ᠲᠤᠮᠲᠠᠲᠤ ᠮᠤᠩᠭᠤᠯ ᠬᠤᠶᠠᠷ ᠤᠯᠤᠰ ᠤᠨ ᠲᠠᠮᠵᠢᠭᠤᠯᠭ᠎ᠠ ᠶᠢᠨ ᠰᠤᠲᠤᠯᠭᠠᠨ ᠪᠠ ᠰᠤᠨᠢᠨ ᠮᠡᠲᠡᠭᠡᠯᠡᠯ ᠤᠨ ᠰᠤᠷᠭᠠᠨ ᠬᠦᠮᠦᠵᠢᠯ ᠤᠨ ᠰᠤᠲᠤᠯᠭᠠᠨ ᠤ ᠤᠯᠠᠨ ᠤᠯᠤᠰ ᠤᠨ ᠰᠤᠲᠤᠯᠤᠨ ᠶᠠᠷᠢᠯᠴᠠᠬᠤ ᠬᠤᠷᠠᠯ ᠬᠦᠬᠡᠬᠤᠲᠠ ᠳᠤ ᠪᠤᠯᠪᠠ
ᠨᠡᠶᠢᠲᠡᠯᠡᠭᠰᠡᠨ ᠴᠠᠭ᠄
2019-11-25
      ᠰᠢᠨᠬᠤᠧᠠ ᠮᠤᠩᠭᠤᠯ ᠨᠧᠲ ᠬᠦᠬᠡᠬᠤᠲᠠ ᠶᠢᠨ 11 ᠰᠠᠷ᠎ᠠ ᠶᠢᠨ 24 ᠤ ᠡᠲᠦᠷ ᠤᠨ ᠴᠠᠬᠢᠯᠭᠠᠨ ᠮᠡᠲᠡᠭᠡ ︵ᠬ᠊ • ᠦᠵᠡᠰᠭᠦᠯᠡᠩ᠂ ᠲᠠᠲᠤᠯᠭ᠎ᠠ ᠶᠢᠨ ᠰᠤᠷᠤᠭᠴᠢ ᠬᠦᠰᠡᠯ᠂ ᠰᠤᠪᠤᠳ︶ ᠦᠪᠦᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ ᠠᠴᠠ ᠰᠠᠨᠠᠭᠠᠴᠢᠯᠠᠵᠤ᠂ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠬᠦᠭᠵᠢᠯᠲᠠ ᠶᠢ ᠰᠤᠲᠤᠯᠬᠤ ᠭᠠᠵᠠᠷ᠂ ᠮᠤᠩᠭᠤᠯ ᠤᠯᠤᠰ ᠤᠨ ᠰᠤᠶᠤᠯ ᠤᠷᠠᠯᠢᠭ ᠤᠨ ᠶᠡᠭᠡ ᠰᠤᠷᠭᠠᠭᠤᠯᠢ ᠶᠢᠨ ᠷᠠᠳᠢᠤ᠋ ᠲᠧᠯᠧᠶ᠋ᠰ ᠮᠧᠳᠢᠶᠠ ᠤᠷᠠᠯᠢᠭ ᠤᠨ ᠲᠡᠭᠡᠳᠦ ᠰᠤᠷᠭᠠᠭᠤᠯᠢ ᠠᠴᠠ ᠬᠠᠮᠵᠢᠵᠦ ᠦᠪᠦᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠰᠤᠨᠢᠨ ᠮᠡᠲᠡᠭᠡᠯᠡᠯ ᠤᠨ ᠲᠡᠭᠡᠳᠦ ᠰᠤᠷᠭᠠᠭᠤᠯᠢ ᠠᠴᠠ ᠲᠠᠭᠠᠭᠠᠴᠢᠯᠠᠨ ᠵᠤᠬᠢᠶᠠᠨ ᠪᠠᠢᠭᠤᠯᠤᠭᠰᠠᠨ ᠲᠤᠮᠲᠠᠲᠤ ᠮᠤᠩᠭᠤᠯ ᠬᠤᠶᠠᠷ ᠤᠯᠤᠰ ᠤᠨ ᠲᠠᠮᠵᠢᠭᠤᠯᠭ᠎ᠠ ᠶᠢᠨ ᠰᠤᠲᠤᠯᠭᠠᠨ ᠪᠠ ᠰᠤᠨᠢᠨ ᠮᠡᠲᠡᠭᠡᠯᠡᠯ ᠤᠨ ᠰᠤᠷᠭᠠᠨ ᠬᠦᠮᠦᠵᠢᠯ ᠤᠨ ᠰᠤᠲᠤᠯᠭᠠᠨ ᠤ ᠤᠯᠠᠨ ᠤᠯᠤᠰ ᠤᠨ ᠰᠤᠲᠤᠯᠤᠨ ᠶᠠᠷᠢᠯᠴᠠᠬᠤ ᠬᠤᠷᠠᠯ 11 ᠰᠠᠷ᠎ᠠ ᠶᠢᠨ 23 ᠤ ᠡᠲᠦᠷ ᠬᠦᠬᠡᠬᠤᠲᠠ ᠳᠤ ᠪᠤᠯᠪᠠ᠃      ᠦᠪᠦᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠨᠠᠮ ᠤᠨ ᠬᠤᠷᠢᠶᠠᠨ ᠤ ᠲᠡᠳ᠋ ᠱᠦᠵᠢ᠂ ᠰᠠᠬᠢᠯᠭ᠎ᠠ ᠪᠠᠲᠤ ᠪᠠᠢᠴᠠᠭᠠᠬᠤ ᠬᠤᠷᠢᠶᠠᠨ ᠤ ᠱᠦᠵᠢ ᠭᠤᠤ ᠶᠦᠨ ᠹᠧᠩ ᠨᠡᠬᠡᠬᠡᠯᠲᠡ ᠶᠢᠨ ᠶᠤᠰᠤᠯᠠᠯ ᠤᠨ ᠦᠶ᠎ᠠ ᠪᠠᠷ ᠬᠡᠯᠡᠬᠦ ᠳᠡᠭᠡᠨ᠂ 2019 ᠤᠨ ᠪᠤᠯ ᠲᠤᠮᠲᠠᠲᠤ ᠮᠤᠩᠭᠤᠯ ᠤᠨ ᠭᠠᠲᠠᠭᠠᠲᠤ ᠬᠠᠷᠢᠯᠴᠠᠭ᠎ᠠ ᠪᠠᠢᠭᠤᠯᠤᠭᠰᠠᠨ 70 ᠵᠢᠯ ᠤᠨ ᠤᠢ᠂ ᠮᠦᠨ ᠴᠤ ᠲᠤᠮᠲᠠᠲᠤ ᠮᠤᠩᠭᠤᠯ ᠤᠨ ᠪᠦᠬᠦ ᠲᠠᠯ᠎ᠠ ᠶᠢᠨ ᠪᠠᠢᠯᠲᠤᠬᠤ ᠪᠤᠲᠤᠯᠭ᠎ᠠ ᠶᠢᠨ ᠲᠦᠩᠰᠢᠯᠡᠯ ᠤᠨ ᠬᠠᠷᠢᠯᠴᠠᠭ᠎ᠠ ᠪᠠᠢᠭᠤᠯᠤᠭᠰᠠᠨ 5 ᠵᠢᠯ ᠤᠨ ᠤᠢ ᠲᠤᠬᠢᠶᠠᠵᠤ ᠪᠠᠢᠬᠤ ᠪᠠᠷ ᠢᠶᠠᠨ ᠮᠠᠰᠢ ᠤᠳᠬ᠎ᠠ ᠠᠭᠤᠯᠭ᠎ᠠ ᠲᠠᠢ᠃ ᠡᠨᠡ ᠤᠲᠠᠭᠠᠨ ᠤ ᠬᠤᠶᠠᠷ ᠤᠯᠤᠰ ᠤᠨ ᠲᠠᠮᠵᠢᠭᠤᠯᠭ᠎ᠠ ᠶᠢᠨ ᠰᠤᠲᠤᠯᠭᠠᠨ ᠪᠠ ᠰᠤᠨᠢᠨ ᠮᠡᠲᠡᠭᠡᠯᠡᠯ ᠤᠨ ᠰᠤᠷᠭᠠᠨ ᠬᠦᠮᠦᠵᠢᠯ ᠤᠨ ᠰᠤᠲᠤᠯᠭᠠᠨ ᠤ ᠤᠯᠠᠨ ᠤᠯᠤᠰ ᠤᠨ ᠰᠤᠲᠤᠯᠤᠨ ᠶᠠᠷᠢᠯᠴᠠᠬᠤ ᠬᠤᠷᠠᠯ ᠨᠢ ᠬᠤᠶᠠᠷ ᠤᠯᠤᠰ ᠤᠨ ᠰᠤᠨᠢᠨ ᠮᠡᠲᠡᠭᠡᠯᠡᠯ ᠤᠨ ᠵᠢᠭᠠᠨ ᠰᠤᠷᠭᠠᠯᠲᠠ ᠡᠷᠲᠡᠮ ᠰᠢᠨᠵᠢᠯᠡᠭᠡ ᠪᠤᠯᠤᠨ ᠰᠡᠳᠬᠦᠯᠴᠢᠳ ᠤᠨ ᠬᠠᠮᠲᠤᠷᠠᠭᠰᠠᠨ ᠰᠤᠷᠪᠤᠯᠵᠢᠯᠠᠭ᠎ᠠ ᠵᠡᠷᠭᠡ ᠲᠠᠯ᠎ᠠ ᠳᠤ ᠢᠲᠡᠪᠬᠢ ᠬᠤᠪᠢ ᠨᠡᠮᠡᠷᠢ ᠦᠵᠡᠬᠦᠯᠦᠨ᠎ᠡ ᠭᠡᠲᠡᠭ ᠲᠤ ᠢᠲᠡᠭᠡᠵᠦ ᠪᠠᠢᠬᠤ ᠪᠦᠭᠡᠳ ᠡᠭᠦᠨ ᠢᠶᠠᠷ ᠲᠠᠮᠵᠢᠭᠤᠯᠤᠨ ᠬᠤᠶᠠᠷ ᠤᠯᠤᠰ ᠤᠨ ᠠᠷᠠᠳ ᠲᠦᠮᠡᠨ ᠳᠤ ᠨᠡᠩ ᠶᠡᠭᠡ ᠦᠷ᠎ᠡ ᠦᠭᠭᠦᠭᠡᠵᠢ ᠲᠠᠢ ᠪᠤᠯᠬᠤ ᠶᠢ ᠬᠦᠰᠡᠵᠦ ᠪᠠᠢᠨ᠎ᠠ ᠭᠡᠵᠡᠢ᠃     ᠮᠤᠩᠭᠤᠯ ᠤᠯᠤᠰ ᠤᠨ ᠰᠤᠶᠤᠯ ᠤᠷᠠᠯᠢᠭ ᠤᠨ ᠶᠡᠭᠡ ᠰᠤᠷᠭᠠᠭᠤᠯᠢ ᠶᠢᠨ ᠷᠠᠳᠢᠤ᠋ ᠲᠧᠯᠧᠶ᠋ᠰ ᠮᠧᠳᠢᠶᠠ ᠤᠷᠠᠯᠢᠭ ᠤᠨ ᠲᠡᠭᠡᠳᠦ ᠰᠤᠷᠭᠠᠭᠤᠯᠢ ᠶᠢᠨ ᠵᠠᠬᠢᠷᠤᠯ ᠤᠳᠤᠰᠦ᠋ᠷᠦᠩ᠂ ᠮᠠᠨ ᠤ ᠰᠤᠷᠭᠠᠭᠤᠯᠢ ᠨᠢ ᠦᠪᠦᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ ᠲᠠᠢ ᠤᠶᠤᠲᠠᠨ ᠤ ᠬᠠᠷᠢᠯᠴᠠᠨ ᠲᠤᠮᠢᠯᠠᠯᠲᠠ᠂ ᠪᠠᠭᠰᠢ ᠨᠡᠷ ᠤᠨ ᠡᠷᠲᠡᠮ ᠰᠢᠨᠵᠢᠯᠡᠭᠡᠨ ᠤ ᠬᠤᠷᠠᠯ ᠵᠡᠷᠭᠡ ᠬᠡᠯᠪᠡᠷᠢ ᠪᠠᠷ ᠮᠠᠰᠢ ᠰᠠᠢᠨ ᠬᠠᠮᠲᠤᠷᠠᠨ ᠠᠵᠢᠯᠯᠠᠵᠤ ᠪᠠᠢᠨ᠎ᠠ᠃ ᠢᠷᠡᠬᠦ ᠵᠢᠯ ᠳᠤ ᠬᠤᠶᠠᠷ ᠤᠯᠤᠰ ᠤᠨ ᠬᠡᠮᠵᠢᠶᠠᠨ ᠤ ᠰᠤᠨᠢᠨ ᠮᠡᠲᠡᠭᠡᠯᠡᠯ ᠤᠨ ᠡᠷᠲᠡᠮ ᠰᠢᠨᠵᠢᠯᠡᠭᠡᠨ ᠤ ᠬᠤᠷᠠᠯ ᠢ ᠮᠤᠩᠭᠤᠯ ᠤᠯᠤᠰ ᠲᠤ ᠵᠤᠬᠢᠶᠠᠨ ᠪᠠᠢᠭᠤᠯᠬᠤ ᠪᠠᠷ ᠬᠠᠮᠢᠶ᠎ᠠ ᠪᠦᠬᠦᠢ ᠪᠡᠯᠡᠳᠭᠡᠯ ᠠᠵᠢᠯ ᠢ ᠬᠢᠵᠦ ᠪᠠᠢᠨ᠎ᠠ᠂ ᠪᠢᠲᠡᠨ ᠤ ᠬᠤᠢᠰᠢᠳᠠ ᠶᠢᠨ ᠬᠠᠮᠲᠤᠷᠠᠯᠴᠠᠭ᠎ᠠ ᠤᠯᠠᠮ ᠰᠠᠢᠬᠠᠨ ᠪᠤᠯᠤᠨ᠎ᠠ ᠭᠡᠲᠡᠭ ᠢ ᠢᠲᠡᠭᠡᠵᠦ ᠪᠠᠶᠢᠨ᠎ᠠ ᠭᠡᠵᠡᠢ᠃      ᠤᠭ ᠠᠵᠢᠯᠯᠠᠭᠠᠨ ᠳᠤ ᠮᠤᠩᠭᠤᠯ ᠤᠯᠤᠰ ᠤᠨ ᠰᠤᠶᠤᠯ ᠤᠷᠠᠯᠢᠭ ᠤᠨ ᠶᠡᠭᠡ ᠰᠤᠷᠭᠠᠭᠤᠯᠢ᠂ ᠮᠤᠩᠭᠤᠯ ᠤᠯᠤᠰ ᠤᠨ ᠪᠤᠯᠪᠠᠰᠤᠷᠠᠯ ᠤᠨ ᠶᠡᠭᠡ ᠰᠤᠷᠭᠠᠭᠤᠯᠢ᠂ ᠮᠤᠩᠭᠤᠯ ᠤᠯᠤᠰ ᠤᠨ ᠬᠡᠪᠯᠡᠯ ᠤᠨ ᠬᠦᠷᠢᠶᠡᠯᠡᠩ ᠪᠤᠯᠤᠨ ᠲᠤᠮᠲᠠᠲᠤ ᠤᠯᠤᠰ ᠤᠨ ᠵᠢᠢ ᠨᠠᠨ ᠶᠡᠭᠡ ᠰᠤᠷᠭᠠᠭᠤᠯᠢ᠂ ᠭᠤᠧᠠᠩᠰᠢ ᠶᠢᠨ ᠶᠡᠭᠡ ᠰᠤᠷᠭᠠᠭᠤᠯᠢ᠂ ᠱᠠᠨᠰᠢ ᠶᠢᠨ ᠪᠠᠭᠰᠢ ᠶᠢᠨ ᠶᠡᠭᠡ ᠰᠤᠷᠭᠠᠭᠤᠯᠢ᠂ ᠦᠪᠦᠷ ᠮᠤᠩᠭᠤᠯ ᠤᠨ ᠶᠡᠭᠡ ᠰᠤᠷᠭᠠᠭᠤᠯᠢ᠂ ᠦᠪᠦᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ᠂ ᠦᠪᠦᠷ ᠮᠤᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ᠂ ᠬᠦᠬᠡᠬᠤᠲᠠ ᠦᠨᠳᠦᠰᠦᠲᠡᠨ ᠤ ᠲᠡᠭᠡᠳᠦ ᠰᠤᠷᠭᠠᠭᠤᠯᠢ ᠶᠢᠨ 100 ᠤᠷᠴᠢᠮ ᠡᠷᠲᠡᠮᠲᠡᠨ ᠰᠤᠲᠤᠯᠤᠭᠠᠴᠢᠳ ᠤᠷᠤᠯᠴᠠᠵᠠᠢ᠃      ᠡᠨᠡ ᠤᠨ ᠳᠤ ᠦᠪᠦᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠰᠤᠨᠢᠨ ᠮᠡᠲᠡᠭᠡᠯᠡᠯ ᠤᠨ ᠲᠡᠭᠡᠳᠦ ᠰᠤᠷᠭᠠᠭᠤᠯᠢ ᠨᠢ ᠬᠤᠶᠠᠲᠤᠭᠠᠷ ᠤᠲᠠᠭᠠᠨ ᠤ ᠮᠤᠩᠭᠤᠯ ᠤᠯᠤᠰ ᠤᠨ ᠵᠠᠯᠠᠭᠤ ᠰᠡᠳᠬᠦᠯᠴᠢᠳ ᠤᠨ ᠪᠤᠯᠪᠠᠰᠤᠷᠠᠯ ᠤᠨ ᠠᠩᠬᠢ᠂ ᠲᠠᠪᠤᠲᠤᠭᠠᠷ ᠤᠲᠠᠭᠠᠨ ᠤ ᠲᠤᠮᠲᠠᠲᠤ ᠮᠤᠩᠭᠤᠯ ᠤᠨ ᠰᠡᠳᠬᠦᠯᠴᠢᠳ ᠤᠨ ᠬᠠᠮᠲᠤᠷᠠᠭᠰᠠᠨ ᠰᠤᠷᠪᠤᠯᠵᠢᠯᠠᠭ᠎ᠠ ᠵᠡᠷᠭᠡ ᠠᠷᠭ᠎ᠠ ᠬᠡᠮᠵᠢᠶ᠎ᠠ ᠶᠢ ᠠᠮᠵᠢᠯᠲᠠ ᠲᠠᠢ ᠵᠤᠬᠢᠶᠠᠨ ᠪᠠᠢᠭᠤᠯᠪᠠ᠃      ᠦᠪᠦᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠰᠤᠨᠢᠨ ᠮᠡᠲᠡᠭᠡᠯᠡᠯ ᠤᠨ ᠲᠡᠭᠡᠳᠦ ᠰᠤᠷᠭᠠᠭᠤᠯᠢ ᠶᠢᠨ ᠰᠤᠶᠤᠯ ᠠᠯᠤᠰᠯᠠᠭᠰᠠᠨ ᠲᠠᠮᠵᠢᠭᠤᠯᠭ᠎ᠠ ᠶᠢᠨ ᠰᠤᠲᠤᠯᠭᠠᠨ ᠤ ᠲᠦᠪ ᠤᠨ ᠡᠷᠬᠢᠯᠡᠭᠴᠢ ᠰᠠᠷᠠᠯᠠᠩ ᠬᠡᠯᠡᠬᠦ ᠳᠡᠭᠡᠨ᠂ ᠡᠨᠡ ᠤᠲᠠᠭᠠᠨ ᠤ ᠬᠤᠷᠠᠯ ᠢᠶᠠᠷ ᠬᠤᠶᠠᠷ ᠤᠯᠤᠰ ᠤᠨ ᠰᠤᠨᠢᠨ ᠮᠡᠲᠡᠭᠡᠯᠡᠯ ᠤᠨ ᠡᠷᠲᠡᠮᠲᠡᠳ ᠠᠴᠠ ᠰᠤᠨᠢᠨ ᠮᠡᠲᠡᠭᠡᠯᠡᠯ ᠤᠨ ᠰᠠᠯᠪᠤᠷᠢ ᠶᠢᠨ ᠲᠤᠭᠤᠷᠢᠨ ᠳᠤ ᠰᠤᠲᠤᠯᠤᠨ ᠶᠠᠷᠢᠯᠴᠠᠵᠤ᠂ ᠮᠦᠨ ᠴᠤ ᠦᠪᠦᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠰᠤᠨᠢᠨ ᠮᠡᠲᠡᠭᠡᠯᠡᠯ ᠤᠨ ᠲᠡᠭᠡᠳᠦ ᠰᠤᠷᠭᠠᠭᠤᠯᠢ ᠮᠤᠩᠭᠤᠯ ᠤᠯᠤᠰ ᠤᠨ ᠰᠤᠨᠢᠨ ᠮᠡᠲᠡᠭᠡᠯᠡᠯ ᠤᠨ ᠲᠤᠰᠬᠠᠢ ᠮᠡᠷᠭᠡᠵᠢᠯ ᠡᠷᠬᠢᠯᠡᠵᠦ ᠪᠠᠢᠭ᠎ᠠ ᠬᠡᠲᠦᠨ ᠶᠡᠭᠡ ᠲᠡᠭᠡᠳᠦ ᠰᠤᠷᠭᠠᠭᠤᠯᠢ ᠲᠠᠢ ᠬᠤᠢᠰᠢᠲᠠ ᠶᠢᠨ ᠬᠠᠮᠲᠤᠷᠠᠨ ᠠᠵᠢᠯᠯᠠᠬᠤ ᠲᠤᠬᠠᠢ ᠤᠯᠠᠮ ᠲᠡᠯᠭᠡᠷᠡᠩᠬᠦᠢ ᠶᠠᠷᠢᠯᠴᠠᠬᠤ ᠪᠤᠯᠤᠨ᠎ᠠ ᠭᠡᠵᠡᠢ᠃      ᠦᠪᠦᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠰᠤᠨᠢᠨ ᠮᠡᠲᠡᠭᠡᠯᠡᠯ ᠤᠨ ᠲᠡᠭᠡᠳᠦ ᠰᠤᠷᠭᠠᠭᠤᠯᠢ ᠪᠤᠯ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠪᠤᠯᠤᠨ ᠦᠪᠦᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠮᠲᠤᠷᠠᠨ ᠪᠠᠢᠭᠤᠯᠤᠭᠰᠠᠨ ᠬᠠᠮᠤᠭ ᠤᠨ ᠠᠩᠬᠠᠨ ᠤ ᠰᠤᠨᠢᠨ ᠮᠡᠲᠡᠭᠡᠯᠡᠯ ᠤᠨ ᠲᠡᠭᠡᠳᠦ ᠰᠤᠷᠭᠠᠭᠤᠯᠢ ᠪᠤᠯᠬᠤ ᠶᠤᠮ᠃ 2016 ᠤᠨ ᠤ 1 ᠰᠠᠷ᠎ᠠ ᠳᠤ ᠦᠪᠦᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ ᠨᠢ ᠲᠤᠰ ᠰᠤᠷᠭᠠᠭᠤᠯᠢ ᠶᠢᠨ ᠤᠳᠬ᠎ᠠ ᠵᠤᠬᠢᠶᠠᠯ ᠤᠨ ᠲᠡᠭᠡᠳᠦ ᠰᠤᠷᠭᠠᠭᠤᠯᠢ᠂ ᠮᠤᠩᠭᠤᠯ ᠰᠤᠲᠤᠯᠤᠯ ᠤᠨ ᠲᠡᠭᠡᠳᠦ ᠰᠤᠷᠭᠠᠭᠤᠯᠢ᠂ ᠵᠠᠭᠤᠴᠢ ᠨᠡᠪᠲᠡᠷᠡᠬᠦᠯᠭᠡ ᠶᠢᠨ ᠲᠡᠭᠡᠳᠦ ᠰᠤᠷᠭᠠᠭᠤᠯᠢ ᠶᠢᠨ ᠰᠤᠨᠢᠨ ᠮᠡᠲᠡᠭᠡᠯᠡᠯ ᠤᠨ ᠤᠬᠠᠭᠠᠨ ᠤ ᠰᠢᠨᠵᠢᠯᠡᠭᠡᠨ ᠤ ᠰᠠᠯᠠᠭ᠎ᠠ ᠶᠢ ᠨᠡᠢᠯᠡᠬᠦᠯᠦᠨ ᠲᠤᠰᠠᠭᠠᠷ ᠰᠤᠨᠢᠨ ᠮᠡᠲᠡᠭᠡᠯᠡᠯ ᠤᠨ ᠲᠡᠭᠡᠳᠦ ᠰᠤᠷᠭᠠᠭᠤᠯᠢ ᠶᠢ ᠪᠠᠢᠭᠤᠯᠵᠠᠢ᠃ ᠤᠲᠤᠬᠠᠨ ᠳᠤ ᠰᠤᠨᠢᠨ ᠮᠡᠲᠡᠭᠡᠯᠡᠯ ᠤᠨ ᠤᠬᠠᠭᠠᠨ᠂ ᠷᠠᠳᠢᠤ᠋ ᠲᠧᠯᠧᠶ᠋ᠰ ᠤᠨ ᠤᠲᠤᠷᠢᠲᠤᠨ ᠨᠠᠢᠷᠠᠭᠤᠯᠬᠤ ᠮᠡᠷᠭᠡᠵᠢᠯ᠂ ᠬᠦᠲᠦᠯᠦᠭᠴᠢ ᠨᠡᠪᠲᠡᠷᠡᠬᠦᠯᠦᠭᠴᠢ ᠶᠢᠨ ᠤᠷᠠᠯᠢᠭ᠂ ᠰᠦᠯᠵᠢᠶ᠎ᠠ ᠪᠠ ᠰᠢᠨ᠎ᠡ ᠵᠠᠭᠤᠴᠢᠯᠠᠭᠤᠷ ᠤᠨ ᠮᠡᠷᠭᠡᠵᠢᠯ ᠭᠡᠬᠦ ᠲᠦᠷᠪᠡᠨ ᠦᠨᠳᠦᠰᠦᠨ ᠠᠩᠭᠢ ᠶᠢᠨ ᠲᠤᠰᠬᠠᠢ ᠮᠡᠷᠭᠡᠵᠢᠯ ᠲᠠᠢ ᠪᠦᠭᠡᠳ ᠵᠦᠴᠦᠭᠡ ᠬᠢᠭᠡᠳ ᠺᠢᠨᠤ᠋ ᠲᠧᠯᠧᠶ᠋ᠰ ᠤᠨ ᠤᠬᠠᠭᠠᠨ᠂ ᠰᠤᠨᠢᠨ ᠮᠡᠲᠡᠭᠡ ᠲᠠᠮᠵᠢᠭᠤᠯᠭ᠎ᠠ ᠶᠢᠨ ᠤᠬᠠᠭᠠᠨ ᠭᠡᠬᠦ ᠬᠤᠶᠠᠷ ᠠᠰᠫᠢᠷᠠᠨᠲ ᠤᠨ ᠡᠷᠲᠡᠮ ᠤᠨ ᠴᠤᠯᠠ ᠤᠯᠭᠤᠬᠤ ᠴᠢᠭ ᠲᠠᠢ᠃
 
ᠢᠷᠡᠯᠲᠡ᠄ ᠰᠢᠨᠬᠤᠧᠠ ᠮᠤᠩᠭᠤᠯ ᠨᠧᠲ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1