ᠤᠯᠠᠭᠠᠨᠮᠥ᠋ᠴᠢᠷ ᠤᠨ ᠵᠣᠷᠢᠭ ᠰᠠᠨᠠᠭ᠎ᠠ ᠶᠢ ᠪᠠᠳᠠᠷᠠᠭᠤᠯᠬᠤ ᠤᠨᠤᠯ ᠤᠨ ᠰᠤᠳᠤᠯᠤᠨ ᠶᠠᠷᠢᠯᠴᠠᠬᠤ ᠬᠤᠷᠠᠯ ᠬᠥᠬᠡᠬᠤᠲᠠ ᠳᠤ ᠬᠤᠷᠠᠯᠳᠤᠵᠠᠢ ᠪᠦ᠋ ᠰᠢᠶᠣᠤ ᠯᠢᠨ ᠬᠤᠷᠠᠯ ᠳᠤ ᠣᠷᠣᠯᠴᠠᠪᠠ
ᠨᠡᠶᠢᠲᠡᠯᠡᠭᠰᠡᠨ ᠴᠠᠭ᠄
2019-11-25
      ᠶᠡᠷᠦᠩᠬᠡᠶ ᠱᠦᠵᠢ ᠰᠢ ᠶᠢᠨ ᠫᠢᠩ ᠰᠥᠨᠢᠳ ᠪᠠᠷᠠᠭᠤᠨ ᠬᠤᠰᠢᠭᠤᠨ ᠤ ᠤᠯᠠᠭᠠᠨᠮᠥ᠋ᠴᠢᠷ ᠤᠨ ᠭᠡᠰᠢᠭᠦᠳ ᠲᠤ ᠬᠠᠷᠢᠭᠤ ᠵᠠᠬᠢᠳᠠᠯ ᠢᠯᠡᠭᠡᠭᠰᠡᠨ ᠬᠤᠶᠠᠷ ᠵᠢᠯ ᠤᠨ ᠣᠢ ᠶᠢᠨ ᠲᠠᠰᠢᠷᠠᠮ ᠳᠤ᠂ 11 ᠰᠠᠷ᠎ᠠ ᠶᠢᠨ 21 ᠤ ᠡᠳᠦᠷ᠂ ᠳᠤᠮᠳᠠᠳᠤ ᠤᠯᠤᠰ ᠤᠨ ᠨᠡᠶᠢᠬᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠬᠠᠮᠲᠤᠷᠠᠨ ᠡᠷᠬᠢᠯᠡᠭᠰᠡᠨ ᠤᠯᠠᠭᠠᠨᠮᠥ᠋ᠴᠢᠷ ᠤᠨ ᠵᠣᠷᠢᠭ ᠰᠠᠨᠠᠭ᠎ᠠ ᠶᠢ ᠪᠠᠳᠠᠷᠠᠭᠤᠯᠬᠤ ᠤᠨᠤᠯ ᠤᠨ ᠰᠤᠳᠤᠯᠤᠨ ᠶᠠᠷᠢᠯᠴᠠᠬᠤ ᠬᠤᠷᠠᠯ ᠬᠥᠬᠡᠬᠤᠲᠠ ᠳᠤ ᠬᠤᠷᠠᠯᠳᠤᠪᠠ᠃       ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠦ᠋ ᠰᠢᠶᠣᠤ ᠯᠢᠨ᠂ ᠳᠤᠮᠳᠠᠳᠤ ᠤᠯᠤᠰ ᠤᠨ ᠨᠡᠶᠢᠬᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠨᠠᠷᠢᠨ ᠪᠢᠴᠢᠭ ᠤᠨ ᠳᠠᠷᠤᠭ᠎ᠠ᠂ ᠨᠠᠮ ᠤᠨ ᠤᠳᠤᠷᠢᠳᠬᠤ ᠳᠤᠭᠤᠢᠢᠯᠠᠩ ᠤᠨ ᠪᠦᠷᠢᠯᠳᠦᠬᠦᠨ ᠵᠤᠤ ᠴᠢ ᠰᠤᠳᠤᠯᠤᠨ ᠶᠠᠷᠢᠯᠴᠠᠬᠤ ᠬᠤᠷᠠᠯ ᠳᠤ ᠣᠷᠣᠯᠴᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠪᠠᠶ ᠢᠦᠶ ᠭᠠᠩ᠂ ᠳᠤᠮᠳᠠᠳᠤ ᠤᠯᠤᠰ ᠤᠨ ᠨᠡᠶᠢᠬᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠡᠷᠳᠡᠮ ᠰᠢᠨᠵᠢᠯᠡᠭᠡᠨ ᠤ ᠬᠡᠯᠲᠡᠰ ᠤᠨ ᠭᠡᠰᠢᠭᠦᠨ ᠬᠤᠤ ᠱᠢ ᠶᠤᠸᠠᠨ᠂ ᠳᠤᠮᠳᠠᠳᠤ ᠤᠯᠤᠰ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠰᠤᠳᠤᠯᠭᠠᠨ ᠤ ᠲᠥᠪ ᠤᠨ ᠡᠷᠬᠢᠯᠡᠭᠴᠢ ᠵᠠᠩ ᠢ ᠵᠡᠷᠭᠡ ᠤᠳᠤᠷᠢᠳᠤᠯᠭ᠎ᠠ ᠪᠣᠯᠤᠨ ᠲᠤᠰᠬᠠᠶ ᠮᠡᠷᠭᠡᠵᠢᠯᠲᠡᠨ ᠶᠡᠭᠡ ᠬᠤᠷᠠᠯ ᠲᠡᠭᠡᠷ᠎ᠡ ᠭᠤᠤᠯ ᠵᠣᠷᠢᠯᠲᠠᠳᠤ ᠶᠠᠷᠢᠶ᠎ᠠ ᠢᠯᠡᠳᠬᠡᠯ ᠬᠢᠪᠡ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠵᠧᠩ ᠬᠤᠩ ᠹᠠᠨ ᠰᠤᠳᠤᠯᠤᠨ ᠶᠠᠷᠢᠯᠴᠠᠬᠤ ᠬᠤᠷᠠᠯ ᠢ ᠡᠷᠬᠢᠯᠡᠵᠡᠢ᠃      ᠬᠤᠷᠠᠯ ᠳᠤ ᠣᠷᠣᠯᠴᠠᠭᠰᠠᠨ ᠲᠤᠰᠬᠠᠶ ᠮᠡᠷᠭᠡᠵᠢᠯᠲᠡᠨ ᠡᠷᠳᠡᠮᠲᠡᠳ ᠤᠯᠠᠭᠠᠨᠮᠥ᠋ᠴᠢᠷ ᠤᠨ ᠵᠣᠷᠢᠭ ᠰᠠᠨᠠᠭ᠎ᠠ ᠶᠢᠨ ︽ᠤᠭ ᠰᠠᠨᠠᠭ᠎ᠠ ᠪᠠᠨ ᠦᠯᠦ ᠮᠠᠷᠲᠠᠵᠤ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠪᠣᠯᠤᠨ ᠳᠦᠷᠢᠮᠵᠢᠭᠰᠡᠨ ᠪᠠᠶᠢᠭᠤᠯᠤᠯᠲᠠ ᠳᠠᠬᠢ ᠠᠴᠢ ᠬᠤᠯᠪᠣᠭᠳᠠᠯ ᠪᠠ ᠦᠢᠯᠡᠳᠦᠯ᠂ ᠳᠤᠮᠳᠠᠳᠤ ᠤᠯᠤᠰ ᠤᠨ ᠣᠨᠴᠠᠯᠢᠭ ᠲᠠᠢ ᠰᠠᠶᠢᠨ ᠳᠤᠷ᠎ᠠ ᠶᠢᠨ ᠦᠢᠯᠡᠴᠢᠯᠡᠭᠡ ᠶᠢ ᠥᠷᠭᠡᠨ ᠢᠶᠠᠷ ᠥᠷᠨᠢᠭᠦᠯᠬᠦ ᠶᠠᠪᠤᠴᠠ ᠳᠠᠬᠢ ᠠᠴᠢ ᠬᠤᠯᠪᠣᠭᠳᠠᠯ ᠪᠠ ᠦᠢᠯᠡᠳᠦᠯ᠂ ᠨᠡᠶᠢᠭᠡᠮ ᠵᠢᠷᠤᠮ ᠤᠨ ᠭᠤᠤᠯᠯᠠᠭᠴᠢ ᠥᠷᠲᠡᠭ ᠤᠨ ᠦᠵᠡᠯᠲᠡ ᠶᠢ ᠪᠤᠶᠢᠵᠢᠭᠤᠯᠤᠨ ᠦᠢᠯᠡᠳᠦᠯᠭᠡᠵᠢᠭᠦᠯᠬᠦ᠂ ᠥᠭᠡᠳᠡᠷᠬᠡᠭ ᠴᠠᠶᠢᠯᠭᠠᠨ ᠨᠡᠶᠢᠭᠡᠮ ᠤᠨ ᠰᠢᠨ᠎ᠡ ᠰᠤᠷᠲᠠᠯ ᠢ ᠨᠠᠩ ᠰᠠᠶᠢᠲᠤᠷ ᠪᠦᠷᠢᠯᠳᠦᠭᠦᠯᠬᠦ ᠳᠤ ᠦᠵᠡᠬᠦᠯᠬᠦ ᠠᠴᠢ ᠬᠤᠯᠪᠣᠭᠳᠠᠯ ᠪᠠ ᠦᠢᠯᠡᠳᠦᠯ ᠢ ᠬᠠᠮᠳᠤ ᠪᠠᠷ ᠰᠤᠳᠤᠯᠤᠨ ᠶᠠᠷᠢᠯᠴᠠᠪᠠ᠃ ᠣᠯᠠᠨ ᠢᠶᠠᠷ ᠢᠶᠠᠨ᠂ ᠤᠯᠠᠭᠠᠨᠮᠥ᠋ᠴᠢᠷ ᠤᠨ ᠬᠢᠨ 60 ᠭᠠᠷᠤᠶ ᠵᠢᠯ ᠤᠨ ᠳᠤᠷᠰᠢ ᠦᠨᠳᠦᠰᠦᠨ ᠱᠠᠲᠤᠨ ᠤ ᠣᠯᠠᠨ ᠲᠦᠮᠡᠨ ᠳᠤ ᠦᠢᠯᠡᠴᠢᠯᠡᠬᠦ ᠲᠠᠰᠤᠷᠠᠯᠲᠠ ᠥᠬᠡᠶ ᠦᠢᠯᠡᠳᠦᠯᠭᠡ ᠶᠢᠨ ᠳᠤᠮᠳᠠ ᠪᠠᠨ ᠥᠪᠡᠷᠮᠢᠴᠡ ᠣᠨᠴᠠᠯᠢᠭ ᠲᠠᠢ ᠮᠥᠷᠲᠡᠭᠡᠨ ᠮᠠᠰᠢ ᠠᠮᠠᠷᠬᠠᠨ ᠰᠤᠷᠤᠯᠴᠠᠨ ᠳᠡᠯᠭᠡᠷᠡᠭᠦᠯᠬᠦ ᠪᠠ ᠥᠷᠭᠡᠨ ᠢᠶᠠᠷ ᠦᠢᠯᠡᠳᠦᠯᠭᠡᠵᠢᠭᠦᠯᠵᠦ ᠴᠢᠳᠠᠬᠤ ᠤᠯᠠᠭᠠᠨᠮᠥ᠋ᠴᠢᠷ ᠤᠨ ᠵᠣᠷᠢᠭ ᠰᠠᠨᠠᠭ᠎ᠠ ᠶᠢ ᠠᠯᠬᠤᠮ ᠠᠯᠬᠤᠮ ᠢᠶᠠᠷ ᠪᠦᠷᠢᠯᠳᠦᠭᠦᠯᠵᠡᠶ᠃      ᠤᠯᠠᠭᠠᠨᠮᠥ᠋ᠴᠢᠷ ᠤᠨ ᠵᠣᠷᠢᠭ ᠰᠠᠨᠠᠭᠠᠨ ᠤ ᠭᠤᠤᠯ ᠠᠭᠤᠯᠤᠭᠳᠠᠬᠤᠨ ᠪᠠ ᠣᠶᠤᠨ ᠰᠠᠨᠠᠭᠠᠨ ᠤ ᠮᠦᠨ ᠴᠢᠨᠠᠷ ᠪᠣᠯ ᠨᠠᠮ ᠤᠨ ᠤᠳᠤᠷᠢᠳᠤᠯᠭ᠎ᠠ ᠶᠢᠨ ᠢᠯᠠ ᠲᠣᠳᠣ ᠬᠥᠭᠵᠢᠯᠲᠡ ᠶᠢᠨ ᠲᠤᠭ ᠢ ᠢᠮᠠᠭᠲᠠ ᠥᠨᠳᠥᠷ ᠮᠠᠨᠳᠤᠭᠤᠯᠵᠤ᠂ ᠣᠯᠠᠨ ᠲᠦᠮᠡᠨ ᠳᠤ ᠰᠢᠭᠤᠳ ᠦᠢᠯᠡᠴᠢᠯᠡᠬᠦ᠂ ᠦᠨᠳᠦᠰᠦᠨ ᠱᠠᠲᠤᠨ ᠳᠤ ᠦᠢᠯᠡᠴᠢᠯᠡᠬᠦ ᠢᠯᠠ ᠲᠣᠳᠣ ᠠᠵᠢᠯ ᠤᠨ ᠣᠨᠴᠠᠯᠢᠭ ᠢ ᠢᠮᠠᠭᠲᠠ ᠪᠠᠷᠢᠮᠲᠠᠯᠠᠵᠤ᠂ ᠲᠣᠭᠯᠠᠯᠲᠠ ᠭᠠᠷᠭᠠᠬᠤ᠂ ᠤᠬᠠᠭᠤᠯᠬᠤ᠂ ᠬᠠᠪᠰᠤᠷᠤᠨ ᠵᠢᠯᠣᠭᠤᠳᠬᠤ᠂ ᠦᠢᠯᠡᠴᠢᠯᠡᠬᠦ ᠡᠭᠦᠷᠭᠡ ᠬᠠᠷᠢᠭᠤᠴᠠᠯᠭ᠎ᠠ ᠪᠠᠨ ᠲᠥᠷᠥᠯ ᠵᠦᠢᠯᠵᠢᠭᠦᠯᠬᠦ ᠰᠢᠰᠲ᠋ᠧᠮᠵᠢᠭᠦᠯᠬᠦ ᠵᠤᠬᠢᠶᠠᠨ ᠪᠠᠶᠢᠭᠤᠯᠤᠯᠵᠢᠭᠤᠯᠬᠤ ᠢᠯᠠ ᠲᠣᠳᠣ ᠠᠵᠢᠯ ᠤᠨ ᠠᠷᠭ᠎ᠠ ᠶᠢ ᠢᠮᠠᠭᠲᠠ ᠪᠠᠷᠢᠮᠲᠠᠯᠠᠵᠤ᠂ ᠨᠡᠶᠢᠭᠡᠮ ᠵᠢᠷᠤᠮ ᠤᠨ ᠭᠤᠤᠯᠯᠠᠭᠴᠢ ᠥᠷᠲᠡᠭ ᠤᠨ ᠦᠵᠡᠯᠲᠡ ᠪᠠᠷ ᠣᠯᠠᠨ ᠲᠦᠮᠡᠨ ᠢ ᠬᠥᠲᠥᠯᠥᠨ ᠳᠠᠭᠠᠭᠤᠯᠬᠤ ᠢᠯᠠ ᠲᠣᠳᠣ ᠠᠵᠢᠯ ᠤᠨ ᠤᠳᠤᠷᠢᠳᠤᠮᠵᠢ ᠶᠢ ᠢᠮᠠᠭᠲᠠ ᠪᠠᠷᠢᠮᠲᠠᠯᠠᠵᠤ᠂ ᠪᠦᠯᠬᠦᠮᠳᠡᠨ ᠬᠠᠪᠰᠤᠷᠤᠯᠴᠠᠬᠤ ᠪᠠ ᠬᠠᠮᠳᠤ ᠪᠠᠷ ᠪᠠᠶᠢᠭᠤᠯᠬᠤ ᠨᠡᠶᠢᠭᠡᠮ ᠵᠢᠷᠤᠮ ᠪᠠ ᠬᠠᠮᠳᠤᠴᠢ ᠦᠵᠡᠯ ᠤᠨ ᠢᠯᠠ ᠲᠣᠳᠣ ᠠᠵᠢᠯ ᠤᠨ ᠵᠠᠷᠴᠢᠮ ᠢ ᠢᠮᠠᠭᠲᠠ ᠪᠠᠷᠢᠮᠲᠠᠯᠠᠵᠤ᠂ ᠤᠬᠠᠮᠰᠠᠷ ᠠᠴᠠ ᠪᠠᠨ ᠪᠠᠶᠠᠷ ᠬᠥᠷ ᠲᠠᠢ ᠪᠠᠷ ᠠᠷᠠᠳ ᠲᠦᠮᠡᠨ ᠳᠤ ᠦᠢᠯᠡᠴᠢᠯᠡᠬᠦ ᠡᠪ ᠬᠠᠮᠲᠤ ᠶᠣᠰᠣᠨ ᠤ ᠬᠥᠳᠡᠯᠮᠦᠷᠢ ᠶᠢᠨ ᠢᠯᠠ ᠲᠣᠳᠣ ᠥᠷᠲᠡᠭ ᠤᠨ ᠬᠠᠨᠳᠤᠰᠢ ᠶᠢ ᠢᠮᠠᠭᠲᠠ ᠪᠠᠷᠢᠮᠲᠠᠯᠠᠬᠰᠠᠨ ᠶᠠᠪᠤᠳᠠᠯ ᠪᠣᠯᠤᠨ᠎ᠠ᠃ ᠨᠠᠮ ᠤᠨ ᠤᠳᠤᠷᠢᠳᠤᠯᠭ᠎ᠠ ᠳᠣᠤᠷ᠎ᠠ ᠪᠣᠶ ᠪᠣᠯᠵᠥ ᠬᠦᠮᠦᠵᠢᠭᠰᠡᠨ ᠤᠯᠠᠭᠠᠨᠮᠥ᠋ᠴᠢᠷ ᠤᠨ ᠵᠣᠷᠢᠭ ᠰᠠᠨᠠᠭ᠎ᠠ ᠪᠣᠯ ᠳᠤᠮᠳᠠᠳᠤ ᠤᠯᠤᠰ ᠤᠨ ᠣᠨᠴᠠᠯᠢᠭ ᠲᠠᠢ ᠰᠠᠶᠢᠨ ᠳᠤᠷ᠎ᠠ ᠶᠢᠨ ᠦᠢᠯᠡᠴᠢᠯᠡᠭᠡᠨ ᠤ ᠣᠶᠤᠨ ᠰᠠᠨᠠᠭᠠᠨ ᠤ ᠮᠦᠨ ᠴᠢᠨᠠᠷ ᠮᠥᠨ᠂ ᠨᠡᠶᠢᠭᠡᠮ ᠤᠨ ᠡᠯ᠎ᠡ ᠲᠠᠯ᠎ᠠ ᠶᠢᠨ ᠬᠦᠴᠦᠨ ᠢ ᠳᠠᠶᠢᠴᠢᠯᠠᠨ ᠨᠢᠭᠲᠠᠷᠠᠭᠤᠯᠵᠤ ᠦᠨᠳᠦᠰᠦᠨ ᠱᠠᠲᠤᠨ ᠤ ᠣᠯᠠᠨ ᠲᠦᠮᠡᠨ ᠳᠤ ᠰᠢᠭᠤᠳ ᠦᠢᠯᠡᠴᠢᠯᠡᠬᠦ ᠲᠤᠭ ᠲᠡᠮᠳᠡᠭ ᠤᠨ ᠬᠦᠳᠦᠯᠦᠨ ᠳᠠᠭᠠᠭᠤᠯᠭ᠎ᠠ ᠮᠥᠨ᠂ ᠥᠪᠥᠷ ᠮᠣᠩᠭᠤᠯ ᠤᠨ ᠡᠬᠡ ᠭᠠᠵᠠᠷ ᠪᠣᠯᠤᠨ ᠲᠠᠯ᠎ᠠ ᠨᠤᠲᠤᠭ ᠤᠨ ᠬᠥᠪᠡᠭᠦᠳ ᠥᠬᠢᠳ ᠤᠨ ᠰᠡᠳᠬᠢᠯ ᠳᠤ ᠬᠡᠵᠢᠶᠡᠳᠡ ᠴᠠᠭ ᠦᠶ᠎ᠡ ᠠᠴᠠ ᠬᠤᠴᠣᠷᠬᠤ ᠥᠬᠡᠶ ᠶᠤᠮ ᠬᠡᠵᠥ ᠦᠵᠡᠵᠡᠬᠡᠪᠡ᠃      ᠲᠥᠪ ᠤᠨ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠭᠡᠷ ᠤᠨ ᠬᠠᠮᠢᠶ᠎ᠠ ᠪᠦᠬᠦᠢ ᠤᠳᠤᠷᠢᠳᠤᠯᠭ᠎ᠠ ᠂ ᠬᠡᠰᠡᠭ ᠶᠡᠭᠡ ᠳᠡᠭᠡᠳᠤ ᠰᠤᠷᠭᠠᠭᠤᠯᠢ ᠪᠣᠯᠤᠨ ᠰᠤᠳᠤᠯᠭᠠᠨ ᠤ ᠨᠢᠭᠡᠴᠢ ᠶᠢᠨ ᠲᠤᠰᠬᠠᠶ ᠮᠡᠷᠭᠡᠵᠢᠯᠲᠡᠨ ᠡᠷᠳᠡᠮᠲᠡᠨ᠂ ᠤᠯᠠᠭᠠᠨᠮᠥ᠋ᠴᠢᠷ ᠤᠨ ᠭᠡᠰᠢᠭᠦᠳ ᠤᠨ ᠲᠥᠯᠥᠭᠡᠯᠡᠭᠴᠢ ᠰᠤᠳᠤᠯᠤᠨ ᠶᠠᠷᠢᠯᠴᠠᠬᠤ ᠬᠤᠷᠠᠯ ᠳᠤ ᠣᠷᠣᠯᠴᠠᠵᠠᠢ᠃
 
ᠢᠷᠡᠯᠲᠡ᠄ ᠦᠪᠤᠷ ᠮᠤᠩᠭᠤᠯ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1