᠤ ᠰᠢᠢᠳᠪᠦᠷᠢᠯᠡᠬᠦ ᠰᠢᠭᠦᠬᠦ ᠲᠤᠰᠢᠶᠠᠯᠲᠠᠨ ᠰᠦ᠋ ᠣᠪᠣᠭᠲᠤ ᠶᠢᠨ ᠬᠡᠷᠡᠭ ᠢ ᠬᠦᠯᠢᠶᠡᠨ ᠠᠪᠤᠭᠰᠠᠨ ᠤ ᠳᠠᠷᠠᠭ᠎ᠠ᠂ ᠰᠦ᠋ ᠣᠪᠣᠭᠲᠤ ᠶᠢ ᠡᠷᠢᠵᠦ ᠣᠯᠤᠭᠰᠠᠨ ᠦᠭᠡᠢ ᠪᠣᠯᠬᠤᠷ ᠭᠤᠶᠤᠴᠢᠯᠠᠭᠴᠢ ᠲᠠᠢ ᠬᠠᠷᠢᠯᠴᠠᠵᠤ ︽ᠭᠦᠢᠴᠡᠳᠬᠡᠬᠦ ᠳᠤ ᠵᠣᠪᠠᠭ᠋ᠤ ᠵᠦᠢᠯ ᠦᠭᠡᠢ︾ ᠱᠠᠩᠨᠠᠯ ᠤᠨ ᠳᠠᠭᠠᠳᠬᠠᠯ ᠬᠤᠳᠠᠯᠳᠤᠨ ᠠᠪᠴᠤ᠂ ᠰᠦᠪᠡᠭᠴᠢ ᠬᠠᠩᠭᠭᠠᠭᠴᠢ ᠳᠤ ᠱᠠᠩᠨᠠᠯ ᠤᠯᠭᠤᠬᠤ ᠬᠡᠯᠪᠡᠷᠢ ᠪᠠᠷ ᠰᠦ᠋ ᠣᠪᠣᠭᠲᠤ ᠶᠢᠨ ᠣᠷᠣᠨ ᠰᠠᠭᠤᠴᠠ ᠶᠢ ᠡᠷᠢᠵᠡᠶ᠃ ᠰᠦ᠋ ᠣᠪᠣᠭᠲᠤ ᠪᠣᠯ ᠣᠷᠳᠣᠰ ᠬᠤᠲᠠ ᠶᠢᠨ ᠡᠵᠡᠨ ᠬᠤᠷᠤᠭ᠎ᠠ ᠬᠤᠰᠢᠭᠤᠨ ᠤ ᠬᠥᠮᠦᠨ ᠪᠠᠶᠢᠵᠤ᠂ ᠨᠠᠩ ᠬᠠᠨᠳᠤᠯᠭᠠᠲᠤ ᠴᠢᠨᠠᠷᠲᠠᠶ ᠪᠠᠷ ᠱᠠᠩᠨᠠᠯ ᠣᠯᠭᠤᠬᠤ ᠮᠡᠳᠡᠭᠡ ᠵᠠᠩᠭᠢ ᠶᠢ ᠤᠯᠠᠮᠵᠢᠯᠠᠨ ᠲᠠᠷᠬᠠᠭᠠᠬᠤ ᠶᠢ ᠪᠣᠳᠣᠯᠬᠢᠯᠠᠭᠠᠳ᠂ ᠰᠢᠶᠠᠨ ᠤ ᠰᠢᠭᠦᠬᠦ ᠬᠤᠷᠢᠶᠠᠨ ᠤ ᠺᠠᠳ᠋ᠷ ᠴᠠᠭᠳᠠᠭ᠎ᠠ ᠳᠠᠷᠤᠶ ᠡᠵᠡᠨ ᠬᠤᠷᠤᠭ᠎ᠠ ᠬᠤᠰᠢᠭᠤᠨ ᠤ ᠰᠢᠭᠦᠬᠦ ᠬᠤᠷᠢᠶ᠎ᠠ ᠲᠠᠢ ᠬᠠᠷᠢᠯᠴᠠᠵᠤ᠂ ᠬᠤᠶᠠᠷ ᠰᠢᠭᠦᠬᠦ ᠬᠤᠷᠢᠶ᠎ᠠ ᠲᠠᠢ ᠬᠠᠮᠲᠤᠷᠠᠨ ᠭᠦᠢᠴᠡᠳᠭᠡᠭᠴᠢ ᠰᠦ᠋ ᠣᠪᠣᠭᠲᠤ ᠶᠢᠨ  ᠭᠦᠴᠡᠳᠭᠡᠭᠦᠯᠬᠦ ᠱᠠᠩᠨᠠᠯ ᠣᠯᠭᠤᠬᠤ ᠠᠯᠪᠠᠨ ᠵᠠᠷ ᠢ ᠨᠡᠶᠢᠲᠡᠯᠡᠬᠦ ᠶᠢ ᠬᠦᠰᠡᠪᠡ᠃      ᠡᠵᠡᠨ ᠬᠤᠷᠤᠭ᠎ᠠ ᠬᠤᠰᠢᠭᠤᠨ ᠤ ᠰᠢᠭᠦᠬᠦ ᠬᠤᠷᠢᠶ᠎ᠠ ᠲᠡᠭᠦᠨ ᠤ ᠠᠯᠪᠠᠨ ᠰᠦᠯᠵᠢᠶ᠎ᠡ᠂ ᠸᠢᠴᠠᠲ ᠤᠨ ᠣᠯᠠᠨ ᠨᠡᠶᠢᠲᠡ ᠶᠢᠨ ᠳ᠋ᠤᠭᠠᠷ ᠵᠡᠷᠭᠡ ᠵᠠᠭᠤᠴᠢᠯᠠᠭᠤᠷ ᠤᠨ ᠲᠠᠪᠴᠠᠩ ᠳᠡᠭᠡᠷ᠎ᠡ ᠱᠠᠩᠨᠠᠯ ᠵᠠᠷᠯᠠᠬᠤ ᠠᠯᠪᠠᠨ ᠵᠠᠷ ᠢ ᠵᠡᠷᠭᠡ ᠪᠠᠷ ᠨᠡᠶᠢᠲᠡᠯᠡᠵᠦ᠂ ᠣᠷᠳᠣᠰ ᠬᠤᠲᠠ ᠶᠢᠨ ᠲᠤᠬᠠᠶ ᠶᠢᠨ ᠭᠠᠵᠠᠷ ᠤᠨ ᠵᠠᠷᠢᠮ ᠬᠤᠪᠢ ᠶᠢᠨ ᠵᠠᠭᠤᠴᠢᠯᠠᠭᠤᠷ ᠤᠨ ᠲᠠᠪᠴᠠᠩ ᠴᠤ ᠱᠠᠩᠨᠠᠯ ᠵᠠᠷᠯᠠᠬᠤ ᠠᠯᠪᠠᠨ ᠵᠠᠷ ᠢ ᠢᠳᠡᠪᠬᠢᠲᠡᠢ ᠳᠠᠮᠵᠢᠭᠤᠯᠤᠨ ᠲᠠᠷᠬᠠᠭᠠᠪᠠ᠃  ᠳ᠋ᠦ᠋ ᠣᠪᠣᠭᠲᠤ ᠰᠢᠭᠦᠬᠦ ᠬᠤᠷᠢᠶᠠᠨ ᠤ ᠺᠠᠳ᠋ᠷ ᠴᠠᠭᠳᠠᠭ᠎ᠠ ᠳᠤ᠂ ᠭᠦᠢᠴᠡᠳᠭᠡᠭᠴᠢ ᠰᠦ᠋ ᠣᠪᠣᠭᠲᠤ ᠶᠢᠨ ᠮᠠᠰᠢ ᠣᠯᠠᠨ ᠲᠥᠷᠥᠯ ᠰᠠᠳᠤᠨ ᠨᠠᠶᠢᠵᠠ ᠨᠥᠬᠦᠳ ᠨᠢ ᠰᠦ᠋ ᠣᠪᠣᠭᠲᠤ ᠶᠢᠨ ᠭᠦᠢᠴᠡᠳᠭᠡᠭᠦᠯᠬᠦ ᠱᠠᠩ ᠵᠠᠷᠯᠠᠬᠤ ᠵᠠᠷ ᠢ ᠣᠯᠵᠤ ᠦᠵᠡᠭᠡᠳ ᠴᠥᠮ ᠲᠡᠭᠦᠨ ᠠᠴᠠ ᠶᠠᠮᠠᠷ ᠤᠴᠢᠷ ᠪᠣᠯᠤᠭᠰᠠᠨ ᠢ ᠯᠠᠪᠯᠠᠨ ᠠᠰᠠᠭᠤᠬᠤ ᠳᠤ ᠲᠡᠷᠡ ᠲᠤᠩ ᠨᠢᠭᠤᠷ ᠦᠭᠡᠢ ᠰᠠᠨᠠᠭᠳᠠᠵᠤ᠂ ᠰᠢᠭᠦᠨ ᠲᠠᠰᠤᠯᠬᠤ ᠡᠭᠦᠷᠭᠡ ᠪᠠᠨ ᠳᠠᠷᠤᠶ ᠲᠦᠷᠭᠡᠨ ᠭᠦᠢᠴᠡᠳᠭᠡᠬᠦ ᠰᠠᠨᠠᠭ᠎ᠠ ᠲᠠᠢ ᠪᠠᠶᠢᠭᠰᠠᠨ ᠴᠦ ᠭᠠᠷ ᠲᠤᠨᠢ ᠦᠨᠡᠬᠡᠷ ᠵᠣᠭᠤᠰ ᠪᠠᠶᠢᠬᠤ ᠦᠭᠡᠢ ᠤᠴᠢᠷ ᠠᠴᠠ ᠲᠡᠷᠡ ᠳᠠᠷᠤᠶ ᠳ᠋ᠦ᠋ ᠣᠪᠣᠭᠲᠤ ᠳᠤ ᠨᠠᠶᠢᠳᠠᠵᠤ ᠬᠡᠷᠡᠭ ᠤᠨ ᠵᠣᠭᠤᠰ ᠢ ᠨᠢ  ᠭᠦᠴᠡᠳᠭᠡᠭᠦᠯᠪᠡ᠃      ᠠᠷᠠᠳ ᠤᠨ ᠰᠢᠭᠦᠬᠦ ᠬᠤᠷᠢᠶ᠎ᠠ ᠱᠠᠩᠨᠠᠯ ᠵᠠᠷᠯᠠᠬᠤ ᠠᠯᠪᠠᠨ ᠵᠠᠷ ᠨᠡᠶᠢᠲᠡᠯᠡᠬᠦ ᠳᠡᠭᠡᠨ᠂ ᠵᠠᠷᠢᠮ ᠳᠠᠭᠠᠨ ᠨᠡᠶᠢᠲᠡᠯᠡᠭᠰᠡᠨ  ᠭᠦᠴᠡᠳᠭᠡᠭᠳᠡᠭᠴᠢ ᠨᠢ ᠭᠠᠳᠠᠷ ᠣᠷᠣᠨ ᠤ ᠡᠷᠦᠬᠡ ᠠᠮᠠ ᠶᠢᠨ ᠳᠠᠩᠰᠠ ᠪᠠᠶᠢᠪᠠᠯ᠂ ᠦᠷᠭᠦᠯᠵᠢ ︽ᠬᠠᠷᠢᠶ᠎ᠠ ᠣᠷᠣᠨ ᠤ ᠣᠯᠠᠨ ᠲᠦᠮᠡᠨ  ᠭᠦᠢᠴᠡᠳᠭᠡᠭᠳᠡᠭᠴᠢ ᠶᠢᠨ ᠡᠷᠦᠬᠡ ᠠᠮᠠ ᠶᠢᠨ ᠳᠠᠩᠰᠠ ᠪᠠᠶᠢᠭ᠎ᠠ ᠭᠠᠵᠠᠷ ᠤᠨ ᠣᠯᠠᠨ ᠲᠦᠮᠡᠨ ᠠᠯᠪᠠᠨ ᠵᠠᠷ ᠢ ᠣᠯᠵᠤ ᠦᠵᠡᠬᠦ ᠦᠭᠡᠢ︾ ᠪᠠᠶᠢᠳᠠᠯ ᠭᠠᠷᠳᠠᠭ᠃ ᠲᠣᠰ ᠤᠳᠠᠭ᠎ᠠ ᠲᠤᠭᠳᠠᠬᠤ ᠰᠢᠶᠠᠨ ᠤ ᠰᠢᠭᠦᠬᠦ ᠬᠤᠷᠢᠶ᠎ᠠ ᠪᠠ ᠡᠵᠡᠨ ᠬᠤᠷᠤᠭ᠎ᠠ ᠬᠤᠰᠢᠭᠤᠨ ᠤ ᠰᠢᠭᠦᠬᠦ ᠬᠤᠷᠢᠶ᠎ᠠ ︽ᠬᠠᠮᠲᠤᠷᠠᠨ ᠭᠦᠢᠴᠡᠳᠭᠡᠬᠦ ᠱᠠᠩᠨᠠᠯ ᠣᠯᠭᠤᠬᠤ ᠠᠯᠪᠠᠨ ᠵᠠᠷ︾ ᠢ ᠨᠡᠶᠢᠲᠡᠯᠡᠬᠦ ᠠᠷᠭ᠎ᠠ ᠬᠡᠯᠪᠡᠷᠢ ᠶᠢ ᠰᠢᠨᠡᠴᠢᠯᠡᠵᠦ᠂ ᠬᠤᠶᠠᠷ ᠰᠢᠭᠦᠬᠦ ᠬᠤᠷᠢᠶᠠᠨ ᠤ ᠠᠯᠪᠠᠨ ᠰᠦᠯᠵᠢᠶ᠎ᠡ ᠪᠠ ᠸᠢᠴᠠᠲ ᠤᠨ ᠣᠯᠠᠨ ᠨᠡᠶᠢᠲᠡ ᠶᠢᠨ ᠳ᠋ᠤᠭᠠᠷ ᠳᠡᠭᠡᠷ᠎ᠡ  ᠭᠦᠴᠡᠳᠭᠡᠭᠳᠡᠭᠴᠢ ᠶᠢᠨ ᠮᠡᠳᠡᠭᠡ ᠵᠠᠩᠭᠢ ᠶᠢ ᠬᠠᠮᠲᠤᠷᠠᠨ ᠨᠡᠶᠢᠲᠡᠯᠡᠵᠦ᠂ ᠣᠯᠠᠨ ᠲᠦᠮᠡᠨ ᠢ ᠳᠠᠶᠢᠴᠢᠯᠠᠨ ᠵᠣᠷᠢᠭᠵᠢᠭᠤᠯᠵᠤ ᠪᠠᠶᠢᠭᠠᠳ ᠭᠦᠴᠡᠳᠭᠡᠭᠳᠡᠭᠴᠢ ᠶᠢᠨ ᠣᠷᠣ ᠮᠥᠷ ᠵᠢᠴᠢ ᠡᠳ᠋ ᠬᠥᠷᠥᠩᠭᠡ ᠶᠢᠨ ᠰᠦᠪᠡᠭᠴᠢ᠂ ᠲᠡᠳᠡᠨ ᠤ ᠰᠠᠨᠠᠭᠠᠴᠢᠯᠠᠭ᠎ᠠ ᠠᠴᠠ ᠪᠠᠨ ᠡᠭᠦᠷᠭᠡ ᠪᠠᠨ  ᠭᠦᠢᠴᠡᠳᠭᠡᠬᠦ ᠦᠷ᠎ᠡ ᠪᠦᠲᠦᠮᠵᠢ ᠶᠢ ᠪᠦᠲᠦᠮᠵᠢᠲᠡᠶ ᠳᠡᠭᠡᠭᠰᠢᠯᠡᠭᠦᠯᠪᠡ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1