ᠥᠪᠥᠷ ᠮᠣᠩᠭᠤᠯ ᠠᠵᠤ ᠦᠢᠯᠡᠳᠪᠦᠷᠢ ᠶᠢᠨ ᠬᠥᠭᠵᠢᠯᠲᠡ ᠳᠤ ᠦᠷᠭᠦᠯᠵᠢᠯᠡᠨ ᠰᠢᠨ᠎ᠡ ᠬᠥᠳᠡᠯᠭᠡᠬᠦ ᠡᠨᠧᠷᠭᠢ ᠬᠠᠩᠭᠠᠵᠤ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠰᠢᠨ᠎ᠡ ᠰᠢᠪᠲᠤᠯᠤᠯᠲᠠ ᠶᠢ ᠪᠡᠶᠡᠯᠡᠭᠦᠯᠪᠡ
ᠨᠡᠶᠢᠲᠡᠯᠡᠭᠰᠡᠨ ᠴᠠᠭ᠄
2019-11-04
      ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠣᠳᠣᠬᠠᠨ ᠳᠤ᠂ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠨᠡᠮᠡᠭᠳᠡᠯ ᠤᠨ ᠶᠠᠰᠤ ᠴᠢᠨᠠᠷ ᠦᠷ᠎ᠡ ᠠᠰᠢᠭ ᠤᠯᠠᠮ ᠨᠢᠭᠡ ᠠᠯᠬᠤᠮ ᠳᠡᠭᠡᠭᠰᠢᠯᠡᠵᠦ᠂ ᠪᠥᠬᠦ ᠣᠷᠣᠨ ᠤ ᠠᠵᠤ ᠦᠢᠯᠡᠳᠪᠦᠷᠢ ᠶᠢᠨ ᠴᠢᠨᠠᠷ ᠰᠠᠶᠢᠲᠠᠶ ᠬᠥᠭᠵᠢᠯᠲᠡ ᠶᠢᠨ ᠪᠠᠶᠢᠳᠠᠯ ᠨᠡᠯᠢᠶᠡᠳ ᠰᠠᠶᠢᠨ ᠪᠠᠶᠢᠵᠤ᠂ ᠠᠵᠤ ᠦᠢᠯᠡᠰ ᠤᠨ ᠪᠦᠲᠦᠴᠡ ᠲᠠᠰᠤᠷᠠᠯᠲᠠ ᠥᠬᠡᠶ ᠰᠢᠯᠢᠳᠡᠭᠵᠢᠵᠦ᠂ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ ᠠᠯᠬᠤᠴᠠ ᠲᠦᠷᠭᠡᠰᠪᠡ᠃      ᠲᠦᠷᠦᠭᠦᠤ ᠭᠤᠷᠪᠠᠨ ᠤᠯᠠᠷᠢᠯ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠳᠣᠲᠣᠷ᠎ᠠ᠂ ᠤᠳᠤ ᠦᠶ᠎ᠡ ᠶᠢᠨ ᠨᠡᠭᠦᠷᠡᠰᠦᠨ ᠬᠢᠮᠢ ᠶᠢᠨ ᠠᠵᠤ ᠦᠢᠯᠡᠳᠪᠦᠷᠢ᠂ ᠳᠡᠭᠡᠳᠦ ᠮᠡᠷᠭᠡᠵᠢᠯ ᠤᠨ ᠦᠢᠯᠡᠳᠬᠦ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ ᠲᠣᠰ ᠲᠣᠰ 8.2% ᠪᠠ 8.1% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠲᠣᠰ ᠲᠣᠰ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠤᠨ ᠬᠢ ᠠᠴᠠ 0.5 ᠪᠠ 0.4 ᠵᠠᠭᠤᠨ ᠤ ᠴᠡᠭ ᠲᠦᠷᠭᠡᠨ ᠪᠣᠯᠪᠠ︔ ᠵᠢᠷᠭᠤᠭᠠᠨ ᠶᠡᠭᠡ ᠥᠨᠳᠥᠷ ᠬᠤᠷᠣᠭᠳᠠᠯᠲᠤ ᠠᠵᠢᠯ ᠲᠥᠷᠥᠯ ᠤᠨ ᠨᠡᠮᠡᠭᠳᠡᠯ ᠥᠷᠲᠡᠭ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠳᠤ ᠡᠵᠡᠯᠡᠬᠦ ᠬᠤᠪᠢ ᠶᠢᠨ ᠵᠢᠩ ᠨᠢ ᠠᠳᠠᠯᠢ ᠬᠤᠭᠤᠴᠠᠭᠠᠨ ᠤ ᠬᠢ ᠠᠴᠠ 6.3 ᠵᠠᠭᠤᠨ ᠤ ᠴᠡᠭ ᠪᠠᠭᠤᠷᠠᠪᠠ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠳᠣᠲᠣᠷ᠎ᠠ ᠡᠨᠧᠷᠭᠢ ᠶᠢᠨ ᠰᠤᠷᠪᠤᠯᠵᠢ ᠶᠢ ᠡᠳ᠋ᠰᠢᠭᠦᠯᠦᠨ ᠬᠤᠪᠢᠷᠠᠭᠤᠯᠬᠤ ᠠᠵᠤ ᠠᠬᠤᠶᠢᠯᠠᠯ 431 ᠡᠷᠦᠬᠡ ᠪᠠᠶᠢᠵᠤ᠂ ᠡᠨᠧᠷᠭᠢ ᠶᠢᠨ ᠰᠤᠷᠪᠤᠯᠵᠢ ᠶᠢ ᠡᠳ᠋ᠰᠢᠭᠦᠯᠦᠨ ᠬᠤᠪᠢᠷᠠᠭᠤᠯᠬᠤ ᠨᠣᠷᠮ᠎ᠠ ᠨᠢ ᠠᠳᠠᠯᠢ ᠬᠤᠭᠤᠴᠠᠭᠠᠨ ᠤ ᠬᠢ ᠠᠴᠠ 0.8 ᠵᠠᠭᠤᠨ ᠤ ᠴᠡᠭ ᠳᠡᠭᠡᠭᠰᠢᠯᠡᠪᠡ᠃ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠦᠢᠯᠡᠰ ᠤᠨ ᠳᠣᠲᠣᠷ᠎ᠠ᠂ ᠤᠶᠤᠨᠲᠤ ᠭᠠᠷ ᠤᠲᠠᠰᠤ᠂ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠵᠢᠵᠢᠭᠯᠡᠨ ᠬᠤᠳᠠᠯᠳᠤᠭᠰᠠᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ ᠲᠣᠰ ᠲᠣᠰ 66.2% ᠪᠠ 33.6% ᠪᠠᠷ ᠨᠡᠮᠡᠭᠳᠡᠪᠡ᠃      ᠰᠢᠨ᠎ᠡ ᠬᠥᠳᠡᠯᠭᠡᠭᠴᠢ ᠡᠨᠧᠷᠭᠢ ᠶᠢᠨ ᠪᠤᠶᠢᠵᠢᠭᠤᠯᠤᠯᠲᠠ ᠦᠷᠭᠦᠯᠵᠢᠯᠡᠨ ᠲᠦᠷᠭᠡᠳᠴᠦ᠂ ᠰᠢᠨ᠎ᠡ ᠪᠠᠷ ᠬᠥᠭᠵᠢᠭᠰᠡᠨ ᠠᠵᠤ ᠦᠢᠯᠡᠰ ᠦᠳᠲᠡᠷ ᠬᠥᠭᠵᠢᠪᠡ᠃ ᠲᠦᠷᠦᠭᠦᠤ ᠭᠤᠷᠪᠠᠨ ᠤᠯᠠᠷᠢᠯ ᠳᠤ᠂ ᠪᠥᠬᠦ ᠣᠷᠣᠨ ᠤ ᠨᠡᠭᠦᠷᠡᠰᠦᠨ ᠤ ᠪᠤᠰᠤ ᠠᠵᠤ ᠦᠢᠯᠡᠰ᠂ ᠲᠣᠨᠣᠭᠯᠠᠯ ᠦᠢᠯᠡᠳᠬᠦ ᠦᠢᠯᠡᠰ᠂ ᠳᠡᠭᠡᠳᠦ ᠮᠡᠷᠭᠡᠵᠢᠯ ᠤᠨ ᠦᠢᠯᠡᠳᠬᠦ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ ᠲᠣᠰ ᠲᠣᠰ 8.2%᠂ 18.5% ᠪᠠ 8.1% ᠪᠠᠷ ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠤᠨ ᠬᠤᠷᠳᠤᠴᠠ ᠠᠴᠠ ᠲᠣᠰ ᠲᠣᠰ 0.5᠂ 10.8 ᠪᠠ 0.4 ᠵᠠᠭᠤᠨ ᠤ ᠴᠡᠭ ᠲᠦᠷᠭᠡᠨ ᠪᠣᠯᠵᠠᠶ᠃ 1 — 8 ᠳ᠋ᠤᠭᠠᠷ ᠰᠠᠷ᠎ᠠ ᠳᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠪᠡᠶᠡᠯᠡᠭᠦᠯᠦᠭᠰᠡᠨ ᠠᠰᠢᠭ ᠬᠤᠨᠵᠢᠪᠣᠷᠢ ᠶᠢᠨ ᠶᠡᠷᠦᠩᠬᠡᠶ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 5.8% ᠨᠡᠮᠡᠭᠳᠡᠵᠦ᠂ ᠳᠡᠭᠡᠷ᠎ᠡ ᠬᠠᠭᠠᠰ ᠵᠢᠯ ᠤᠨ ᠬᠢ ᠠᠴᠠ 0.5 ᠵᠠᠭᠤᠨ ᠤ ᠴᠡᠭ ᠳᠡᠭᠡᠭᠰᠢᠯᠡᠵᠡᠶ᠃ ᠡᠭᠦᠨ ᠤ ᠬᠠᠮᠲᠤ᠂ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠪᠤᠶᠢᠵᠢᠭᠤᠯᠤᠯᠲᠠ ᠰᠢᠨ᠎ᠡ ᠰᠢᠪᠲᠤᠯᠤᠯᠲᠠ ᠲᠠᠢ ᠪᠣᠯᠪᠠ᠃      ᠰᠢᠨ᠎ᠡ ᠦᠢᠯᠡᠳᠬᠦᠨ ᠨᠡᠯᠢᠶᠡᠳ ᠲᠦᠷᠭᠡᠨ ᠨᠡᠮᠡᠭᠳᠡᠪᠡ᠃ ᠲᠦᠷᠦᠭᠦᠤ ᠭᠤᠷᠪᠠᠨ ᠤᠯᠠᠷᠢᠯ ᠳᠤ᠂ ᠪᠥᠬᠦ ᠣᠷᠣᠨ ᠤ ᠠᠵᠤ ᠦᠢᠯᠡᠳᠪᠦᠷᠢ ᠶᠢᠨ ᠮᠡᠷᠭᠡᠵᠢᠯ ᠤᠨ ᠥᠭᠡᠷᠡᠴᠢᠯᠡᠯᠲᠡ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 29% ᠨᠡᠮᠡᠭᠳᠡᠵᠦ᠂ ᠪᠥᠬᠦ ᠣᠷᠣᠨ ᠤ ᠨᠡᠯᠢᠶᠡᠳ ᠥᠨᠳᠥᠷ ᠮᠡᠷᠭᠡᠵᠢᠯ ᠤᠨ ᠠᠭᠤᠯᠤᠭᠳᠠᠴᠠ ᠪᠠ ᠨᠡᠯᠢᠶᠡᠳ ᠥᠨᠳᠥᠷ ᠨᠡᠮᠡᠯᠲᠡ ᠥᠷᠲᠡᠭ ᠤᠨ ᠠᠵᠤ ᠦᠢᠯᠡᠳᠪᠦᠷᠢ ᠶᠢᠨ ᠰᠢᠨ᠎ᠡ ᠦᠢᠯᠡᠳᠬᠦᠨ ᠤ ᠭᠠᠷᠤᠯᠲᠠ ᠦᠷᠭᠦᠯᠵᠢᠯᠡᠨ ᠨᠡᠯᠢᠶᠡᠳ ᠲᠦᠷᠭᠡᠨ ᠨᠡᠮᠡᠭᠳᠡᠪᠡ᠃ ᠤᠶᠤᠨᠲᠤ ᠲᠧᠯᠸᠢᠰ ᠤᠨ ᠦᠢᠯᠡᠳᠬᠦᠨ 106.8 ᠲᠦᠮᠡ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 1.2 ᠳᠠᠬᠢᠨ ᠢᠶᠠᠷ ᠨᠡᠮᠡᠭᠳᠡᠪᠡ︔ ᠳᠠᠩ ᠲᠠᠯᠠᠰᠲᠤ ᠴᠠᠬᠢᠭᠤᠷ 8.2 ᠲᠦᠮᠡᠨ ᠲᠣᠨ ᠳᠤ ᠬᠦᠷᠴᠦ᠂ 71.3% ᠪᠠᠷ ᠨᠡᠮᠡᠭᠳᠡᠪᠡ︔ ᠪᠠᠯ ᠴᠢᠯᠠᠭᠤ ᠵᠢᠴᠢ ᠨᠡᠭᠦᠷᠡᠰᠦᠲᠥ᠋ᠷᠥᠭᠴᠢ ᠶᠢᠨ ᠪᠦᠲᠦᠭᠡᠭᠳᠡᠬᠦᠨ 188.3 ᠲᠦᠮᠡᠨ ᠲᠣᠨ ᠳᠤ ᠬᠦᠷᠴᠦ᠂ 19.5% ᠪᠠᠷ ᠨᠡᠮᠡᠭᠳᠡᠪᠡ᠃      ᠣᠳᠣ ᠦᠶ᠎ᠡ ᠶᠢᠨ ᠡᠨᠧᠷᠭᠢ ᠶᠢᠨ ᠠᠵᠤ ᠠᠬᠤᠢ ᠶᠢᠨ ᠬᠥᠭᠵᠢᠯᠲᠡ ᠰᠢᠨ᠎ᠡ ᠰᠢᠪᠲᠤᠯᠤᠯᠲᠠ ᠲᠠᠢ ᠪᠣᠯᠪᠠ᠃ ᠪᠦᠬᠦ ᠣᠷᠣᠨ ᠤ 16 ᠵᠤᠷᠪᠤᠰ ᠬᠡᠲᠦ ᠥᠨᠳᠥᠷ ᠬᠦᠴᠦᠳᠡᠯᠲᠦ᠂ ᠣᠨᠴᠠ ᠥᠨᠳᠥᠷ ᠬᠦᠴᠦᠳᠡᠯᠲᠦ ᠴᠠᠬᠢᠯᠭᠠᠨ ᠭᠠᠳᠠᠭᠰᠢ ᠬᠦᠷᠭᠡᠬᠦ ᠨᠡᠪᠲᠡᠷᠡᠯ ᠵᠠᠮ ᠢ ᠠᠰᠢᠭᠯᠠᠯᠲᠠ ᠳᠤ ᠣᠷᠣᠭᠤᠯᠵᠤ᠂ ᠭᠠᠳᠠᠭᠰᠢ ᠭᠠᠷᠭᠠᠭᠰᠠᠨ ᠴᠠᠬᠢᠯᠭᠠᠨ ᠨᠢ ᠨᠡᠶᠢᠲᠡ 7000 ᠲᠦᠮᠡᠨ ᠺᠢᠯᠣᠸᠠᠲ ᠲᠤ ᠬᠦᠷᠴᠦ᠂ ᠰᠢᠨ᠎ᠡ ᠡᠨᠧᠷᠭᠢ ᠶᠢᠨ ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ 4059 ᠲᠦᠮᠡᠨ ᠺᠢᠯᠣᠸᠠᠲ ᠲᠤ ᠬᠦᠷᠴᠦ᠂ ᠪᠦᠬᠦ ᠮᠠᠰᠢᠨ ᠴᠣᠭᠴᠠᠯᠠᠪᠤᠷᠢ ᠶᠢᠨ 33% ᠶᠢ ᠡᠵᠡᠯᠡᠪᠡ᠃ ᠪᠠᠶᠢᠭᠠᠯᠢ ᠶᠢᠨ ᠰᠢᠲᠠᠮᠠᠬᠠᠶ ᠬᠡᠢ ᠶᠢᠨ ᠭᠠᠷᠤᠯᠲᠠ 243.6 ᠳ᠋ᠦᠩᠰᠢᠭᠤᠷ ᠪᠣᠰᠤᠭ᠎ᠠ ᠳᠥᠷᠪᠡᠯᠵᠢᠨ ᠮᠧᠳ᠋ᠷ ᠲᠤ ᠬᠦᠷᠴᠦ᠂ ᠪᠦᠬᠦ ᠤᠯᠤᠰ ᠤᠨ 1 / 6 ᠶᠢ ᠡᠵᠡᠯᠡᠪᠡ᠃ ᠨᠢᠭᠡᠨᠲᠡ ᠪᠠᠶᠢᠭᠤᠯᠤᠭᠰᠠᠨ ᠨᠡᠭᠦᠷᠡᠰᠦᠨ ᠲᠣᠰᠣ ᠦᠢᠯᠡᠳᠪᠦᠷᠢᠯᠡᠬᠦ ᠴᠢᠳᠠᠪᠤᠷᠢ 124 ᠲᠦᠮᠡᠨ ᠲᠣᠨ ᠳᠤ ᠬᠦᠷᠴᠦ᠂ 2018 ᠣᠨ ᠤ ᠭᠠᠷᠤᠯᠲᠠ 103 ᠲᠦᠮᠡᠨ ᠲᠣᠨ ᠳᠤ ᠬᠦᠷᠴᠦ᠂ ᠪᠦᠬᠦ ᠤᠯᠤᠰ ᠲᠤ ᠬᠤᠶᠠᠳᠤᠭᠠᠷ ᠲᠤ ᠲᠣᠳᠣᠷᠠᠪᠠ︔ ᠨᠡᠭᠦᠷᠡᠰᠦᠨ ᠬᠡᠢ ᠦᠢᠯᠡᠳᠪᠦᠷᠢᠯᠡᠬᠦ ᠴᠢᠳᠠᠪᠤᠷᠢ 17.3 ᠳ᠋ᠦᠩᠰᠢᠭᠤᠷ ᠪᠣᠰᠤᠭ᠎ᠠ ᠳᠥᠷᠪᠡᠯᠵᠢᠨ ᠮᠧᠳ᠋ᠷ ᠲᠤ ᠬᠦᠷᠴᠦ᠂ 2018 ᠣᠨ ᠤ ᠭᠠᠷᠤᠯᠲᠠ 15.7 ᠳ᠋ᠦᠩᠰᠢᠭᠤᠷ ᠪᠣᠰᠤᠭ᠎ᠠ ᠳᠥᠷᠪᠡᠯᠵᠢᠨ ᠮᠧᠳ᠋ᠷ ᠲᠤ ᠬᠦᠷᠴᠦ᠂ ᠪᠦᠬᠦ ᠤᠯᠤᠰ ᠲᠤ ᠲᠡᠷᠢᠭᠦᠯᠡᠪᠡ᠃
 
ᠢᠷᠡᠯᠲᠡ᠄ ᠦᠪᠤᠷ ᠮᠤᠩᠭᠤᠯ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1