ᠲᠤᠭᠳᠠᠬᠤ ᠰᠢᠶᠠᠨ ᠡᠳ᠋ ᠤᠨ ᠵᠠᠰᠠᠭ ᠭᠠᠶᠢᠯᠢ ᠶᠢᠨ ᠣᠷᠣᠯᠭ᠎ᠠ ᠵᠢᠴᠢ ᠠᠵᠤ ᠠᠬᠤᠢ ᠶᠢᠨ ᠠᠵᠢᠯᠯᠠᠭᠠᠨ ᠤ ᠲᠣᠬᠢᠷᠠᠭᠤᠯᠤᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2019-11-05
      11 ᠰᠠᠷ᠎ᠠ ᠶᠢᠨ 1 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠯᠢ ᠴᠦᠨ ᠶᠠᠨ ᠡᠳ᠋ ᠤᠨ ᠵᠠᠰᠠᠭ ᠭᠠᠶᠢᠯᠢ ᠶᠢᠨ ᠣᠷᠣᠯᠭ᠎ᠠ ᠵᠢᠴᠢ ᠠᠵᠤ ᠠᠬᠤᠢ ᠶᠢᠨ ᠠᠵᠢᠯᠯᠠᠭᠠᠨ ᠤ ᠲᠣᠬᠢᠷᠠᠭᠤᠯᠤᠯᠲᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠡᠳ᠋ ᠤᠨ ᠵᠠᠰᠠᠭ ᠭᠠᠶᠢᠯᠢ ᠶᠢᠨ ᠣᠷᠣᠯᠭ᠎ᠠ ᠶᠢ ᠪᠡᠶᠡᠯᠡᠭᠦᠯᠦᠭᠰᠡᠨ  ᠪᠠᠶᠢᠳᠠᠯ ᠪᠣᠯᠤᠨ ᠠᠵᠤ ᠠᠬᠤᠢ ᠶᠢᠨ ᠠᠵᠢᠯᠯᠠᠭᠠᠨ ᠤ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠴᠠᠶ᠃ ᠵᠠᠰᠠᠭ ᠤᠨ ᠣᠷᠳᠣᠨ ᠤ ᠰᠢᠶᠠᠨ ᠤ ᠳᠡᠳ᠋ ᠳᠠᠷᠤᠭ᠎ᠠ ᠯᠦ ᠢᠦᠶ ᠵᠥᠩ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃      ᠬᠤᠷᠠᠯ ᠠᠴᠠ ᠱᠠᠭᠠᠷᠳᠠᠭᠰᠠᠨ ᠨᠢ᠂ ᠡᠯ᠎ᠡ ᠬᠤᠯᠪᠣᠭᠳᠠᠯ ᠪᠦᠬᠦᠢ ᠨᠢᠭᠡᠴᠡ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠡᠳ᠋ ᠤᠨ ᠵᠠᠰᠠᠭ ᠭᠠᠶᠢᠯᠢ ᠶᠢᠨ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ᠂ ᠭᠦᠨ ᠳᠠᠪᠬᠤᠷᠭ᠎ᠠ ᠶᠢᠨ ᠰᠢᠯᠲᠠᠭᠠᠨ ᠢ ᠨᠠᠷᠢᠨ ᠬᠢᠨᠠᠮᠠᠭᠠᠶ ᠵᠠᠳᠠᠯᠵᠤ᠂ ᠲᠠᠷᠠᠭᠠᠴᠢ ᠶᠢᠨ ᠠᠯᠬᠤᠮ ᠤᠨ ᠠᠵᠢᠯ ᠤᠨ ᠰᠡᠳᠬᠢᠴᠡ ᠪᠣᠯᠤᠨ ᠴᠢᠭᠯᠡᠯ ᠢ ᠲᠣᠳᠣᠷᠬᠠᠶᠢᠯᠠᠬᠤ ᠬᠡᠷᠡᠭᠲᠡᠶ᠃ ᠦᠵᠡᠯ ᠰᠠᠨᠠᠭ᠎ᠠ ᠪᠠᠨ ᠬᠤᠲᠠ ᠶᠢᠨ ᠨᠠᠮ ᠤᠨ ᠬᠤᠷᠢᠶ᠎ᠠ ᠂ ᠬᠤᠲᠠ ᠶᠢᠨ ᠵᠠᠰᠠᠭ ᠤᠨ ᠣᠷᠳᠣᠨ ᠤ ᠱᠠᠭᠠᠷᠳᠠᠯᠭ᠎ᠠ ᠳᠡᠭᠡᠷ᠎ᠡ ᠨᠢᠭᠡᠳᠬᠡᠵᠦ᠂ ᠠᠵᠢᠯ ᠤᠨ ᠢᠳᠡᠪᠬᠢᠵᠢᠯ᠂ ᠰᠠᠨᠠᠭᠠᠴᠢᠯᠠᠭᠠᠲᠤ ᠴᠢᠨᠠᠷ᠂ ᠪᠦᠲᠦᠭᠡᠯᠴᠢ ᠴᠢᠨᠠᠷ ᠢᠶᠠᠨ ᠲᠠᠰᠤᠷᠠᠯᠲᠠ ᠦᠭᠡᠢ ᠴᠢᠩᠭᠠᠳᠬᠠᠵᠤ᠂ ᠵᠢᠯ ᠤᠨ ᠡᠬᠢᠨ ᠤ ᠬᠠᠷᠠᠯᠲᠠ ᠡᠭᠦᠷᠭᠡ ᠶᠢ ᠭᠤᠶᠢᠪᠢᠰᠢ ᠦᠭᠡᠢ᠂ ᠰᠤᠯᠠᠷᠠᠭᠤᠯᠤᠯ ᠦᠭᠡᠢ ᠪᠠᠷᠢᠮᠲᠠᠯᠠᠵᠤ᠂ ᠠᠵᠢᠯ ᠤᠨ ᠬᠠᠷᠢᠭᠤᠴᠠᠯᠭᠠᠲᠤ ᠰᠡᠳᠬᠢᠯᠭᠡ ᠪᠣᠯᠤᠨ ᠡᠷᠴᠢᠮ ᠢᠶᠠᠨ ᠴᠢᠩᠭᠠᠷᠠᠭᠤᠯᠵᠤ᠂ ᠴᠢᠩᠭ᠎ᠠ ᠬᠦᠴᠦᠲᠡᠶ ᠠᠵᠢᠯ ᠤᠨ ᠠᠷᠭ᠎ᠠ ᠬᠡᠮᠵᠢᠶ᠎ᠡ ᠪᠠᠷ ᠡᠳ᠋ ᠤᠨ ᠵᠠᠰᠠᠭ ᠭᠠᠶᠢᠯᠢ ᠶᠢᠨ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠬᠡᠷᠡᠭᠲᠡᠶ᠃ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ ᠴᠢᠩᠭᠠᠳᠬᠠᠵᠤ᠂ ᠡᠳ᠋ ᠤᠨ ᠵᠠᠰᠠᠭ ᠭᠠᠶᠢᠯᠢ ᠶᠢᠨ ᠲᠣᠬᠢᠷᠠᠭᠤᠯᠤᠯᠲᠠ ᠶᠢᠨ ᠠᠵᠢᠯ ᠢ ᠴᠠᠭ ᠲᠤᠬᠠᠶ ᠳᠤᠨᠢ ᠰᠠᠶᠢᠲᠤᠷ ᠬᠢᠵᠦ᠂ ᠡᠳ᠋ ᠤᠨ ᠵᠠᠰᠠᠭ ᠭᠠᠶᠢᠯᠢ ᠶᠢᠨ ᠲᠠᠲᠠᠪᠤᠷᠢᠯᠠᠯᠲᠠ ᠶᠢᠨ ᠳᠤᠮᠳᠠᠬᠢ ᠠᠰᠠᠭᠤᠳᠠᠯ ᠪᠠ ᠠᠰᠠᠭᠤᠳᠠᠯ ᠢ ᠰᠢᠢᠳᠪᠦᠷᠢᠯᠡᠬᠦ ᠬᠡᠷᠡᠭᠲᠡᠶ᠃ ᠵᠢᠯ ᠤᠨ ᠡᠬᠢᠨ ᠤ ᠬᠠᠷᠠᠯᠲᠠ ᠪᠠ ᠡᠭᠦᠷᠭᠡ ᠶᠢᠨ ᠶᠣᠰᠣᠭᠠᠷ ᠴᠢᠩᠭ᠎ᠠ ᠬᠢᠨᠠᠨ ᠰᠢᠯᠭᠠᠵᠤ᠂ ᠰᠠᠯᠠᠭ᠎ᠠ ᠮᠥᠴᠢᠷ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠠᠵᠢᠯ ᠤᠨ ᠲᠣᠬᠢᠷᠠᠭᠤᠯᠤᠯᠲᠠ ᠪᠠᠨ ᠴᠢᠩᠭᠠᠳᠬᠠᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠦᠨᠡᠨᠬᠦ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠪᠦᠬᠦ ᠵᠢᠯ ᠤᠨ ᠡᠯ᠎ᠡ ᠵᠦᠢᠯ ᠤᠨ ᠬᠠᠷᠠᠯᠲᠠ ᠡᠭᠦᠷᠭᠡ ᠪᠠᠨ ᠴᠢᠷᠮᠠᠶᠢᠨ ᠪᠡᠶᠡᠯᠡᠭᠦᠯᠬᠦ ᠬᠡᠷᠡᠭᠲᠡᠶ ᠭᠡᠪᠡ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1