ᠭᠦ᠋ ᠴᠧᠩ ᠪᠠᠯᠭᠠᠰᠤ ᠲᠠᠷᠢᠮᠠᠯ ᠤᠨ ᠡᠰᠢ ᠰᠦᠢᠷᠡᠯ ᠢ ᠰᠢᠲᠠᠭᠠᠬᠤ ᠶᠢ ᠴᠠᠭᠠᠵᠠᠯᠠᠬᠤ ᠵᠢᠴᠢ ᠶᠡᠷᠦᠩᠬᠡᠶᠢᠯᠡᠨ ᠠᠰᠢᠭᠯᠠᠬᠤ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2019-11-05
      10 ᠰᠠᠷ᠎ᠠ ᠶᠢᠨ 31 ᠤ ᠡᠳᠦᠷ᠂ ᠭᠦ᠋ ᠴᠧᠩ ᠪᠠᠯᠭᠠᠰᠤ ᠲᠠᠷᠢᠮᠠᠯ ᠤᠨ ᠡᠰᠢ ᠰᠦᠢᠷᠡᠯ ᠢ ᠰᠢᠲᠠᠭᠠᠬᠤ ᠶᠢ ᠴᠠᠭᠠᠵᠠᠯᠠᠬᠤ ᠵᠢᠴᠢ ᠶᠡᠷᠦᠩᠬᠡᠶᠢᠯᠡᠨ ᠠᠰᠢᠭᠯᠠᠬᠤ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠵᠤ᠂ ᠣᠳᠣᠬᠠᠨ ᠤ ᠡᠰᠢ ᠰᠦᠢᠷᠡᠯ ᠢ ᠰᠢᠲᠠᠭᠠᠬᠤ ᠶᠢ ᠴᠠᠭᠠᠵᠠᠯᠠᠬᠤ ᠠᠵᠢᠯ ᠢ ᠳᠠᠬᠢᠨ ᠳᠠᠶᠢᠴᠢᠯᠠᠵᠤ᠂ ᠳᠠᠬᠢᠨ ᠪᠠᠶᠢᠷᠢᠯᠠᠭᠤᠯᠵᠤ᠂ ᠳᠠᠬᠢᠨ ᠠᠬᠢᠭᠤᠯᠪᠠ᠃      ᠬᠤᠷᠠᠯ ᠠᠴᠠ᠂ ᠡᠰᠢ ᠰᠦᠢᠷᠡᠯ ᠢ ᠰᠢᠲᠠᠭᠠᠬᠤ ᠶᠢ ᠴᠠᠭᠠᠵᠠᠯᠠᠬᠤ ᠠᠵᠢᠯ ᠪᠣᠯ ᠣᠳᠣᠬᠠᠨ ᠤ ᠪᠦᠬᠦ ᠪᠠᠯᠭᠠᠰᠤᠨ ᠤ ᠬᠠᠮᠤᠭ ᠤᠨ ᠭᠤᠤᠯᠳᠠᠯᠭ᠎ᠠ ᠲᠠᠢ ᠠᠵᠢᠯ ᠪᠣᠯᠤᠨ᠎ᠠ᠂ ᠪᠠᠯᠭᠠᠰᠤ ᠲᠣᠰᠬᠤᠨ ᠤ ᠺᠠᠳ᠋ᠷ ᠵᠢᠴᠢ ᠥᠷᠭᠡᠨ ᠣᠯᠠᠨ ᠲᠦᠮᠡᠨ ᠡᠷᠬᠡᠪᠰᠢ ᠡᠨᠡ ᠵᠢᠯ ᠤᠨ ᠡᠰᠢ ᠰᠦᠢᠷᠡᠯ ᠢ ᠰᠢᠲᠠᠭᠠᠬᠤ ᠶᠢ ᠴᠠᠭᠠᠵᠠᠯᠠᠬᠤ ᠠᠵᠢᠯ ᠤᠨ ᠪᠡᠷᠬᠡ ᠬᠠᠲᠠᠭᠤᠵᠢᠯᠲᠠᠶ ᠴᠢᠨᠠᠷ ᠢ ᠭᠦᠢᠴᠡᠳ ᠲᠠᠨᠢᠵᠤ᠂ ᠤᠯᠤᠰ ᠲᠥᠷᠦ ᠶᠢᠨ ᠬᠠᠷᠢᠭᠤᠴᠠᠯᠭᠠᠲᠤ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠵᠣᠬᠢᠶᠠᠨ ᠪᠠᠶᠢᠭᠤᠯᠤᠯᠲᠠ ᠪᠠᠨ ᠴᠢᠩᠭᠠᠳᠬᠠᠵᠤ᠂ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ᠲᠠᠨᠢᠯᠲᠠ ᠪᠠᠨ ᠳᠡᠭᠡᠭᠰᠢᠯᠡᠭᠦᠯᠬᠦ ᠬᠡᠷᠡᠭᠲᠡᠶ ᠭᠡᠵᠦ ᠱᠠᠭᠠᠷᠳᠠᠪᠠ᠃ ᠰᠢᠲᠠᠭᠠᠬᠤ ᠶᠢ ᠴᠠᠭᠠᠵᠠᠯᠠᠬᠤ ᠡᠭᠦᠷᠭᠡ ᠶᠢ ᠬᠡᠮᠵᠢᠶᠡᠵᠢᠭᠦᠯᠵᠦ᠂ ᠱᠠᠲᠤ ᠱᠠᠲᠤ ᠪᠠᠷ ᠲᠣᠰᠬᠤᠨ᠂ ᠡᠷᠦᠬᠡ ᠳᠤ ᠬᠤᠪᠢᠶᠠᠷᠢᠯᠠᠵᠤ᠂ ᠬᠠᠷᠢᠭᠤᠴᠠᠯᠭ᠎ᠠ ᠶᠢ ᠲᠣᠰᠬᠤᠨ ᠤᠳᠤᠷᠢᠳᠤᠯᠭ᠎ᠠ ᠳᠠᠭᠠᠭᠠᠴᠢᠯᠠᠭᠰᠠᠨ᠂ ᠲᠣᠰᠬᠤᠨ ᠤ ᠺᠠᠳ᠋ᠷ᠂ ᠲᠣᠰᠬᠤᠨ ᠤ ᠲᠤᠭᠤᠶᠢᠯᠠᠩ ᠤᠨ ᠺᠠᠳᠠᠷ ᠬᠦᠷᠲᠡᠯ᠎ᠡ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠵᠢᠭᠠᠨ ᠭᠠᠷᠭᠠᠪᠠ᠃      ᠲᠠᠷᠢᠮᠠᠯ ᠤᠨ ᠡᠰᠢ ᠰᠦᠢᠷᠡᠯ ᠢ ᠶᠡᠷᠦᠩᠬᠡᠶᠢᠯᠡᠨ ᠠᠰᠢᠭᠯᠠᠬᠤ ᠨᠣᠷᠮ᠎ᠠ ᠢᠶᠠᠨ ᠳᠡᠭᠡᠭᠰᠢᠯᠡᠭᠦᠯᠵᠦ᠂ ᠡᠰᠢ ᠰᠦᠢᠷᠡᠯ ᠢ ᠰᠢᠲᠠᠭᠠᠵᠤ ᠪᠣᠬᠢᠷᠲᠤᠯ ᠢ ᠪᠦᠲᠦᠮᠵᠢᠲᠡᠶ ᠰᠡᠷᠭᠡᠶᠢᠯᠡᠬᠦ ᠶᠢᠨ ᠲᠥᠯᠥᠭᠡ᠂ ᠭᠦ᠋ ᠴᠧᠩ ᠪᠠᠯᠭᠠᠰᠤ ᠤᠯᠠᠮ ᠨᠢᠭᠡ ᠠᠯᠬᠤᠮ ᠰᠡᠳᠬᠢᠮᠵᠢ ᠪᠠᠨ ᠰᠢᠨᠡᠳᠬᠡᠵᠦ᠂ ᠠᠷᠭ᠎ᠠ ᠪᠠᠨ ᠬᠠᠯᠠᠨ ᠰᠠᠶᠢᠵᠢᠷᠠᠭᠤᠯᠵᠤ᠂ ᠡᠰᠢ ᠰᠦᠢᠷᠡᠯ ᠢ ᠬᠤᠷᠢᠶᠠᠨ ᠠᠪᠴᠤ ᠠᠰᠢᠭᠯᠠᠬᠤ ᠠᠵᠤ ᠠᠬᠤᠢᠯᠠᠯ ᠯᠤᠭ᠎ᠠ ᠶᠢᠨ ᠵᠣᠬᠢᠴᠠᠭᠤᠯᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠡᠰᠢ ᠰᠦᠢᠷᠡᠯ ᠢ ᠬᠤᠷᠢᠶᠠᠨ ᠠᠪᠬᠤ ᠬᠡᠮᠵᠢᠶ᠎ᠡ ᠪᠠᠨ ᠬᠠᠮᠤᠭ ᠤᠨ ᠶᠡᠭᠡ ᠬᠡᠮᠵᠢᠶ᠎ᠡ ᠪᠠᠷ ᠦᠷᠭᠷᠳᠭᠡᠪᠡ᠃      ᠣᠳᠣᠬᠠᠨ ᠪᠣᠯᠲᠠᠯ᠎ᠠ᠂ 7 ᠡᠷᠦᠬᠡ ᠡᠰᠢ ᠰᠦᠢᠷᠡᠯ ᠢ ᠡᠭᠡᠭᠦᠯᠦᠨ ᠬᠤᠷᠢᠶᠠᠬᠤ ᠠᠵᠤ ᠠᠬᠤᠢᠯᠠᠯ ᠢ ᠢᠳᠡᠪᠬᠢᠲᠡᠢ ᠵᠣᠬᠢᠴᠠᠭᠤᠯᠵᠤ᠂ 1.2 ᠲᠦᠮᠡᠨ ᠮᠦ ᠡᠰᠢ ᠰᠦᠢᠷᠡᠯ ᠢ ᠨᠢᠭᠡᠨᠲᠡ ᠪᠠᠭᠯᠠᠵᠤ ᠡᠭᠡᠭᠦᠯᠦᠨ ᠬᠤᠷᠢᠶᠠᠵᠤ᠂ ᠳᠤᠮᠳᠠᠴᠢ ᠪᠠᠷ ᠡᠳᠦᠷ ᠪᠦᠷᠢ3500 ᠮᠦ ᠶᠢ ᠡᠭᠡᠭᠦᠯᠦᠨ ᠬᠤᠷᠢᠶᠠᠵᠦ ᠪᠠᠶᠢᠨ᠎ᠠ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1