ᠰᠢᠶᠠᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠲᠤᠭᠤᠶᠢᠯᠠᠩ 2019 ᠣᠨ ᠤ 23 ᠳ᠋ᠤᠭᠠᠷ ᠬᠤᠷᠠᠯ ᠵᠢᠴᠢ ᠬᠤᠷᠢᠨ ᠨᠢᠭᠡᠳᠦᠭᠡᠷ ᠤᠳᠠᠭ᠎ᠠ ᠶᠢᠨ ᠲᠥᠪᠯᠡᠷᠡᠭᠦᠯᠦᠨ ᠰᠤᠷᠤᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2019-11-05
      11 ᠰᠠᠷ᠎ᠠ ᠶᠢᠨ 1 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠰᠢᠶᠠᠨ ᠤ ᠳᠠᠷᠤᠭ᠎ᠠ ᠯᠢ ᠴᠦᠨ ᠶᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2019 ᠣᠨ ᠤ 23 ᠳ᠋ᠤᠭᠠᠷ ᠬᠤᠷᠠᠯᠳᠤᠭᠠᠨ ᠵᠢᠴᠢ ᠬᠤᠷᠢᠨ ᠨᠢᠭᠡᠳᠦᠭᠡᠷ ᠤᠳᠠᠭᠠᠨ ᠤ ᠲᠥᠪᠯᠡᠷᠡᠭᠦᠯᠦᠨ ᠰᠤᠷᠤᠯᠴᠠᠬᠤ ᠬᠤᠷᠠᠯ ᠢ ᠡᠷᠬᠢᠯᠡᠨ ᠬᠤᠷᠠᠯᠳᠤᠭᠤᠯᠪᠠ᠃ ᠰᠢᠶᠠᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠬᠤᠷᠠᠯ ᠳᠤ ᠣᠷᠣᠯᠴᠠᠪᠠ᠃ ᠠᠵᠤ ᠦᠢᠯᠡᠳᠪᠦᠷᠢ ᠶᠢᠨ ᠬᠦᠷᠢᠶᠡᠯᠡᠩ ᠤᠨ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠰᠢᠶᠣᠤ ᠸᠧᠨ ᠸᠧᠶ᠂ ᠰᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠬᠠᠷᠢᠭᠤᠴᠠᠯᠭᠠᠲᠠᠨ ᠤᠷᠢᠯᠭ᠎ᠠ ᠪᠠᠷ ᠬᠤᠷᠠᠯ ᠳᠤ ᠣᠷᠣᠯᠴᠠᠪᠠ᠃ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠪᠠ᠃      ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠱᠠᠰᠢᠨ ᠰᠤᠷᠲᠠᠬᠤᠨ ᠤ ᠠᠵᠢᠯ ᠤᠨ ᠲᠤᠬᠠᠶ ᠴᠢᠬᠤᠯᠠ ᠥᠭᠦᠯᠡᠯᠲᠡ᠂ ︽ᠱᠠᠰᠢᠨ ᠰᠤᠷᠲᠠᠬᠤᠨ ᠤ ᠬᠡᠷᠡᠭ ᠶᠠᠪᠤᠳᠠᠯ ᠤᠨ ᠳᠦᠷᠢᠮ︾᠂ ᠶᠡᠷᠦᠩᠬᠡᠶ ᠱᠦᠵᠢ ᠰᠢ ᠶᠢᠨ ᠫᠢᠩ ᠤᠨ ᠤᠶᠢᠷ᠎ᠠ ᠶᠢᠨ ᠬᠤᠭᠤᠴᠠᠭᠠᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ᠶᠡᠷᠦᠩᠬᠡᠶ ᠱᠦᠵᠢ ᠰᠢ ᠶᠢᠨ ᠫᠢᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠴᠢ ᠶᠢᠨ ᠳᠦᠷᠢᠮ ᠢ ᠬᠡᠷᠡᠭᠵᠢᠭᠦᠯᠦᠭᠰᠡᠨ 20 ᠵᠢᠯ ᠤᠨ ᠣᠢ ᠶᠢᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠬᠠᠮᠲᠤ ᠪᠠᠷ ᠰᠤᠷᠤᠯᠴᠠᠪᠠ᠃      ᠬᠤᠷᠠᠯ ᠠᠴᠠ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠨᠢᠭᠡᠨᠲᠡ ᠰᠢᠢᠳᠪᠦᠷᠢᠲᠦ ᠳᠠᠶᠢᠯᠠᠯᠳᠤᠭᠠᠨ ᠬᠢᠵᠦ ᠰᠢᠢᠳᠪᠦᠷᠢᠲᠦ ᠢᠯᠠᠯᠲᠠ ᠣᠯᠬᠤ᠂ ᠪᠦᠬᠦ ᠲᠠᠯ᠎ᠠ ᠪᠠᠷ ᠰᠡᠭᠦᠯ ᠬᠤᠷᠢᠶᠠᠬᠤ ᠵᠠᠩᠭᠢᠯᠠᠭ᠎ᠠ ᠶᠢᠨ ᠱᠠᠲᠤᠨ ᠳᠤ ᠬᠦᠷᠴᠦ᠂ ᠵᠢᠯ ᠤᠨ ᠡᠴᠦᠰ ᠪᠣᠯᠲᠠᠯ᠎ᠠ ᠶᠠᠳᠠᠭᠤ ᠠᠴᠠ ᠠᠩᠭᠢᠵᠢᠷᠠᠭᠤᠯᠬᠤ ᠪᠦᠬᠦ ᠡᠭᠦᠷᠭᠡ ᠶᠢᠨ ᠬᠤᠭᠤᠴᠠᠭ᠎ᠠ ᠨᠢᠭᠡᠨᠲᠡ ᠨᠢᠳᠦᠨ ᠡᠮᠦᠨ᠎ᠡ ᠲᠤᠯᠵᠤ᠂ ᠲᠡᠭᠡᠳᠦ ᠳᠣᠣᠷᠠᠳᠤ ᠱᠠᠲᠤᠨ ᠤ ᠬᠢᠨ ᠡᠷᠬᠡᠪᠰᠢ ᠬᠠᠷᠠᠯᠲᠠ ᠪᠠᠨ ᠪᠠᠲᠤ ᠴᠡᠭᠡᠵᠢᠯᠡᠵᠦ᠂ ᠨᠢᠭᠡ ᠯᠡ ᠠᠮᠢᠰᠬᠤᠭ᠎ᠠ ᠪᠠᠷ ᠠᠵᠢᠯ ᠬᠢᠵᠦ᠂ ᠠᠵᠢᠯ ᠤᠨ ᠳᠤᠮᠳᠠ ᠣᠷᠣᠰᠢᠵᠤ ᠪᠠᠶᠢᠭ᠎ᠠ ᠪᠠᠭᠤᠷᠠᠶ ᠭᠤᠭᠴᠤᠭ᠎ᠠ ᠶᠢ ᠴᠢᠩᠭ᠎ᠠ ᠠᠳᠬᠤᠵᠤ᠂ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠲᠠᠰᠤᠷᠠᠯᠲᠠ ᠦᠭᠡᠢ ᠭᠦᠨᠵᠡᠭᠡᠶᠢᠷᠡᠭᠦᠯᠦᠨ ᠲᠡᠭᠦᠯᠳᠡᠷᠵᠢᠭᠦᠯᠵᠦ᠂ ︽ᠦᠨᠡᠨ︾ ᠪᠠ ︽ᠪᠣᠳᠠᠲᠠᠶ︾ ᠶᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠦᠬᠦ ᠶᠠᠪᠤᠴᠠ ᠳᠤ ᠲᠤᠤᠱᠯᠠᠭᠤᠯᠬᠤ ᠶᠢ ᠪᠠᠷᠢᠮᠲᠠᠯᠠᠵᠤ᠂ ᠶᠠᠳᠠᠭᠤ ᠠᠴᠠ ᠠᠩᠭᠢᠵᠢᠷᠠᠭᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠴᠢᠨᠠᠷ ᠰᠠᠶᠢᠲᠠᠶ ᠣᠯᠬᠤ ᠶᠢ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃      ᠬᠤᠷᠠᠯ ᠠᠴᠠ᠂ ᠤᠯᠤᠰ ᠲᠥᠷᠦ ᠶᠢᠨ ᠡᠷᠴᠢᠮ ᠢᠶᠠᠨ ᠴᠢᠨᠠᠭᠰᠢᠳᠠ ᠳᠡᠭᠡᠭᠰᠢᠯᠡᠭᠦᠯᠵᠦ᠂ ᠨᠠᠮ ᠤᠨ ᠱᠠᠰᠢᠨ ᠰᠤᠷᠲᠠᠬᠤᠨ ᠤ ᠠᠵᠢᠯ ᠤᠨ ᠦᠨᠳᠦᠰᠦᠨ ᠴᠢᠭᠯᠡᠯᠲᠡ ᠶᠢ ᠪᠦᠬᠦ ᠲᠠᠯ᠎ᠠ ᠪᠠᠷ ᠲᠤᠭᠤᠰᠢᠯᠠᠭᠤᠯᠵᠦ᠂ ᠱᠠᠰᠢᠨ ᠰᠤᠷᠲᠠᠬᠤᠨ ᠤ ᠠᠵᠢᠯ ᠳᠤ ᠲᠤᠯᠭᠠᠷᠠᠵᠤ  ᠪᠠᠶᠢᠭ᠎ᠠ ᠪᠠᠶᠢᠳᠠᠯ ᠡᠭᠦᠷᠭᠡ ᠶᠢ ᠭᠦᠨᠵᠡᠭᠡᠶ ᠲᠠᠨᠢᠵᠤ᠂ ᠬᠠᠷᠢᠭᠤᠴᠠᠯᠭᠠᠲᠤ ᠰᠡᠳᠬᠢᠯᠭᠡ ᠪᠣᠯᠤᠨ ᠬᠠᠷᠢᠭᠤᠴᠠᠯᠭ᠎ᠠ ᠪᠠᠨ ᠦᠨᠡᠨᠬᠦ ᠴᠢᠩᠭᠠᠳᠬᠠᠵᠤ᠂ ᠰᠢᠨ᠎ᠡ ᠴᠠᠭ ᠦᠶ᠎ᠡ ᠶᠢᠨ ᠱᠠᠰᠢᠨ ᠰᠤᠷᠲᠠᠬᠤᠨ ᠤ ᠠᠵᠢᠯ ᠢ ᠨᠠᠩ ᠢᠳᠡᠪᠬᠢᠲᠡᠢ᠂ ᠰᠠᠨᠠᠭᠠᠴᠢᠯᠠᠭ᠎ᠠ ᠠᠴᠠ ᠪᠠᠨ᠂ ᠯᠠᠪᠳᠠᠭᠤᠨ ᠪᠠᠲᠤᠲᠠᠶ ᠰᠠᠶᠢᠲᠤᠷ ᠬᠢᠬᠦ ᠬᠡᠷᠡᠭᠲᠡᠶ᠃ ᠤᠯᠤᠰ ᠠᠴᠠ ᠤᠯᠤᠰ ᠲᠥᠷᠦ ᠶᠢᠨ ᠠᠮᠤᠷ ᠲᠦᠪᠰᠢᠨ ᠢ ᠬᠠᠮᠠᠭᠠᠯᠠᠬᠤ ᠶᠢ ᠲᠡᠷᠢᠭᠦᠨ ᠴᠢᠬᠤᠯᠠ ᠤᠯᠤᠰ ᠲᠥᠷᠦ ᠶᠢᠨ ᠡᠭᠦᠷᠭᠡ ᠪᠣᠯᠭᠠᠵᠤ᠂ ᠱᠠᠰᠢᠨ ᠰᠤᠷᠲᠠᠬᠤᠨ ᠤ ᠬᠦᠷᠢᠶᠡᠨ ᠳᠠᠬᠢ ᠦᠵᠡᠯ ᠤᠬᠠᠮᠰᠠᠷ ᠤᠨ ᠬᠡᠯᠪᠡᠷᠢ ᠶᠢᠨ ᠵᠢᠭᠰᠠᠭᠠᠯ ᠤᠨ ᠭᠠᠵᠠᠷ ᠤᠨ ᠪᠦᠲᠦᠭᠡᠨ ᠪᠠᠶᠢᠭᠤᠯᠤᠯᠳᠠ ᠬᠠᠮᠢᠶᠠᠷᠤᠯᠲᠠ ᠶᠢ ᠴᠢᠩᠭᠠᠳᠬᠠᠵᠤ᠂ ᠱᠠᠰᠢᠨ ᠰᠤᠷᠲᠠᠬᠤᠨ ᠤ ᠲᠥᠷᠦ ᠶᠢᠨ ᠪᠣᠳᠣᠯᠭ᠎ᠠ ᠬᠠᠤᠯᠢ ᠲᠣᠭᠲᠠᠭᠠᠯ ᠤᠨ ᠤᠬᠠᠭᠤᠯᠭ᠎ᠠ ᠬᠥᠮᠦᠵᠢᠯ ᠪᠣᠯᠪᠠᠰᠤᠷᠠᠯ ᠢ ᠴᠢᠩᠭᠠᠳᠬᠠᠵᠤ᠂ ᠱᠠᠰᠢᠨ ᠰᠤᠷᠲᠠᠬᠤᠨ ᠤ ᠠᠵᠢᠯ ᠤᠨ ᠬᠠᠤᠯᠢᠵᠢᠯ ᠤᠨ ᠲᠦᠪᠰᠢᠨ ᠢ ᠳᠡᠭᠡᠭᠰᠢᠯᠡᠭᠦᠯᠵᠦ᠂ ᠱᠠᠰᠢᠨ ᠰᠤᠷᠲᠠᠬᠤᠨ ᠤ ᠬᠦᠷᠢᠶᠡᠨ ᠤ ᠭᠤᠤᠯᠳᠠᠯᠭ᠎ᠠ ᠲᠠᠢ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠬᠤ ᠬᠡᠷᠡᠭᠲᠡᠶ᠃ ᠱᠠᠰᠢᠨ ᠰᠤᠷᠲᠠᠬᠤᠨ ᠤ ᠠᠵᠢᠯ ᠢ ᠡᠳᠦᠷ ᠲᠤᠲᠤᠮ ᠤᠨ ᠴᠢᠬᠤᠯᠠ ᠵᠥᠪᠯᠡᠬᠦ ᠵᠦᠢᠯ ᠳᠡᠭᠡᠨ ᠣᠷᠣᠭᠤᠯᠵᠤ᠂ ᠤᠳᠤᠷᠢᠳᠬᠤ ᠲᠣᠭᠲᠠᠴᠠ᠂ ᠠᠵᠢᠯ ᠤᠨ ᠲᠣᠭᠲᠠᠴᠠ ᠪᠠ ᠠᠵᠢᠯ ᠤᠨ ᠪᠠᠶᠢᠷᠢᠰᠢᠯ ᠢ ᠲᠡᠭᠦᠯᠳᠡᠷᠵᠢᠭᠦᠯᠵᠦ᠂ ᠤᠳᠤᠷᠢᠳᠬᠤ ᠺᠠᠳ᠋ᠷᠴᠤᠳ ᠤᠨ ᠱᠠᠰᠢᠨ ᠰᠤᠷᠲᠠᠬᠤᠨ ᠤ ᠠᠰᠠᠭᠤᠳᠠᠯ ᠢ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠵᠦ᠂ ᠲᠤᠤ ᠰᠢᠶᠠᠨ ᠤ ᠱᠠᠰᠢᠨ ᠰᠤᠷᠲᠠᠬᠤᠨ ᠤ ᠠᠵᠢᠯ ᠤᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠶ ᠭᠡᠵᠦ ᠵᠢᠭᠠᠨ ᠭᠠᠷᠭᠠᠪᠠ᠃      ᠬᠤᠷᠠᠯ ᠠᠴᠠ᠂ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ ᠤᠨ ᠳᠦᠷᠢᠮ ᠢ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢᠲᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠦᠢᠯᠡᠴᠢᠯᠡᠬᠦ ᠴᠢᠬᠤᠯᠠ ᠠᠵᠢᠯ ᠪᠣᠯᠭᠠᠨ ᠪᠣᠳᠠᠲᠠᠶ ᠠᠳᠬᠤᠵᠤ ᠰᠠᠶᠢᠲᠤᠷ ᠠᠳᠬᠤᠬᠤ ᠶᠢ ᠪᠠᠷᠢᠮᠲᠠᠯᠠᠵᠤ᠂ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠲᠠᠢ ᠨᠢᠭᠲᠠ ᠤᠶᠠᠯᠳᠤᠭᠤᠯᠤᠨ᠂ ᠰᠢᠶᠠᠨ ᠤ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ ᠤᠨ ᠡᠩᠨᠡᠭᠡ ᠶᠢ ᠲᠠᠰᠤᠷᠠᠯᠲᠠ ᠦᠭᠡᠢ ᠪᠤᠵᠠᠭᠠᠶᠢᠷᠠᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ ᠤᠨ ᠠᠵᠢᠯ ᠳᠤ ᠰᠠᠶᠢᠨ ᠰᠠᠶᠢᠬᠠᠨ ᠣᠷᠴᠢᠨ ᠲᠣᠭᠤᠷᠢᠨ ᠢ ᠡᠭᠦᠳᠴᠦ᠂ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠳᠠᠭᠠᠭᠤᠯᠤᠭᠴᠢ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠴᠦ ᠦᠢᠯᠡᠰ ᠪᠣᠰᠬᠠᠬᠤ ᠳᠠᠭᠠᠭᠤᠯᠤᠭᠴᠢ ᠪᠣᠯᠬᠤ ᠦᠢᠯᠡᠳᠤᠯ ᠢ ᠦᠨᠡᠨᠬᠦ ᠪᠠᠳᠠᠷᠠᠭᠤᠯᠬᠤ ᠬᠡᠷᠡᠭᠲᠡᠶ ᠭᠡᠵᠦ ᠱᠠᠭᠠᠷᠳᠠᠪᠠ᠃      ᠬᠤᠷᠠᠯ ᠠᠴᠠ ᠪᠠᠰᠠ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ᠂ ᠥᠷᠢ ᠰᠢᠷᠢ ᠶᠢ ᠠᠷᠢᠯᠭᠠᠬᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ᠂ ᠱᠠᠰᠢᠨ ᠰᠤᠷᠲᠠᠬᠤᠨ ᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ᠂ ᠠᠶᠤᠯᠭᠦᠶ  ᠦᠢᠯᠡᠳᠪᠦᠷᠢᠯᠡᠯ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ᠂ ᠡᠰᠢ ᠰᠦᠢᠷᠡᠯ ᠢ ᠰᠢᠲᠠᠭᠠᠬᠤ ᠶᠢ ᠴᠠᠭᠠᠵᠠᠯᠠᠬᠤ ᠵᠡᠷᠭᠡ ᠡᠯ᠎ᠡ ᠵᠦᠢᠯ ᠤᠨ ᠤᠶᠢᠷ᠎ᠠ ᠶᠢᠨ ᠬᠤᠭᠤᠴᠠᠭᠠᠨ ᠤ ᠭᠤᠤᠯᠳᠠᠯᠭ᠎ᠠ ᠲᠠᠢ ᠠᠵᠢᠯ ᠳᠤ ᠪᠣᠳᠠᠲᠠᠶ ᠱᠠᠭᠠᠷᠳᠠᠯᠭ᠎ᠠ ᠳᠤᠷᠠᠳᠴᠠᠶ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1