ᠥᠪᠥᠷ ᠮᠣᠩᠭᠤᠯ ᠣᠯᠠᠨ ᠲᠦᠮᠡᠨ ᠤ ᠠᠰᠢᠭ ᠲᠤᠰᠠ ᠳᠤ ᠬᠠᠯᠳᠠᠭᠰᠠᠨ ᠢ ᠥᠯᠥ ᠬᠠᠢᠬᠤᠷᠤᠭᠰᠠᠨ ᠠᠰᠠᠭᠤᠳᠠᠯ ᠢ ᠲᠤᠰᠬᠠᠶ ᠴᠡᠭᠴᠡᠯᠡᠨ ᠵᠠᠰᠠᠪᠠ
ᠨᠡᠶᠢᠲᠡᠯᠡᠭᠰᠡᠨ ᠴᠠᠭ᠄
2019-11-28
      ᠰᠢᠨᠬᠤᠸᠠ ᠬᠤᠷᠢᠶ᠎ᠠ ᠬᠦᠬᠡᠬᠤᠲᠠ ᠶᠢᠨ 11 ᠰᠠᠷ᠎ᠠ ᠶᠢᠨ 27 ᠤ ᠡᠳᠦᠷ ᠤᠨ ᠴᠠᠬᠢᠯᠭᠠᠨ ᠮᠡᠳᠡᠭᠡ ︵ᠰᠤᠷᠪᠤᠯᠵᠢᠯᠠᠭᠴᠢ ᠠᠨ ᠯᠦ ᠮᠤᠩ︶ ᠰᠤᠷᠪᠤᠯᠵᠢᠯᠠᠭᠴᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠣᠯ ᠰᠡᠳᠦᠪᠲᠦ ᠰᠤᠷᠭᠠᠨ ᠬᠥᠮᠦᠵᠢᠯ ᠤᠨ ᠤᠳᠤᠷᠢᠳᠬᠤ ᠳᠤᠭᠤᠢᠯᠠᠩ ᠤᠨ ᠠᠯᠪᠠᠨ ᠭᠡᠷ ᠠᠴᠠ ᠣᠢᠯᠭᠠᠭᠰᠠᠨ ᠨᠢ᠂ ᠥᠪᠥᠷ ᠮᠣᠩᠭᠤᠯ ︽ᠥᠭᠡᠷᠡᠴᠢᠯᠡᠯᠲᠡ︾ ᠶᠢ ᠭᠤᠣᠯ ᠰᠡᠳᠦᠪᠲᠦ ᠰᠤᠷᠭᠠᠨ ᠬᠥᠮᠦᠵᠢᠯ ᠤᠨ ᠪᠥᠬᠦ ᠶᠠᠪᠤᠴᠠ ᠳᠤ ᠲᠤᠭᠤᠰᠢᠯᠠᠭᠤᠯᠵᠤ᠂ ᠣᠯᠠᠨ ᠲᠦᠮᠡᠨ ᠤ ᠠᠰᠢᠭ ᠲᠤᠰᠠ ᠶᠢ ᠬᠤᠬᠢᠷᠠᠭᠤᠯᠤᠭᠰᠠᠨ ᠠᠰᠠᠭᠤᠳᠠᠯ ᠢ ᠥᠯᠥ ᠬᠠᠢᠬᠤᠷᠤᠭᠰᠠᠨ ᠢ ᠲᠤᠰᠬᠠᠶ ᠴᠡᠭᠴᠡᠯᠡᠨ ᠵᠠᠰᠠᠬᠤ ᠠᠵᠢᠯ ᠤᠨ ᠳᠤᠮᠳᠠ᠂ ᠶᠠᠳᠠᠭᠤ ᠶᠢ ᠲᠡᠳᠬᠦᠬᠦ᠂ ᠰᠤᠷᠭᠠᠨ ᠬᠥᠮᠦᠵᠢᠯ ᠡᠮ ᠡᠮᠨᠡᠯᠭᠡ᠂ ᠪᠠᠢᠭᠠᠯᠢ ᠣᠷᠴᠢᠨ ᠤ ᠬᠠᠮᠠᠭᠠᠯᠠᠯᠲᠠ᠂ ᠢᠳᠡᠭᠡᠨ ᠤ ᠵᠦᠢᠯ ᠡᠮ ᠤᠨ ᠵᠦᠢᠯ ᠤᠨ ᠠᠮᠤᠷ ᠲᠦᠪᠰᠢᠨ ᠵᠡᠷᠭᠡ ᠬᠦᠷᠢᠶᠡᠨ ᠳᠤ ᠣᠷᠣᠰᠢᠵᠤ ᠪᠠᠢᠭ᠎ᠠ ᠠᠰᠠᠭᠤᠳᠠᠯ ᠢ ᠰᠢᠢᠳᠪᠦᠷᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠣᠯᠠᠨ ᠲᠦᠮᠡᠨ ᠳᠤ ᠨᠢᠭᠡ ᠪᠦᠯᠦᠭ ᠪᠡᠷᠬᠡ ᠰᠡᠳᠦᠪ ᠢ ᠦᠨᠡᠨ ᠬᠦ ᠰᠢᠢᠳᠪᠦᠷᠢᠯᠡᠨ ᠥᠭᠴᠦ᠂ ᠱᠠᠲᠤᠴᠢ ᠴᠢᠨᠠᠷᠲᠠᠶ ᠦᠷ᠎ᠡ ᠪᠦᠲᠦᠮᠵᠢ ᠣᠯᠤᠭᠰᠠᠨ ᠪᠠᠢᠨ᠎ᠠ᠃      ᠲᠤᠰᠬᠠᠶ ᠴᠡᠭᠴᠡᠯᠡᠨ ᠵᠠᠰᠠᠯᠲᠠ ᠶᠢ ᠥᠷᠨᠢᠭᠦᠯᠦᠭᠰᠡᠨ ᠠᠴᠠ ᠨᠠᠭᠠᠰᠢ᠂ ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠢᠳᠡᠭᠡᠨ ᠤ ᠵᠦᠢᠯ ᠡᠮ ᠤᠨ ᠵᠦᠢᠯ ᠤᠨ ᠠᠮᠤᠷ ᠲᠦᠪᠰᠢᠨ᠂ ᠪᠠᠢᠭᠠᠯᠢ ᠤᠷᠴᠢᠨ ᠠᠭᠤᠷᠬᠠᠢ ᠶᠢᠨ ᠭᠠᠷᠤᠯᠲᠠ ᠶᠢᠨ ᠬᠦᠷᠢᠶᠡᠨ ᠳᠠᠬᠢ ᠡᠷᠬᠡ ᠳᠤ ᠬᠠᠯᠳᠠᠵᠤ ᠬᠠᠭᠤᠷᠮᠠᠭᠯᠠᠨ ᠦᠢᠯᠡᠲᠦᠭᠰᠡᠨ 645 ᠶᠠᠯᠠᠲᠤ ᠬᠡᠷᠡᠭ ᠢ ᠳᠡᠩᠨᠡᠨ ᠢᠯᠡᠷᠡᠭᠦᠯᠵᠦ᠂ 19 ᠶᠠᠯᠠᠲᠤ ᠠᠵᠢᠯᠯᠠᠭ᠎ᠠ ᠬᠢᠭᠰᠡᠨ ᠡᠭᠦᠷ᠂ 12 ᠶᠠᠯᠠᠲᠤ ᠠᠵᠢᠯᠯᠠᠭ᠎ᠠ ᠬᠢᠭᠰᠡᠨ ᠰᠡᠵᠢᠭᠳᠡᠨ ᠪᠠ 749 ᠶᠠᠯ᠎ᠠ ᠬᠢᠭᠰᠡᠨ ᠰᠡᠵᠢᠭᠳᠡᠨ ᠢ ᠪᠠᠷᠢᠪᠴᠢᠯᠠᠪᠠ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠢᠳᠡᠭᠡᠨ ᠤ ᠦᠢᠯᠡᠳᠪᠦᠷᠢᠯᠡᠯ ᠡᠵᠡᠩᠨᠡᠯᠲᠡ ᠶᠢᠨ ᠭᠤᠭᠴᠣᠭᠠᠨ ᠳᠠᠬᠢ ᠬᠠᠤᠯᠢ ᠲᠣᠭᠲᠠᠭᠠᠯ ᠠᠴᠠ ᠵᠥᠷᠢᠴᠡᠭᠰᠡᠨ 84 ᠠᠰᠠᠭᠤᠳᠠᠯ ᠢ ᠬᠡᠷᠡᠭ ᠪᠣᠯᠭᠠᠨ ᠳᠠᠩᠰᠠᠯᠠᠵᠤ ᠪᠠᠢᠴᠠᠭᠠᠨ ᠰᠢᠢᠳᠪᠦᠷᠢᠯᠡᠵᠦ᠂ 93 ᠡᠭᠦᠷ ᠭᠠᠵᠠᠷ ᠢ ᠡᠪᠳᠡᠵᠦ᠂ 152 ᠬᠤᠪᠢ ︽ᠡᠷᠡᠭᠦᠯᠵᠢᠯ︾ ᠤᠨ ᠵᠠᠬ᠎ᠠ ᠳᠡᠯᠭᠡᠭᠦᠷ ᠤᠨ ᠬᠡᠷᠡᠭ ᠢ ᠪᠠᠢᠴᠠᠭᠠᠨ ᠰᠢᠢᠳᠪᠦᠷᠢᠯᠡᠪᠡ᠃ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠢᠭᠤᠯᠤᠯᠲᠠ ᠶᠢᠨ ᠰᠠᠯᠠᠭ᠎ᠠ ᠮᠥᠴᠢᠷ ᠣᠷᠣᠨ ᠰᠠᠭᠤᠴᠠ ᠶᠢᠨ ᠲᠦᠷᠢᠶᠡᠰᠦᠯᠡᠯ ᠤᠨ ᠵᠠᠭᠤᠴᠢ ᠪᠠᠢᠭᠤᠯᠤᠮᠵᠢ ᠶᠢᠨ ᠡᠷᠦᠶ ᠬᠤᠷᠤᠶ ᠦᠭᠡᠢ ᠪᠠᠢᠲᠠᠯ ᠢ ᠭᠦᠨᠵᠡᠭᠡᠶ ᠴᠡᠭᠴᠡᠯᠡᠨ ᠵᠠᠰᠠᠵᠤ᠂ ᠭᠡᠷ ᠪᠠᠢᠰᠢᠩ ᠤᠨ ᠲᠦᠷᠢᠶᠡᠰᠦᠯᠡᠯ ᠤᠨ ᠵᠠᠭᠤᠴᠢ ᠪᠠᠢᠭᠤᠯᠤᠮᠵᠢ 73 ᠲᠠᠢ ᠪᠣᠯᠵᠣᠨ ᠶᠠᠷᠢᠯᠴᠠᠵᠤ ᠂ ᠵᠠᠷᠯᠢᠭᠳᠠᠵᠤ ᠪᠠᠢᠭᠠᠳ ᠬᠤᠭᠤᠴᠠᠭ᠎ᠠ ᠲᠣᠭᠲᠠᠭᠠᠨ 65 ᠬᠤᠪᠢ ᠶᠢ ᠨᠢ ᠴᠡᠭᠴᠡᠯᠡᠨ ᠥᠭᠡᠷᠡᠴᠢᠯᠡᠭᠦᠯᠵᠦ᠂ 8 ᠡᠷᠦᠬᠡ ᠶᠢ ᠨᠢ ᠴᠡᠭᠴᠡᠯᠡᠨ ᠥᠭᠡᠷᠡᠴᠢᠯᠡᠭᠦᠯᠵᠦ᠂ 46 ᠡᠷᠦᠬᠡ ᠶᠢ ᠨᠢ ᠰᠢᠢᠳᠬᠡᠪᠡ᠃      ᠶᠠᠳᠠᠭᠤ ᠶᠢ ᠲᠡᠳᠬᠦᠬᠦ ᠬᠦᠷᠢᠶᠡᠨ ᠳᠠᠬᠢ ᠠᠪᠯᠢᠭᠠᠯ ᠤᠨ ᠰᠤᠷᠲᠠᠯ ᠤᠨ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ᠂ ᠥᠪᠥᠷ ᠮᠣᠩᠭᠤᠯ ᠶᠠᠳᠠᠭᠤ ᠶᠢ ᠲᠡᠳᠬᠦᠬᠦ ᠬᠦᠷᠢᠶᠡᠨ ᠳᠠᠬᠢ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠲᠤᠰᠬᠠᠶ ᠬᠦᠯᠢᠶᠡᠨ ᠠᠪᠴᠤ ᠰᠢᠢᠳᠪᠦᠷᠢᠯᠡᠬᠦ ᠠᠵᠢᠯᠯᠠᠭ᠎ᠠ ᠥᠷᠨᠢᠭᠦᠯᠵᠦ᠂ ᠣᠯᠠᠨ ᠲᠦᠮᠡᠨ ᠤ ᠵᠠᠬᠢᠳᠠᠯ ᠰᠤᠷᠪᠤᠯᠵᠢᠯᠠᠭ᠎ᠠ ᠶᠢᠨ ᠭᠤᠮᠣᠳᠠᠯ ᠲᠣᠭᠠᠴᠢᠯᠲᠠ ᠶᠢᠨ ᠠᠰᠠᠭᠤᠳᠠᠯ ᠢ ᠲᠥᠪᠯᠡᠷᠡᠭᠦᠯᠦᠨ ᠬᠦᠯᠢᠶᠡᠨ ᠠᠪᠴᠤ ᠰᠢᠢᠳᠪᠦᠷᠢᠯᠡᠪᠡ᠃ 10 ᠰᠠᠷ᠎ᠠ ᠶᠢᠨ ᠰᠡᠭᠦᠯᠴᠢ ᠪᠣᠯᠲᠠᠯ᠎ᠠ᠂ ᠶᠠᠳᠠᠭᠤ ᠬᠦᠴᠢᠷᠳᠡᠯᠲᠡᠶ ᠡᠪᠡᠳᠴᠢᠲᠡᠨ ᠤ ᠡᠮᠨᠡᠯᠭᠡ ᠳᠤ ᠰᠠᠭᠤᠭᠰᠠᠨ ᠵᠠᠷᠤᠳᠠᠯ ᠤᠨ ᠳᠠᠩᠰᠠ ᠴᠠᠢᠷᠠᠭᠤᠯᠬᠤ ᠬᠠᠷᠢᠴᠠᠯ ᠢ 86.5 % ᠳᠤ ᠬᠦᠷᠭᠡᠵᠦ᠂ ᠲᠥᠪᠯᠡᠷᠡᠭᠦᠯᠦᠨ ᠠᠪᠤᠷᠠᠨ ᠡᠮᠨᠡᠬᠦ 25 ᠵᠦᠢᠯ ᠤᠨ ᠬᠦᠨᠳᠦ ᠡᠪᠡᠳᠴᠢᠨ ᠢ ᠠᠪᠤᠷᠠᠨ ᠡᠮᠨᠡᠬᠦ ᠨᠣᠷᠮ᠎ᠠ ᠶᠢ 99.9 % ᠳᠤ ᠬᠦᠷᠭᠡᠵᠦ᠂ ᠳᠠᠷᠠᠭᠠᠯᠠᠨ ᠪᠠᠢᠴᠠᠭᠠᠵᠤ ᠢᠯᠡᠷᠡᠭᠦᠯᠦᠭᠰᠡᠨ ᠶᠠᠳᠠᠭᠤ ᠬᠦᠴᠢᠷᠳᠡᠯᠲᠡᠶ ᠡᠷᠦᠬᠡ ᠶᠢᠨ ᠤᠤᠭᠤᠬᠤ ᠤᠰᠤᠨ ᠤ ᠠᠮᠤᠷ ᠲᠦᠪᠰᠢᠨ ᠤ ᠠᠰᠠᠭᠤᠳᠠᠯ ᠢ ᠰᠢᠢᠳᠪᠦᠷᠢᠯᠡᠵᠦ᠂ 4717 ᠳᠠᠩᠰᠠ ᠪᠠᠢᠭᠤᠯᠤᠨ ᠺᠠᠷᠲ ᠠᠪᠤᠭᠰᠠᠨ ᠶᠠᠳᠠᠭᠤ ᠬᠦᠴᠢᠷᠳᠡᠯᠲᠡᠶ ᠡᠷᠦᠬᠡ ᠶᠢᠨ ᠨᠤᠷᠠᠬᠤ ᠠᠶᠤᠯᠲᠠᠶ ᠭᠡᠷ ᠪᠠᠢᠰᠢᠩ ᠢ ᠰᠢᠨᠡᠳᠬᠡᠨ ᠵᠠᠰᠠᠬᠤ ᠡᠭᠦᠷᠭᠡ ᠶᠢ ᠪᠦᠬᠦᠨ ᠢ ᠪᠡᠶᠡᠯᠡᠭᠦᠯᠪᠡ᠃      ᠥᠪᠥᠷ ᠮᠣᠩᠭᠤᠯ ᠪᠠᠰᠠ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠲᠤᠰᠬᠠᠶ ᠴᠡᠭᠴᠡᠯᠡᠨ ᠵᠠᠰᠠᠬᠤ ᠲᠣᠮᠣ ᠳ᠋ᠠᠢᠲ᠋ᠠ ᠶᠢᠨ ᠲᠠᠪᠴᠠᠩ ᠢ ᠨᠡᠭᠡᠭᠡᠨ ᠬᠥᠭᠵᠢᠭᠦᠯᠵᠦ᠂ ᠬᠥᠳᠡᠭᠡ ᠲᠣᠰᠬᠤᠨ ᠪᠠ ᠬᠤᠲᠠ ᠪᠠᠯᠭᠠᠰᠤᠨ ᠤ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠵᠣᠭᠤᠰ ᠵᠢᠴᠢ ᠨᠤᠷᠠᠬᠤ ᠠᠶᠤᠯᠲᠠᠶ ᠭᠡᠷ ᠪᠠᠢᠰᠢᠩ ᠤᠨ ᠨᠥᠬᠦᠪᠥᠷᠢ ᠵᠣᠭᠤᠰ ᠢ ᠲᠣᠭᠲᠠᠭᠠᠯ ᠠᠴᠠ ᠵᠥᠷᠢᠴᠡᠨ ᠠᠪᠤᠭᠰᠠᠨ ᠵᠡᠷᠭᠡ ᠠᠰᠠᠭᠤᠳᠠᠯ ᠢ ᠬᠠᠷᠢᠴᠠᠭᠤᠯᠤᠨ ᠪᠠᠢᠴᠠᠭᠠᠵᠤ ᠭᠠᠷᠭᠠᠪᠠ᠃ ᠲᠤᠭ᠎ᠠ ᠪᠦᠷᠢᠳᠬᠡᠯ ᠤᠨ ᠬᠠᠭᠤᠷᠮᠠᠭ ᠦᠢᠯᠡᠲᠦᠭᠰᠡᠨ ᠠᠰᠠᠭᠤᠳᠠᠯ ᠳᠤ ᠴᠢᠭᠯᠡᠭᠦᠯᠦᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ 10 ᠠᠢᠮᠠᠭ ᠬᠤᠲᠠ ᠶᠢᠨ 295 ᠠᠵᠤ ᠠᠬᠤᠢᠯᠠᠯ ᠳᠤ ᠲᠤᠭ᠎ᠠ ᠪᠦᠷᠢᠳᠬᠡᠯ ᠤᠨ ᠬᠠᠣᠯᠢ ᠬᠡᠷᠡᠭᠵᠢᠭᠦᠯᠦᠯᠲᠡ ᠶᠢᠨ ᠪᠠᠢᠴᠠᠭᠠᠯᠲᠠ ᠥᠷᠨᠢᠭᠦᠯᠵᠦ᠂ ᠠᠰᠠᠭᠤᠳᠠᠯ ᠲᠠᠢ 92 ᠠᠵᠦ ᠠᠬᠤᠢᠯᠠᠯ ᠢ ᠢᠯᠡᠷᠡᠭᠦᠯᠵᠦ᠂ ᠬᠠᠮᠢᠶ᠎ᠠ ᠪᠦᠬᠦᠢ ᠠᠰᠠᠭᠤᠳᠠᠯ ᠢ ᠶᠠᠭ ᠰᠢᠢᠳᠪᠦᠷᠢᠯᠡᠵᠦ ᠪᠠᠶᠢᠨ᠎ᠠ᠃
 
ᠢᠷᠡᠯᠲᠡ᠄ ᠰᠢᠨᠬᠤᠧᠠ ᠮᠤᠩᠭᠤᠯ ᠨᠧᠲ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1