ᠤᠶᠢᠷ᠎ᠠ ᠶᠢᠨ ᠵᠢᠯ ᠤᠳ ᠲᠤ᠂ ᠲᠤᠭᠳᠠᠬᠤ ᠰᠢᠶᠠᠨ ᠤ ᠡᠳ᠋ ᠤᠨ ᠵᠠᠰᠠᠭ ᠤᠨ ᠲᠣᠪᠴᠢᠶ᠎ᠠ ᠰᠢᠶᠠᠨ ᠤ ᠨᠠᠮ ᠤᠨ | ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ᠵᠥᠪ ᠤᠳᠤᠷᠢᠳᠤᠯᠭ᠎ᠠ ᠪᠣᠯᠤᠨ ᠲᠡᠭᠡᠳᠦ ᠱᠠᠲᠤᠨ ᠤ ᠡᠳ᠋ ᠤᠨ | ᠵᠠᠰᠠᠭ ᠤᠨ ᠰᠠᠯᠠᠭ᠎ᠠ ᠮᠥᠴᠢᠷ ᠤᠨ ᠬᠦᠴᠦᠲᠡᠶ ᠳᠡᠮᠵᠢᠯᠭᠡ ᠳᠣᠤᠷ᠎ᠠ᠂ ︽ᠪᠦᠷᠢᠨ ᠴᠢᠳᠠᠮᠵᠢᠳᠦ ᠺᠠᠷᠲ︾ ᠣᠯᠭᠤᠬᠤ | ᠠᠵᠢᠯ ᠮᠠᠰᠢ ᠰᠠᠶᠢᠨ ᠠᠮᠵᠢᠯᠲᠠ ᠣᠯᠵᠠᠶ᠃ | 1 — 10 ᠰᠠᠷ᠎ᠠ ᠳᠤ᠂ ᠲᠤᠭᠳᠠᠬᠤ ᠰᠢᠶᠠᠨ ᠤ ᠡᠳ᠋ ᠤᠨ ᠵᠠᠰᠠᠭ ᠤᠨ ᠲᠣᠪᠴᠢᠶ᠎ᠠ ︽ᠪᠦᠷᠢᠨ | ᠴᠢᠳᠠᠮᠵᠢᠳᠦ ᠺᠠᠷᠲ︾ ᠢᠶᠠᠷ ᠳᠠᠮᠵᠢᠭᠤᠯᠤᠨ 20464.33 ᠲᠦᠮᠡᠨ ᠲᠥᠭᠦᠷᠢᠭ ᠤᠨ ᠲᠠᠷᠢᠶᠠᠴᠢᠳ ᠲᠤ ᠠᠰᠢᠭ | ᠬᠦᠷᠲᠡᠭᠡᠬᠦ ᠨᠥᠬᠦᠪᠥᠷᠢ ᠶᠢᠨ ᠪᠠᠯᠠ ᠮᠥᠩᠭᠦ ᠶᠢ ᠲᠠᠷᠬᠠᠭᠠᠪᠠ᠂ ᠡᠭᠦᠨ ᠳᠤ ᠬᠤᠯᠪᠣᠭᠳᠠᠭᠰᠠᠨ ᠨᠥᠬᠦᠪᠥᠷᠢ ᠶᠢᠨ ᠪᠠᠯᠠ | ᠮᠥᠩᠭᠦ ᠨᠢ ᠨᠡᠶᠢᠭᠡᠮ ᠤᠨ ᠪᠠᠲᠤᠯᠠᠭ᠎ᠠ᠂ ᠲᠠᠷᠢᠶᠠᠯᠠᠩ᠂ ᠣᠢ ᠰᠢᠭᠤᠶ᠂ ᠪᠦᠲᠦᠭᠡᠨ ᠪᠠᠶᠢᠭᠤᠯᠤᠯᠲᠠ᠂ ᠲᠥᠯᠥᠪᠯᠡᠭᠡᠲᠦ | ᠦᠷᠡᠵᠢᠯ᠂ ᠴᠠᠯᠢᠩ ᠤᠨ ᠨᠥᠬᠦᠪᠥᠷᠢ ᠵᠡᠷᠭᠡ 7 ᠬᠦᠷᠢᠶᠡᠨ ᠤ 27 · 33 ᠵᠢᠵᠢᠭ ᠵᠦᠢᠯᠡᠰ ᠲᠤ ᠬᠤᠯᠪᠣᠭᠳᠠᠵᠤ᠂ | ᠬᠤᠲᠠ ᠬᠥᠳᠡᠭᠡ ᠶᠢᠨ ᠰᠠᠭᠤᠭᠠᠯᠢ ᠠᠷᠠᠳ ᠲᠤ ᠨᠡᠶᠢᠲᠡ 316051 ᠬᠥᠮᠥᠨ ᠤᠳᠠᠭ᠎ᠠ ᠠᠰᠢᠭ ᠬᠦᠷᠲᠡᠭᠡᠪᠡ᠃ | 9746.56 ᠲᠦᠮᠡᠨ ᠲᠥᠭᠦᠷᠢᠭ ᠤᠨ ᠨᠡᠶᠢᠭᠡᠮ ᠤᠨ ᠪᠠᠲᠤᠯᠠᠭ᠎ᠠ ᠶᠢᠨ ᠲᠥᠷᠥᠯ ᠤᠨ ᠨᠥᠬᠦᠪᠥᠷᠢ ᠮᠥᠩᠭᠦ | ᠲᠠᠷᠬᠠᠭᠠᠵᠤ᠂ ᠬᠤᠲᠠ ᠬᠥᠳᠡᠭᠡ ᠶᠢᠨ 273883 ᠬᠥᠮᠦᠨ ᠤᠳᠠᠭ᠎ᠠ ᠶᠢᠨ ᠰᠠᠭᠤᠭᠠᠯᠢ ᠠᠷᠠᠳ ᠲᠤ ᠠᠰᠢᠭ | ᠬᠦᠷᠲᠡᠭᠡᠪᠡ᠃ | ᠨᠥᠬᠦᠪᠥᠷᠢ ᠪᠡᠯᠡ ᠮᠥᠩᠭᠦ ᠶᠢ ᠴᠠᠭ ᠲᠤᠬᠠᠶ ᠳᠤᠨᠢ᠂ ᠭᠦᠢᠴᠡᠳ ᠲᠤᠭ᠎ᠠ ᠪᠠᠷ ᠣᠯᠭᠤᠭᠰᠠᠨ ᠨᠢ ᠥᠷᠭᠡᠨ | ᠣᠯᠠᠨ ᠲᠠᠷᠢᠶᠠᠴᠢᠨ ᠮᠠᠯᠴᠢᠳ ᠤᠨ ᠦᠢᠯᠡᠳᠪᠦᠷᠢᠯᠡᠯ ᠠᠮᠢᠳᠤᠷᠠᠯ ᠳᠤ ᠬᠠᠪᠰᠤᠷᠤᠯᠭ᠎ᠠ ᠪᠠ ᠳᠡᠮᠵᠢᠯᠭᠡ ᠬᠠᠩᠭᠠᠭᠰᠠᠨ | ᠪᠠᠶᠢᠨ᠎ᠠ᠃ |