ᠬᠥᠬᠡᠬᠤᠲᠠ ᠠᠴᠠ ᠪᠡᠭᠡᠵᠢᠩ ᠬᠦᠷᠬᠦ ᠲᠦᠷᠭᠡᠨ ᠤ ᠲᠡᠮᠦᠷ ᠵᠠᠮ ᠲᠥᠯᠥᠪᠯᠡᠭᠡ ᠪᠠᠷ 12 ᠳ᠋ᠤᠭᠠᠷ ᠰᠠᠷ᠎ᠠ ᠶᠢᠨ ᠰᠡᠭᠦᠯᠴᠢ ᠪᠠᠷ ᠨᠡᠪᠲᠡᠷᠡᠵᠦ ᠬᠠᠮᠤᠭ ᠬᠤᠷᠳᠤᠨ ᠳᠠᠭᠠᠨ ᠵᠥᠪᠬᠡᠨ 2 ᠴᠠᠭ 18 ᠮᠢᠨᠦ᠋ᠲ ᠬᠡᠷᠡᠭᠯᠡᠨ᠎ᠡ
ᠨᠡᠶᠢᠲᠡᠯᠡᠭᠰᠡᠨ ᠴᠠᠭ᠄
2019-11-27
      ᠬᠥᠬᠡᠬᠤᠲᠠ ᠶᠢᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠶᠦᠨ ᠶᠠᠨ ᠹᠠᠩ︶ 11 ᠳ᠋ᠦ᠋ᠭᠡᠷ ᠰᠠᠷ᠎ᠠ ᠶᠢᠨ 25 ᠤ ᠡᠳᠦᠷ᠂ ᠳᠤᠮᠳᠠᠳᠤ ᠤᠯᠤᠰ ᠤᠨ ᠲᠡᠮᠦᠷ ᠵᠠᠮ ᠤᠨ ᠬᠥᠬᠡᠬᠤᠲᠠ ᠶᠢᠨ ᠲᠣᠪᠴᠢᠶ᠎ᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠠᠴᠠ   ᠣᠶᠢᠯᠠᠭᠠᠭᠰᠠᠨ ᠢᠶᠠᠷ᠂ ᠬᠥᠬᠡᠬᠤᠲᠠ ᠠᠴᠠ ᠪᠡᠭᠡᠵᠢᠩ ᠬᠦᠷᠬᠦ ᠲᠦᠷᠭᠡᠨ ᠤ ᠲᠡᠮᠦᠷ ᠵᠠᠮ ᠳᠠᠷᠠᠭ᠎ᠠ ᠰᠠᠷ᠎ᠠ ᠶᠢᠨ ᠰᠡᠭᠦᠯᠴᠢ ᠪᠠᠷ ᠨᠡᠪᠲᠡᠷᠡᠬᠦ ᠪᠠᠷ ᠲᠥᠯᠥᠪᠯᠡᠵᠦ᠂ ᠬᠠᠮᠤᠭ ᠤᠨ ᠬᠤᠷᠳᠤᠨ ᠳᠠᠭᠠᠨ ᠵᠥᠪᠬᠡᠨ 2 ᠴᠠᠭ 18 ᠮᠢᠨᠦ᠋ᠲ ᠬᠡᠷᠡᠭᠯᠡᠨ᠎ᠡ᠃      ᠳᠤᠮᠳᠠᠳᠤ ᠤᠯᠤᠰ ᠤᠨ ᠲᠡᠮᠦᠷ ᠵᠠᠮ ᠤᠨ ᠬᠥᠬᠡᠬᠤᠲᠠ ᠶᠢᠨ ᠲᠣᠪᠴᠢᠶ᠎ᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠶᠡᠷᠦᠩᠬᠡᠶ ᠳᠠᠭᠠᠭᠠᠮᠠᠯ ᠳ᠋ᠠᠶ ᠬᠤᠩ ᠤᠨ ᠲᠠᠨᠢᠯᠴᠠᠭᠤᠯᠤᠭᠰᠠᠨ ᠢᠶᠠᠷ᠂ ᠬᠥᠬᠡᠬᠤᠲᠠ ᠠᠴᠠ ᠪᠡᠭᠡᠵᠢᠩ ᠬᠦᠷᠬᠦ ᠲᠦᠷᠭᠡᠨ ᠤ ᠲᠡᠮᠦᠷ ᠵᠠᠮ ᠨᠢ ᠪᠡᠭᠡᠵᠢᠩ ᠠᠴᠠ ᠴᠢᠭᠤᠯᠤᠯᠲᠤ ᠬᠠᠭᠠᠯᠭ᠎ᠠ ᠬᠦᠷᠬᠦ᠂ ᠴᠢᠭᠤᠯᠤᠯᠲᠤ ᠬᠠᠭᠠᠯᠭ᠎ᠠ ᠠᠴᠠ ᠬᠥᠬᠡᠬᠤᠲᠠ ᠬᠦᠷᠬᠦ ᠲᠦᠷᠭᠡᠨ ᠤ ᠲᠡᠮᠦᠷ ᠵᠠᠮ ᠢᠶᠠᠷ ᠪᠦᠷᠢᠯᠳᠦᠵᠦ᠂ ᠲᠡᠷᠭᠡ ᠨᠡᠪᠲᠡᠷᠡᠭᠰᠡᠨ ᠤ ᠳᠠᠷᠠᠭ᠎ᠠ 20 ᠬᠤᠤᠰ ᠣᠷᠴᠢᠮ ᠲᠦᠷᠭᠡᠨ ᠤ ᠭᠠᠯᠲᠤ ᠲᠡᠷᠭᠡ ᠶᠢ ᠨᠡᠪᠲᠡᠷᠡᠭᠦᠯᠬᠦ ᠪᠠᠷ ᠪᠣᠶ᠃ ᠬᠥᠬᠡᠬᠤᠲᠠ᠂ ᠪᠤᠭᠤᠲᠤ ᠂ ᠤᠯᠠᠭᠠᠨᠴᠠᠪ ᠴᠥᠮ ᠪᠡᠭᠡᠵᠢᠩ ᠬᠦᠷᠬᠦ ᠡᠬᠢᠯᠡᠯᠲᠡ ᠶᠢᠨ ᠲᠦᠷᠭᠡᠨ ᠤ ᠭᠠᠯᠲᠤ ᠲᠡᠷᠭᠡ ᠲᠠᠢ ᠪᠣᠯᠵᠤ᠂ ᠬᠥᠬᠡᠬᠤᠲᠠ ᠠᠴᠠ ᠪᠡᠭᠡᠵᠢᠩ ᠬᠦᠷᠬᠦ ᠴᠠᠭ ᠨᠢ ᠣᠳᠣᠬᠠᠨ ᠤ ᠬᠠᠮᠤᠭ ᠤᠨ ᠬᠤᠷᠳᠤᠨ ᠳᠠᠭᠠᠨ 9 ᠴᠠᠭ ᠭᠠᠷᠤᠶ ᠪᠠᠶᠢᠭᠰᠠᠨ ᠠᠴᠠ ᠪᠠᠨ 3 ᠴᠠᠭ ᠤᠨ ᠳᠣᠲᠣᠷ᠎ᠠ ᠪᠣᠯᠲᠠᠯ᠎ᠠ ᠪᠠᠭᠠᠰᠴᠤ᠂ ᠬᠠᠮᠤᠭ ᠤᠨ ᠬᠤᠷᠳᠤᠨ ᠳᠠᠭᠠᠨ ᠵᠥᠪᠬᠡᠨ 2 ᠴᠠᠭ 18 ᠮᠢᠨᠦ᠋ᠲ ᠤᠨ ᠲᠣᠲᠤᠷ᠎ᠠ ᠪᠡᠭᠡᠵᠢᠩ ᠤᠨ ᠬᠤᠶᠢᠲᠤ ᠥᠷᠲᠡᠭᠡ ᠳᠤ ᠬᠦᠷᠦᠨ᠎ᠡ᠃      ᠴᠢᠭᠤᠯᠤᠯᠲᠤ ᠬᠠᠭᠠᠯᠭ᠎ᠠ ᠠᠴᠠ ᠬᠥᠬᠡᠬᠤᠲᠠ ᠬᠦᠷᠬᠦ ᠲᠦᠷᠭᠡᠨ ᠤ ᠲᠡᠮᠦᠷ ᠵᠠᠮ ᠪᠣᠯᠣᠨ ᠪᠡᠭᠡᠵᠢᠩ ᠠᠴᠠ ᠴᠢᠭᠤᠯᠤᠯᠲᠤ ᠬᠠᠭᠠᠯᠭ᠎ᠠ ᠬᠦᠷᠬᠦ ᠲᠦᠷᠭᠡᠨ ᠤ ᠲᠡᠮᠦᠷ ᠵᠠᠮ ᠨᠢ ᠤᠯᠤᠰ ᠤᠨ ᠲᠡᠮᠦᠷ ᠵᠠᠮ ᠤᠨ ᠪᠦᠯᠦᠭᠯᠡᠯ ᠤᠨ ᠨᠢᠭᠡᠳᠦᠯᠲᠡᠢ ᠲᠣᠬᠢᠷᠠᠭᠤᠯᠤᠯᠲᠠ ᠶᠣᠰᠣᠭᠠᠷ ᠨᠡᠪᠲᠡᠷᠡᠵᠦ ᠠᠵᠢᠯᠯᠠᠨ᠎ᠠ᠃ ᠲᠥᠯᠥᠪᠯᠡᠭᠡ ᠪᠠᠷ᠂ ᠴᠢᠭᠤᠯᠤᠯᠲᠤ ᠬᠠᠭᠠᠯᠭ᠎ᠠ ᠠᠴᠠ ᠬᠥᠬᠡᠬᠤᠲᠠ ᠬᠦᠷᠬᠦ ᠲᠦᠷᠭᠡᠨ ᠤ ᠲᠡᠮᠦᠷ ᠵᠠᠮ ᠪᠣᠯᠣᠨ ᠪᠡᠭᠡᠵᠢᠩ ᠠᠴᠠ ᠴᠢᠭᠤᠯᠤᠯᠲᠤ ᠬᠠᠭᠠᠯᠭ᠎ᠠ ᠬᠦᠷᠬᠦ ᠲᠦᠷᠭᠡᠨ ᠤ ᠲᠡᠮᠦᠷ ᠵᠠᠮ ᠨᠢ 12 ᠳ᠋ᠤᠭᠠᠷ ᠰᠠᠷ᠎ᠠ ᠶᠢᠨ ᠰᠡᠭᠦᠯᠴᠢ ᠪᠠᠷ ᠵᠡᠷᠭᠡᠪᠡᠷ ᠨᠡᠪᠲᠡᠷᠡᠵᠦ ᠠᠵᠢᠯᠯᠠᠨ᠎ᠠ᠃ ᠣᠶᠢᠯᠠᠭᠠᠭᠰᠠᠨ ᠢᠶᠠᠷ᠂ ᠴᠢᠭᠤᠯᠤᠯᠲᠤ ᠬᠠᠭᠠᠯᠭ᠎ᠠ ᠠᠴᠠ ᠬᠥᠬᠡᠬᠤᠲᠠ ᠬᠦᠷᠬᠦ ᠲᠦᠷᠭᠡᠨ ᠤ ᠲᠡᠮᠦᠷ ᠵᠠᠮ ᠤᠨ ᠤᠯᠠᠭᠠᠨᠴᠠᠪ ᠠᠴᠠ ᠬᠥᠬᠡᠬᠤᠲᠠ ᠵᠡᠭᠦᠨ ᠥᠷᠳᠡᠭᠡ ᠬᠦᠷᠬᠦ ᠬᠡᠰᠡᠭ ᠨᠢ 2017 ᠣᠨ 8 ᠳ᠋ᠤᠭᠠᠷ ᠰᠠᠷ᠎ᠠ ᠳᠤ ᠠᠰᠢᠭᠯᠠᠯᠲᠠ ᠳᠤ ᠣᠷᠣᠪᠠ᠃ ᠡᠨᠡ ᠵᠢᠯ ᠤᠨ 6 ᠳ᠋ᠤᠭᠠᠷ ᠰᠠᠷ᠎ᠠ ᠠᠴᠠ ᠨᠠᠰᠢ᠂ ᠴᠢᠭᠤᠯᠤᠯᠲᠤ ᠬᠠᠭᠠᠯᠭ᠎ᠠ ᠠᠴᠠ ᠬᠥᠬᠡᠬᠤᠲᠠ ᠬᠦᠷᠬᠦ ᠲᠦᠷᠭᠡᠨ ᠤ ᠲᠡᠮᠦᠷ ᠵᠠᠮ ᠤᠨ ᠬᠤᠸᠠᠢ ᠠᠨ ᠠᠴᠠ ᠤᠯᠠᠭᠠᠨᠴᠠᠪ ᠬᠦᠷᠬᠦ ᠬᠡᠰᠡᠭ ᠤᠨ ᠬᠤᠯᠪᠣᠭᠠᠯᠠᠨ ᠲᠣᠬᠢᠷᠠᠭᠤᠯᠵᠤ ᠬᠤᠯᠪᠣᠭᠠᠯᠠᠨ ᠲᠤᠷᠰᠢᠬᠤ ᠪᠠ ᠲᠤᠷᠰᠢᠨ ᠠᠵᠢᠯᠯᠠᠭᠤᠯᠬᠤ ᠵᠡᠷᠭᠡ ᠬᠤᠯᠪᠣᠭᠳᠠᠯ ᠪᠦᠬᠦᠢ ᠠᠵᠢᠯ ᠢ ᠨᠢᠭᠡᠨᠲᠡ ᠳᠠᠭᠤᠰᠬᠠᠪᠠ᠃ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠢᠨᠵᠧᠨᠧᠷᠢᠩ ᠪᠣᠯᠤᠭᠰᠠᠨ ᠪᠡᠭᠡᠵᠢᠩ ᠠᠴᠠ ᠴᠢᠭᠤᠯᠤᠯᠲᠤ ᠬᠠᠭᠠᠯᠭ᠎ᠠ ᠬᠦᠷᠬᠦ ᠲᠦᠷᠭᠡᠨ ᠤ ᠲᠡᠮᠦᠷ ᠵᠠᠮ ᠢ 10 ᠳ᠋ᠤᠭᠠᠷ ᠰᠠᠷ᠎ᠠ ᠶᠢᠨ 5 ᠤ ᠡᠳᠦᠷ ᠠᠴᠠ ᠡᠬᠢᠯᠡᠨ ᠬᠤᠯᠪᠣᠭᠠᠯᠠᠨ ᠲᠣᠬᠢᠷᠠᠭᠤᠯᠵᠤ ᠬᠤᠯᠪᠣᠭᠠᠯᠠᠨ ᠲᠤᠷᠰᠢᠵᠤ᠂ ᠪᠡᠭᠡᠵᠢᠩ ᠠᠴᠠ ᠴᠢᠭᠤᠯᠤᠯᠲᠤ ᠬᠠᠭᠠᠯᠭ᠎ᠠ ᠬᠦᠷᠬᠦ ᠲᠦᠷᠭᠡᠨ ᠤ ᠲᠡᠮᠦᠷ ᠵᠠᠮ ᠤᠨ ᠬᠤᠯᠪᠣᠭᠠᠯᠠᠨ ᠲᠣᠬᠢᠷᠠᠭᠤᠯᠵᠤ ᠬᠤᠯᠪᠣᠭᠠᠯᠠᠨ ᠲᠤᠷᠰᠢᠬᠤ ᠬᠠᠮᠢᠶ᠎ᠠ ᠪᠦᠬᠦᠢ ᠠᠵᠢᠯ ᠤᠷᠤᠭᠰᠢᠲᠠᠶ ᠶᠠᠪᠤᠭᠳᠠᠵᠤ᠂ ᠲᠡᠮᠦᠷ ᠵᠠᠮ ᠤᠨ ᠰᠠᠯᠠᠭ᠎ᠠ ᠮᠥᠴᠢᠷ ᠲᠦᠷᠭᠡᠨ ᠤ ᠲᠡᠮᠦᠷ ᠵᠠᠮ ᠢ ᠨᠡᠪᠲᠡᠷᠡᠭᠦᠯᠦᠨ ᠠᠵᠢᠯᠯᠠᠭᠤᠯᠬᠤ ᠡᠮᠦᠨᠡᠬᠢ ᠬᠤᠭᠤᠴᠠᠭᠠᠨ ᠤ ᠠᠵᠢᠯ ᠢ ᠲᠦᠷᠭᠡᠳᠬᠡᠨ ᠠᠬᠢᠭᠤᠯᠬᠤ ᠪᠠᠶᠢᠨ᠎ᠠ᠃      ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠡᠮᠦᠷ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠪᠣᠯᠤᠨ ᠤᠯᠤᠰ ᠤᠨ ᠤᠷᠲᠤᠪᠲᠤᠷ ᠪᠠ ᠤᠷᠲᠤ ᠬᠤᠭᠤᠴᠠᠭᠠᠨ ᠤ ᠲᠡᠮᠦᠷ ᠵᠠᠮ ᠤᠨ ᠲᠣᠤᠷ ᠤᠨ ᠲᠥᠯᠥᠪᠵᠢᠭᠦᠯᠭᠡ ᠶᠣᠰᠣᠭᠠᠷ᠂ ᠳᠤᠮᠳᠠᠳᠤ ᠤᠯᠤᠰ ᠤᠨ ᠲᠡᠮᠦᠷ ᠵᠠᠮ ᠤᠨ ᠬᠥᠬᠡᠬᠤᠲᠠ ᠶᠢᠨ ᠲᠣᠪᠴᠢᠶ᠎ᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠬᠤᠯᠪᠣᠭᠳᠠᠯ ᠪᠦᠬᠦᠢ ᠵᠠᠰᠠᠭ ᠤᠨ ᠣᠷᠳᠣᠨ ᠤ ᠰᠠᠯᠠᠭ᠎ᠠ ᠮᠥᠴᠢᠷ ᠲᠠᠢ ᠬᠠᠮᠲᠤᠷᠠᠨ ᠪᠤᠭᠤᠲᠤ ᠠᠴᠠ ᠢᠷᠭᠠᠶ ᠬᠦᠷᠬᠦ ᠲᠦᠷᠭᠡᠨ ᠤ ᠲᠡᠮᠦᠷ ᠵᠠᠮ ᠤᠨ ᠪᠤᠭᠤᠲᠤ ᠠᠴᠠ ᠬᠤᠢ ᠨᠥᠩ ᠬᠦᠷᠬᠦ ᠬᠡᠰᠡᠭ᠂ ᠵᠢᠨᠢᠩ ᠠᠴᠠ ᠳ᠋ᠠᠲ᠋ᠦ᠋ᠩ ᠬᠦᠷᠬᠦ ᠶᠤᠸᠠᠨ ᠫᠢᠩ ᠬᠦᠷᠬᠦ ᠲᠦᠷᠭᠡᠨ ᠤ ᠲᠡᠮᠦᠷ ᠵᠠᠮ᠂ ᠪᠤᠭᠤᠲᠤ ᠠᠴᠠ ᠰᠢ ᠠᠨ ᠬᠦᠷᠬᠦ ᠲᠦᠷᠭᠡᠨ ᠤ ᠲᠡᠮᠦᠷ ᠵᠠᠮ ᠤᠨ ᠣᠷᠳᠣᠰ ᠠᠴᠠ ᠲᠡᠮᠡᠭᠡᠲᠦ ᠬᠦᠷᠬᠦ ᠬᠡᠰᠡᠭ ᠤᠨ 3 ᠭᠤᠤᠯᠳᠠᠯᠭ᠎ᠠ ᠲᠠᠢ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠶᠠᠭ ᠢᠳᠡᠪᠬᠢᠲᠡᠢ ᠠᠬᠢᠭᠤᠯᠵᠤ ᠪᠠᠶᠢᠨ᠎ᠠ᠃
 
ᠢᠷᠡᠯᠲᠡ᠄ ᠬᠦᠬᠡᠬᠤᠳᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1