ᠮᠠᠨ ᠤ ᠣᠷᠣᠨ ᠤ ᠳᠥᠷᠪᠡᠨ ᠰᠠᠯᠠᠭ᠎ᠠ ᠮᠥᠴᠢᠷ ᠢᠳᠡᠭᠡᠨ ᠪᠠ ᠡᠮ ᠤᠨ ᠵᠦᠢᠯ ᠤᠨ ︽ᠳᠥᠷᠪᠡᠨ ᠬᠠᠮᠤᠭ ᠤᠨ ᠴᠢᠩᠭ᠎ᠠ︾ ᠱᠠᠭᠠᠷᠳᠠᠯᠭ᠎ᠠ ᠶᠢ ᠬᠠᠮᠲᠤᠷᠠᠨ ᠨᠠᠶᠢᠳᠠᠪᠤᠷᠢᠵᠢᠭᠤᠯᠪᠠ
ᠨᠡᠶᠢᠲᠡᠯᠡᠭᠰᠡᠨ ᠴᠠᠭ᠄
2019-11-04
      10 ᠳ᠋ᠤᠭᠠᠷ ᠰᠠᠷ᠎ᠠ ᠶᠢᠨ 30 ᠤ ᠡᠳᠦᠷ ᠤᠨ ᠦᠳᠡ ᠶᠢᠨ ᠬᠤᠶᠢᠨ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠪᠠᠶᠢᠭᠤᠯᠭ᠎ᠠ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠡᠮ ᠤᠨ ᠵᠦᠶ᠋ᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠢᠳᠡᠭᠡᠨ ᠪᠠ ᠡᠮ ᠤᠨ ᠵᠦᠶ᠋ᠯ ᠤᠨ ᠠᠮᠤᠷ ᠲᠦᠪᠰᠢᠨ ᠤ ︽ᠳᠥᠷᠪᠡᠨ ᠬᠠᠮᠤᠭ ᠤᠨ ᠴᠢᠩᠭ᠎ᠠ︾ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠲᠤᠰᠬᠠᠶ ᠠᠵᠢᠯᠯᠠᠭ᠎ᠠ ᠶᠢ ᠳᠠᠶᠢᠴᠢᠯᠠᠨ ᠪᠠᠶᠢᠷᠢᠯᠠᠭᠤᠯᠬᠤ ᠲᠧᠯᠸᠢᠰ ᠳ᠋ᠢᠶᠠᠩᠬᠤᠸᠠ ᠬᠤᠷᠠᠯ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠤᠷᠢᠶ᠎ᠠ ᠳᠤ ᠬᠤᠷᠠᠯᠳᠤᠪᠠ᠃      ᠬᠤᠷᠠᠯ ᠠᠴᠠ ᠲᠤᠰᠬᠠᠶ ᠠᠵᠢᠯᠯᠠᠭ᠎ᠠ ᠶᠢ ᠨᠠᠶᠢᠳᠠᠪᠤᠷᠢᠵᠢᠭᠤᠯᠬᠤ ᠨᠠᠢᠮᠠᠨ ᠵᠦᠶ᠋ᠯ ᠤᠨ ᠠᠷᠭ᠎ᠠ ᠬᠡᠮᠵᠢᠶ᠎ᠡ ᠶᠢ ᠲᠣᠳᠣᠷᠬᠠᠶᠢᠯᠠᠪᠠ᠄ ︽ᠭᠤᠷᠪᠠᠨ ᠪᠠᠶᠢᠴᠠᠭᠠᠯᠲᠠ ᠶᠢ ᠨᠢᠭᠡᠳᠬᠡᠬᠦ︾ ᠳᠦᠷᠢᠮ ᠤᠨ ᠳᠠᠪᠠᠭᠤᠯᠢᠭ ᠢ ᠭᠦᠶ᠋ᠴᠡᠳ ᠪᠠᠳᠠᠷᠠᠭᠤᠯᠵᠤ᠂ ᠢᠳᠡᠭᠡᠨ ᠪᠠ ᠡᠮ ᠤᠨ ᠵᠦᠶ᠋ᠯ ᠤᠨ ᠬᠦᠷᠢᠶᠡᠨ ᠤ ᠪᠦᠬᠦ ᠲᠠᠯ᠎ᠠ ᠶᠢᠨ ᠬᠠᠮᠠᠭᠠᠯᠠᠯᠲᠠ ᠶᠢ ᠠᠬᠢᠭᠤᠯᠬᠤ ᠬᠡᠷᠡᠭᠲᠡᠢ︔ ᠢᠳᠡᠭᠡᠨ ᠪᠠ ᠡᠮ ᠤᠨ ᠵᠦᠶ᠋ᠯ ᠤᠨ ᠠᠮᠤᠷ ᠲᠦᠪᠰᠢᠨ ᠳᠤ ᠬᠤᠤᠷ ᠬᠥᠨᠥᠭᠡᠯ ᠤᠴᠠᠷᠠᠭᠤᠯᠤᠭᠰᠠᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠬᠡᠷᠡᠭᠲᠡᠢ︔ ᠬᠡᠷᠡᠭ ᠤᠨ ᠰᠦᠪᠡᠭᠴᠢ ᠶᠢ ᠣᠶᠢᠯᠠᠭᠠᠨ ᠰᠢᠭᠰᠢᠵᠦ ᠬᠠᠷᠭᠤᠭᠤᠯᠤᠨ ᠪᠠᠶᠢᠴᠠᠭᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠬᠤ ᠬᠡᠷᠡᠭᠲᠡᠢ︔ ᠪᠠᠶᠢᠴᠠᠭᠠᠬᠤ ᠰᠠᠨᠠᠭᠤᠯᠭ᠎ᠠ ᠶᠢᠨ ᠦᠶ᠋ᠯᠡᠳᠦᠯ ᠢ ᠭᠦᠶ᠋ᠴᠡᠳ ᠪᠠᠳᠠᠷᠠᠭᠤᠯᠵᠤ᠂ ᠬᠢᠨᠠᠯᠲᠠ ᠬᠠᠮᠢᠶᠠᠷᠤᠯᠲᠠ ᠶᠢᠨ ᠠᠯᠳᠠᠰᠢ ᠭᠠᠷᠬᠤ ᠶᠢ ᠰᠡᠷᠭᠡᠶᠢᠯᠡᠨ ᠬᠤᠷᠢᠭᠯᠠᠬᠤ ᠬᠡᠷᠡᠭᠲᠡᠶ︔ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠡᠭᠦᠷᠭᠡ ᠴᠢᠳᠠᠪᠤᠷᠢ ᠶᠢ ᠭᠦᠶ᠋ᠴᠡᠳ ᠪᠠᠳᠠᠷᠠᠭᠤᠯᠵᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠠᠬᠢᠭᠤᠯᠬᠤ ᠬᠡᠷᠡᠭᠲᠡᠢ︔ ᠵᠢᠭᠠᠨ ᠵᠢᠯᠣᠭᠤᠳᠬᠤ ᠪᠠ ᠰᠢᠪᠠᠳᠠᠨ ᠰᠢᠶ᠋ᠳᠪᠦᠷᠢᠯᠡᠭᠦᠯᠬᠦ ᠡᠷᠴᠢᠮ ᠢᠶᠠᠨ ᠴᠢᠩᠭᠠᠷᠠᠭᠤᠯᠬᠤ ᠬᠡᠷᠡᠭᠲᠡᠶ︔ ᠨᠡᠪᠲᠡᠷᠡᠯᠴᠡᠭᠡ ᠪᠠ ᠵᠣᠬᠢᠴᠠᠭᠤᠯᠭ᠎ᠠ ᠪᠠᠨ ᠴᠢᠩᠭᠠᠳᠬᠠᠵᠤ᠂ ᠣᠯᠠᠨ ᠲᠠᠯ᠎ᠠ ᠪᠠᠷ ᠠᠰᠢᠭ ᠬᠦᠷᠲᠡᠵᠦ ᠬᠠᠮᠲᠤ ᠪᠠᠷ ᠠᠰᠢᠭ ᠬᠦᠷᠲᠡᠬᠦ ᠶᠢ ᠪᠡᠶᠡᠯᠡᠭᠦᠯᠬᠦ ᠬᠡᠷᠡᠭᠲᠡᠢ︔ ᠲᠤᠰᠬᠠᠶᠢᠵᠢᠭᠰᠠᠨ ᠬᠢᠨᠠᠯᠲᠠ ᠲᠠᠯᠪᠢᠬᠤ ᠴᠢᠳᠠᠪᠤᠷᠢ ᠶᠢᠨ ᠪᠠᠶᠢᠭᠤᠯᠤᠯᠲᠠ ᠶᠢ ᠦᠨᠡᠨ ᠬᠦ ᠳᠡᠭᠡᠭᠰᠢᠯᠡᠭᠦᠯᠬᠦ ᠬᠡᠷᠡᠭᠲᠡᠢ᠃      ᠥᠪᠡᠷᠲᠡᠭᠡᠨ ᠵᠠᠰᠠᠬᠤ ᠣᠷᠣᠨ ᠤ ᠡᠮ ᠤᠨ ᠵᠦᠶ᠋ᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠥᠬᠦ ᠣᠷᠣᠨ ᠤ ᠡᠮ ᠤᠨ ᠵᠦᠶ᠋ᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠥᠷᠨᠢᠭᠦᠯᠦᠭᠰᠡᠨ ᠪᠠᠶᠢᠳᠠᠯ ᠢ ᠨᠡᠪᠲᠡᠷᠡᠭᠦᠯᠵᠦ᠂ ︽ᠬᠡᠷᠡᠭᠵᠢᠭᠦᠯᠬᠦ ᠲᠥᠰᠦᠯ︾᠂ ︽ᠬᠡᠷᠡᠭ ᠰᠢᠶ᠋ᠳᠪᠦᠷᠢᠯᠡᠬᠦ ᠠᠵᠢᠯ ᠤᠨ ᠭᠤᠤᠯᠳᠠᠯᠭ᠎ᠠ︾ ᠶᠢ ᠴᠢᠩᠭ᠎ᠠ ᠵᠢᠷᠤᠮᠯᠠᠨ᠂ ᠡᠮ ᠤᠨ ᠵᠦᠢᠯ ᠳᠤ ᠬᠤᠯᠪᠣᠭᠳᠠᠭᠰᠠᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠬᠦᠨᠳᠦ ᠪᠠᠷ ᠰᠢᠢᠳᠭᠡᠬᠦ ᠬᠡᠷᠡᠭᠲᠡᠶ ᠭᠡᠵᠦ ᠳᠤᠷᠠᠳᠪᠠ︔ ᠪᠠᠶᠢᠴᠠᠭᠠᠬᠤ ᠪᠠᠶᠢᠭᠤᠯᠭ᠎ᠠ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠯᠤᠭ᠎ᠠ ᠡᠮ ᠤᠨ ᠵᠦᠶ᠋ᠯ ᠤᠨ ᠬᠡᠷᠡᠭ ᠤᠨ ᠰᠦᠪᠡᠭᠴᠢ ᠶᠢ ᠰᠢᠯᠵᠢᠭᠦᠯᠦᠨ ᠬᠦᠷᠭᠡᠬᠦ᠂ ᠬᠡᠷᠡᠭ ᠢ ᠨᠡᠪᠲᠡᠷᠡᠭᠦᠯᠬᠦ᠂ ᠬᠠᠮᠲᠤᠷᠠᠭᠰᠠᠨ ᠬᠤᠷᠠᠯ ᠵᠢᠴᠢ ᠰᠣᠯᠢᠯᠴᠠᠨ ᠰᠤᠷᠤᠯᠴᠠᠬᠤ ᠵᠡᠷᠭᠡ ᠠᠵᠢᠯ ᠤᠨ ᠲᠣᠭᠲᠠᠴᠠ ᠶᠢ ᠰᠠᠨᠠᠭᠠᠴᠢᠯᠠᠭ᠎ᠠ ᠠᠴᠠ ᠪᠠᠨ ᠪᠠᠶᠢᠭᠤᠯᠵᠤ᠂ ᠡᠮ ᠤᠨ ᠵᠦᠶ᠋ᠯ ᠤᠨ ᠠᠮᠤᠷ ᠲᠦᠪᠰᠢᠨ ᠢ ᠬᠠᠮᠠᠭᠠᠯᠠᠬᠤ ᠨᠡᠶᠢᠯᠡᠮᠡᠯ ᠬᠦᠴᠦᠨ ᠢ ᠪᠤᠢ ᠪᠣᠯᠭᠠᠬᠤ ᠬᠡᠷᠡᠭᠲᠡᠶ︔ ᠪᠠᠶᠢᠴᠠᠭᠠᠬᠤ ᠪᠠᠶᠢᠭᠤᠯᠭ᠎ᠠ ᠶᠢᠨ ᠲᠣᠭᠲᠠᠭᠠᠨ ᠲᠠᠷᠬᠠᠭᠠᠭᠰᠠᠨ ᠪᠠᠶᠢᠴᠠᠭᠠᠬᠤ ᠰᠠᠨᠠᠭᠤᠯᠭ᠎ᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠬᠤ ᠶᠢᠨ ᠬᠠᠮᠲᠤ ᠨᠠᠷᠢᠨ ᠬᠢᠨᠠᠮᠠᠭᠠᠶ ᠰᠤᠳᠤᠯᠤᠨ ᠨᠠᠶᠢᠳᠠᠪᠤᠷᠢᠵᠢᠭᠤᠯᠵᠣ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠠᠬᠢᠭᠤᠯᠬᠤ ᠬᠡᠷᠡᠭᠲᠡᠶ ᠭᠡᠪᠡ᠃      ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠠᠴᠠ ᠪᠦᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠨᠤᠭᠤᠳ ᠨᠢ ᠢᠳᠡᠭᠡᠨ ᠪᠠ ᠡᠮ ᠤᠨ ᠵᠦᠢᠯ ᠤᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠴᠦ᠂ ᠠᠷᠠᠳ ᠣᠯᠠᠨ ᠤ ᠪᠡᠶ᠎ᠡ ᠮᠠᠬᠠᠪᠣᠳ ᠤᠨ ᠡᠷᠡᠭᠦᠯ ᠴᠢᠬᠢᠷᠠᠭ ᠪᠠ ᠠᠮᠢ ᠨᠠᠰᠤᠨ ᠤ ᠡᠷᠡᠭᠦᠯ ᠡᠩᠬᠡ ᠶᠢ ᠪᠠᠲᠤᠯᠠᠬᠤ ᠬᠡᠷᠡᠭᠲᠡᠶ ᠭᠡᠵᠦ ᠳᠤᠷᠠᠳᠪᠠ᠃ ᠢᠳᠡᠭᠡᠨ ᠪᠠ ᠡᠮ ᠤᠨ ᠵᠦᠶ᠋ᠯ ᠤᠨ ᠡᠷᠡᠭᠦᠤ ᠰᠢᠶ᠋ᠳᠬᠡᠯ ᠢ ᠵᠣᠯᠭᠠᠭᠤᠯᠬᠤ ᠠᠷᠭ᠎ᠠ ᠶᠢᠨ ᠨᠠᠶᠢᠳᠠᠪᠤᠷᠢᠵᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠵᠤ᠂ ᠰᠦᠪᠡᠭᠴᠢ ᠶᠢ ᠮᠡᠳᠡᠭᠡᠯᠡᠬᠦ᠂ ᠬᠡᠷᠡᠭ ᠢ ᠰᠢᠯᠵᠢᠭᠦᠯᠦᠨ ᠲᠤᠰᠢᠶᠠᠬᠤ᠂ ᠰᠢᠯᠭᠠᠨ ᠪᠠᠶᠢᠴᠠᠭᠠᠵᠤ ᠬᠢᠨᠠᠨ ᠲᠣᠭᠲᠠᠭᠠᠬᠤ ᠵᠢᠴᠢ ᠵᠠᠷᠤᠳᠠᠯ ᠤᠨ ᠪᠠᠲᠤᠯᠠᠭ᠎ᠠ ᠵᠡᠷᠭᠡ ᠶᠢ ᠵᠣᠯᠭᠠᠭᠤᠯᠬᠤ ᠲᠣᠭᠲᠠᠴᠠ ᠶᠢ ᠲᠠᠰᠤᠷᠠᠯᠲᠠ ᠥᠬᠡᠶ ᠲᠡᠭᠦᠯᠳᠡᠷᠵᠢᠭᠦᠯᠬᠦ ᠬᠡᠷᠡᠭᠲᠡᠢ᠃ ᠬᠡᠷᠡᠭ ᠢ ᠢᠯᠡᠷᠡᠭᠦᠯᠬᠦ ᠴᠣᠬᠢᠯᠲᠠ ᠥᠭᠬᠦ ᠪᠠ ᠬᠠᠤᠯᠢ ᠬᠡᠷᠡᠭᠵᠢᠭᠦᠯᠬᠦ ᠶᠢ ᠵᠢᠷᠤᠮᠵᠢᠭᠤᠯᠬᠤ᠂ ᠶᠠᠯᠠᠲᠤ ᠠᠵᠢᠯᠯᠠᠭ᠎ᠠ ᠶᠢ ᠵᠠᠯᠬᠠᠭᠠᠨ ᠰᠢᠢᠳᠬᠡᠬᠦ ᠪᠠ ᠡᠷᠬᠡ ᠠᠰᠢᠭ ᠢ ᠪᠠᠲᠤᠯᠠᠬᠤ ᠶᠢ ᠵᠡᠷᠭᠡ ᠪᠠᠷ ᠴᠢᠬᠤᠯᠠᠴᠢᠯᠠᠬᠤ ᠵᠠᠷᠴᠢᠮ ᠢ ᠪᠠᠷᠢᠮᠲᠠᠯᠠᠵᠤ᠂ ᠬᠠᠤᠯᠢ ᠶᠣᠰᠣᠭᠠᠷ ᠬᠡᠷᠡᠭ ᠰᠢᠶ᠋ᠳᠪᠦᠷᠢᠯᠡᠬᠦ ᠶᠢ ᠴᠢᠩᠳᠠᠯᠠᠬᠤ ᠬᠡᠷᠡᠭᠲᠡᠶ ᠭᠡᠪᠡ᠃      ᠣᠶᠢᠯᠠᠭᠠᠭᠰᠠᠨ ᠢᠶᠠᠷ᠂ ︽ᠳᠥᠷᠪᠡᠨ ᠬᠠᠮᠤᠭ ᠤᠨ ᠴᠢᠩᠭ᠎ᠠ︾ ᠭᠡᠳᠡᠭ ᠨᠢ ᠬᠠᠮᠤᠭ ᠤᠨ ᠴᠢᠩᠭ᠎ᠠ ᠪᠠᠷᠢᠮᠵᠢᠶ᠎ᠠ᠂ ᠬᠠᠮᠤᠭ ᠤᠨ ᠴᠢᠩᠭ᠎ᠠ ᠬᠢᠨᠠᠯᠲᠠ ᠬᠠᠮᠢᠶᠠᠷᠤᠯᠲᠠ᠂ ᠬᠠᠮᠤᠭ ᠤᠨ ᠴᠢᠩᠭ᠎ᠠ ᠰᠢᠢᠳᠬᠡᠯ᠂ ᠬᠠᠮᠤᠭ ᠤᠨ ᠲᠥᠪ ᠴᠢᠩᠭ᠎ᠠ ᠬᠠᠷᠢᠭᠤᠴᠠᠯᠭ᠎ᠠ ᠲᠤᠯᠭᠠᠵᠤ ᠪᠠᠷ ᠳᠠᠮᠵᠢᠨ ᠢᠳᠡᠭᠡᠨ ᠪᠠ ᠵᠦᠶ᠋ᠯ ᠡᠮ ᠤᠨ ᠵᠦᠶ᠋ᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠦᠨᠡᠨ ᠬᠦ ᠴᠢᠩᠭᠠᠳᠬᠠᠬᠤ ᠶᠠᠪᠤᠳᠠᠯ ᠪᠣᠯᠤᠨ᠎ᠠ᠃ ᠲᠤᠰᠬᠠᠶ ᠠᠵᠢᠯᠯᠠᠭ᠎ᠠ ᠨᠢ 2019 ᠣᠨ ᠤ 9 ᠳ᠋ᠤᠭᠡᠷ ᠰᠠᠷ᠎ᠠ ᠳᠤ ᠡᠬᠢᠯᠡᠭᠰᠡᠨ ᠠᠴᠠ 2020 ᠣᠨ ᠤ 12 ᠳ᠋ᠤᠭᠠᠷ ᠰᠠᠷ᠎ᠠ ᠪᠣᠯᠲᠠᠯ᠎ᠠ ᠶᠠᠪᠤᠭᠳᠠᠬᠤ ᠪᠤᠯᠤᠨ᠎ᠠ᠃
 
ᠢᠷᠡᠯᠲᠡ᠄ ᠦᠪᠤᠷ ᠮᠤᠩᠭᠤᠯ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1