ᠮᠠᠨ ᠤ ᠣᠷᠣᠨ ᠤ 43 ᠰᠢᠶᠠᠩ ᠪᠠᠯᠭᠠᠰᠤ 22 ᠰᠢᠶᠠᠨ ᠤ ᠬᠤᠲᠠ ᠤᠯᠤᠰ ᠤᠨ ᠡᠷᠡᠭᠦᠯ ᠬᠠᠮᠠᠭᠠᠯᠠᠯ ᠤᠨ ᠰᠢᠶᠠᠩ ᠪᠠᠯᠭᠠᠰᠤ ᠪᠠ ᠰᠢᠶᠠᠨ ᠤ ᠬᠤᠲᠠ ᠪᠠᠷ ᠰᠤᠩᠭᠤᠭᠳᠠᠪᠠ
ᠨᠡᠶᠢᠲᠡᠯᠡᠭᠰᠡᠨ ᠴᠠᠭ᠄
2019-11-04
      ᠲᠦᠷᠦᠭᠦᠬᠡᠨ᠂ ᠬᠥᠯᠥᠨ ᠪᠤᠶᠢᠷ ᠬᠤᠲᠠ ᠶᠢᠨ ᠣᠷᠴᠣᠨ ᠤ ᠥᠪᠡᠷᠲᠡᠭᠡᠨ ᠵᠠᠰᠠᠬᠤ ᠬᠤᠰᠢᠭᠤ ᠶᠢᠨ ᠢᠯᠢ ᠪᠠᠯᠭᠠᠰᠤ ᠵᠡᠷᠭᠡ ᠪᠥᠬᠦ ᠣᠷᠣᠨ ᠤ 43 ᠰᠢᠶᠠᠩ ᠪᠠᠯᠭᠠᠰᠤ ᠵᠢᠴᠢ ᠣᠷᠴᠣᠨ ᠤ ᠥᠪᠡᠷᠲᠡᠭᠡᠨ ᠵᠠᠰᠠᠬᠤ ᠬᠤᠰᠢᠭᠤ ᠵᠡᠷᠭᠡ ᠪᠥᠬᠦ ᠣᠷᠣᠨ ᠤ 22 ᠰᠢᠶᠠᠨ ᠤ ᠬᠤᠲᠠ 2017 — 2019 ᠣᠨ ᠤ ᠦᠶᠡᠯᠡᠯ ᠤᠨ ᠬᠤᠭᠤᠴᠠᠭᠠᠨ ᠤ ᠤᠯᠤᠰ ᠤᠨ ᠡᠷᠡᠭᠦᠯ ᠬᠠᠮᠠᠭᠠᠯᠠᠯ ᠤᠨ ᠰᠢᠶᠠᠩ ᠪᠠᠯᠭᠠᠰᠤ ᠪᠠ ᠰᠢᠶᠠᠨ ᠤ ᠬᠤᠲᠠ ᠪᠠᠷ ᠰᠤᠩᠭᠤᠭᠳᠠᠪᠠ᠃      ᠣᠶᠢᠯᠠᠭᠠᠭᠰᠠᠨ ᠢᠶᠠᠷ᠂ 2017 ᠣᠨ ᠤ 6 ᠳ᠋ᠤᠭᠠᠷ ᠰᠠᠷ᠎ᠠ ᠠᠴᠠ 2019 ᠣᠨ ᠤ 9 ᠳ᠋ᠦ᠋ᠭᠡᠷ ᠰᠠᠷ᠎ᠠ ᠪᠣᠯᠲᠠᠯ᠎ᠠ᠂ ︽ᠤᠯᠤᠰ ᠤᠨ ᠡᠷᠡᠭᠦᠯ ᠬᠠᠮᠠᠭᠠᠯᠠᠯ ᠤᠨ ᠰᠢᠶᠠᠩ ᠪᠠᠯᠭᠠᠰᠤ ︵ᠰᠢᠶᠠᠨ ᠤ ᠬᠤᠲᠠ︶ ᠶᠢᠨ ᠬᠢᠨᠠᠨ ᠰᠢᠯᠭᠠᠷᠠᠭᠤᠯᠬᠤ ᠠᠵᠢᠯ ᠢ ᠳᠣᠷᠣᠭᠰᠢ ᠪᠠᠭᠤᠯᠭᠠᠬᠤ ᠶᠢ ᠰᠠᠶᠢᠲᠤᠷ ᠬᠢᠬᠦ ᠲᠤᠬᠠᠶ ᠪᠥᠬᠦ ᠤᠯᠤᠰ ᠤᠨ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠵᠥᠪᠯᠡᠯ ᠤᠨ ᠵᠢᠯᠣᠭᠤᠳᠬᠤ ᠰᠠᠨᠠᠯ ︵ᠲᠤᠷᠰᠢᠨ ᠬᠡᠷᠡᠭᠵᠢᠭᠦᠯᠬᠦ︶︾ ᠤᠨ ᠱᠠᠭᠠᠷᠳᠠᠯᠭ᠎ᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠵᠥᠪᠯᠡᠯ ᠨᠢ ᠲᠤᠰᠬᠠᠶ ᠮᠡᠷᠭᠡᠵᠢᠯᠲᠡᠨ ᠤ ᠳᠤᠭᠤᠶᠢᠯᠠᠩ ᠢ ᠵᠣᠬᠢᠶᠠᠨ ᠪᠠᠢᠭᠤᠯᠵᠤ 2017 — 2019 ᠣᠨ ᠤ ᠦᠶᠡᠯᠡᠯ ᠤᠨ ᠬᠤᠭᠤᠴᠠᠭᠠᠨ ᠤ ᠤᠯᠤᠰ ᠤᠨ ᠡᠷᠡᠭᠦᠯ ᠬᠠᠮᠠᠭᠠᠯᠠᠯ ᠤᠨ ᠰᠢᠶᠠᠩ ᠪᠠᠯᠭᠠᠰᠤ ︵ᠰᠢᠶᠠᠨ ᠤ ᠬᠤᠲᠠ︶ ᠶᠢ ᠰᠢᠨ᠎ᠡ ᠪᠠᠷ ᠭᠤᠶᠤᠴᠢᠯᠠᠨ ᠪᠠᠶᠢᠭᠤᠯᠤᠭᠰᠠᠨ ᠭᠠᠵᠠᠷ ᠣᠷᠣᠨ ᠤ ᠠᠵᠢᠯ ᠤᠨ ᠪᠠᠶᠢᠳᠠᠯ ᠳᠤ ᠳᠠᠯᠳᠠᠭᠤᠷ ᠰᠤᠷᠪᠤᠯᠵᠢᠯᠠᠬᠤ ᠪᠠ ᠮᠡᠷᠭᠡᠵᠢᠯ ᠤᠨ ᠦᠨᠡᠯᠡᠯᠲᠡ ᠬᠢᠭᠰᠡᠨ ᠪᠥᠭᠡᠳ ᠡᠨᠡ ᠵᠢᠯ ᠤᠨ 9 ᠳ᠋ᠦ᠋ᠭᠡᠷ ᠰᠠᠷ᠎ᠠ ᠳᠤ ᠶᠡᠷᠦᠩᠬᠡᠶᠢᠯᠡᠭᠰᠡᠨ ᠬᠢᠨᠠᠨ ᠰᠢᠯᠭᠠᠷᠠᠭᠤᠯᠬᠤ ᠠᠵᠢᠯ ᠢ ᠬᠢᠪᠡ᠃      ᠬᠢᠨᠠᠨ ᠰᠢᠯᠭᠠᠷᠠᠭᠤᠯᠤᠯᠲᠠ ᠳᠤ᠂ ᠬᠥᠯᠥᠨ ᠪᠤᠶᠢᠷ ᠬᠤᠲᠠ ᠶᠢᠨ ᠣᠷᠴᠣᠨ ᠤ ᠥᠪᠡᠷᠲᠡᠭᠡᠨ ᠵᠠᠰᠠᠬᠤ ᠬᠤᠰᠢᠭᠤ ᠵᠡᠷᠭᠡ 22 ᠰᠢᠶᠠᠨ ᠤ ᠬᠤᠲᠠ ᠪᠣᠯᠤᠨ ᠢᠯᠢ ᠪᠠᠯᠭᠠᠰᠤ ᠵᠡᠷᠭᠡ 43 ᠰᠢᠶᠠᠩ ᠪᠠᠯᠭᠠᠰᠤ ᠣᠯᠠᠨ ᠵᠢᠯ ᠤᠨ ᠲᠤᠷᠰᠢ ᠤᠯᠤᠰ ᠤᠨ ᠡᠷᠡᠭᠦᠯ ᠬᠠᠮᠠᠭᠠᠯᠠᠯ ᠤᠨ ᠰᠢᠶᠠᠩ ᠪᠠᠯᠭᠠᠰᠤ ︵ᠰᠢᠶᠠᠨ ᠤ ᠬᠤᠲᠠ︶ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠴᠥᠬᠦᠷᠡᠰᠢ ᠦᠭᠡᠢ ᠪᠠᠷ ᠥᠷᠨᠢᠭᠦᠯᠵᠦ᠂ ᠨᠡᠶᠢᠭᠡᠮ ᠤᠨ ᠬᠠᠮᠢᠶᠠᠷᠤᠯᠲᠠ ᠪᠠᠨ ᠴᠢᠩᠭᠠᠳᠬᠠᠨ ᠰᠢᠨ᠎ᠡ ᠶᠢ ᠡᠭᠦᠳᠴᠦ᠂ ᠬᠤᠲᠠ ᠪᠠᠯᠭᠠᠰᠤᠨ ᠤ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠳᠦᠷᠰᠦ ᠪᠠᠶᠢᠳᠠᠯ ᠢᠶᠠᠨ ᠰᠠᠶᠢᠵᠢᠷᠠᠭᠤᠯᠵᠤ᠂ ᠡᠷᠡᠭᠦᠯ ᠬᠠᠮᠠᠭᠠᠯᠠᠯ ᠡᠪᠡᠳᠴᠢᠨ ᠡᠮᠭᠡᠭ ᠢ ᠰᠡᠷᠭᠡᠶᠢᠯᠡᠬᠦ ᠠᠵᠢᠯ ᠢᠶᠠᠨ ᠴᠢᠩᠭᠠᠳᠬᠠᠵᠤ᠂ ᠠᠷᠠᠳ ᠣᠯᠠᠨ ᠤ ᠪᠣᠯᠪᠠᠰᠤᠨ ᠡᠷᠡᠭᠦᠯ ᠬᠠᠮᠠᠭᠠᠯᠠᠯ ᠤᠨ ᠤᠬᠠᠮᠰᠠᠷ ᠢ ᠳᠡᠭᠡᠭᠰᠢᠯᠡᠭᠦᠯᠵᠦ᠂ ᠪᠦᠬᠦᠯᠢ ᠴᠣᠭᠴᠠ ᠶᠢᠨ ᠡᠷᠡᠭᠦᠯ ᠬᠠᠮᠠᠭᠠᠯᠠᠯ ᠤᠨ ᠲᠦᠪᠰᠢᠨ ᠨᠢ ᠤᠯᠤᠰ ᠤᠨ ᠡᠷᠡᠭᠦᠯ ᠬᠠᠮᠠᠭᠠᠯᠠᠯ ᠤᠨ ᠰᠢᠶᠠᠩ ᠪᠠᠯᠭᠠᠰᠤ ︵ᠰᠢᠶᠠᠨ ᠤ ᠬᠤᠲᠠ︶ ᠶᠢᠨ ᠪᠠᠷᠢᠮᠵᠢᠶ᠎ᠠ ᠶᠢᠨ ᠱᠠᠭᠠᠷᠳᠠᠯᠭ᠎ᠠ ᠳᠤ ᠬᠦᠷᠦᠭᠰᠡᠨ ᠪᠠᠶᠢᠨ᠎ᠠ᠃
 
ᠢᠷᠡᠯᠲᠡ᠄ ᠦᠪᠤᠷ ᠮᠤᠩᠭᠤᠯ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1