ᠲᠣᠭᠲᠠᠬᠤ ᠰᠢᠶᠠᠨ᠄ ︽ᠵᠢᠷᠭᠤᠭᠠᠨ ᠬᠥᠮᠦᠵᠢᠯ︾ ᠢ ᠵᠡᠷᠭᠡ ᠪᠠᠷ ᠬᠡᠷᠡᠭᠯᠡᠵᠦ᠂ ᠰᠤᠷᠤᠯᠭ᠎ᠠ ᠶᠢᠨ ᠦᠷ᠎ᠡ ᠪᠦᠲᠦᠮᠵᠢ ᠶᠢ ᠦᠨᠡᠨ ᠬᠦ  ᠪᠠᠳᠤᠯᠠᠵᠦ ᠪᠠᠶᠢᠨ᠎ᠠ
ᠨᠡᠶᠢᠲᠡᠯᠡᠭᠰᠡᠨ ᠴᠠᠭ᠄
2019-11-05
      ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠠᠴᠠ ᠨᠠᠰᠢ᠂ ᠲᠣᠭᠲᠠᠬᠤ ᠰᠢᠶᠠᠨ ᠤ ᠡᠯ᠎ᠡ ᠰᠠᠯᠠᠭ᠎ᠠ ᠮᠥᠴᠢᠷ ᠡᠯ᠎ᠡ ᠨᠢᠭᠡᠴᠡ ᠶᠢᠨ ᠬᠢᠨ ᠡᠩ ᠲᠡᠷᠢᠭᠦᠨ ᠳᠤ ᠵᠣᠷᠢᠭ ᠰᠠᠨᠠᠭ᠎ᠠ ᠶᠢ ᠣᠶᠢᠯᠠᠭᠠᠵᠤ᠂ ᠳᠠᠶᠢᠴᠢᠯᠠᠨ ᠪᠠᠶᠢᠷᠢᠯᠠᠭᠤᠯᠵᠤ᠂ ᠲᠥᠰᠦᠯ ᠢ ᠨᠠᠷᠢᠯᠢᠭᠵᠢᠭᠤᠯᠵᠤ᠂ ᠬᠡᠷᠡᠭᠵᠢᠭᠦᠯᠦᠯᠲᠡ ᠶᠢ ᠠᠬᠢᠭᠤᠯᠪᠠ᠃ ᠬᠦᠰᠦᠨᠦᠭᠲᠦ ᠪᠠᠷᠢᠮᠵᠢᠶ᠎ᠠ ᠶᠢ ᠴᠢᠩᠭ᠎ᠠ ᠬᠠᠷᠭᠤᠭᠤᠯᠬᠤ ᠶᠢ ᠪᠠᠷᠢᠮᠲᠠᠯᠠᠵᠤ᠂ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ︽ᠵᠢᠷᠭᠤᠭᠠᠨ ᠬᠥᠮᠦᠵᠢᠯ︾ ᠥᠷᠨᠢᠭᠦᠯᠬᠦ ᠪᠠᠷ ᠳᠠᠮᠵᠢᠨ᠂ ᠭᠤᠤᠯ ᠰᠡᠳᠦᠪᠲᠦ ᠰᠤᠷᠭᠠᠨ ᠬᠥᠮᠦᠵᠢᠯ ᠤᠨ ᠪᠣᠳᠠᠲᠤ ᠦᠷ᠎ᠡ ᠪᠦᠲᠦᠮᠵᠢ ᠣᠯᠬᠤ ᠶᠢ ᠪᠠᠳᠤᠯᠠᠵᠦ ᠪᠠᠶᠢᠨ᠎ᠠ᠃      ᠤᠳᠤᠷᠢᠳᠤᠯᠭ᠎ᠠ ᠲᠦᠷᠦᠭᠦᠯᠡᠨ ᠳᠠᠭᠠᠭᠤᠯᠤᠨ ᠰᠤᠷᠤᠯᠴᠠᠵᠤ᠂ ᠰᠤᠷᠤᠯᠴᠠᠬᠤ ᠬᠠᠯᠠᠭᠤᠨ ᠰᠡᠳᠬᠢᠯᠭᠡ ᠶᠢᠨ ᠳᠡᠭᠡᠭᠰᠢᠯᠡᠯᠲᠡ ᠶᠢ ᠠᠬᠢᠭᠤᠯᠪᠠ᠃ ᠡᠯ᠎ᠡ ᠰᠠᠯᠠᠭ᠎ᠠ ᠮᠥᠴᠢᠷ ᠤᠨ ᠤᠳᠤᠷᠢᠳᠬᠤ ᠪᠠᠭ ᠤᠨ ᠪᠦᠷᠢᠯᠳᠦᠬᠦᠨ᠂ ᠢᠯᠠᠩᠭᠤᠶ᠎ᠠ ᠭᠤᠤᠯ ᠬᠠᠷᠢᠭᠤᠴᠠᠯᠭᠠᠲᠠᠨ ᠲᠦᠷᠦᠭᠦᠯᠡᠨ ᠴᠠᠭ ᠢ ᠲᠥᠪᠯᠡᠷᠡᠭᠦᠯᠦᠨ ᠰᠤᠷᠤᠯᠴᠠᠯᠭ᠎ᠠ ᠶᠢ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠤᠭ ᠵᠣᠬᠢᠶᠠᠯ ᠢ ᠤᠩᠰᠢᠵᠤ᠂ ᠤᠭ ᠵᠣᠬᠢᠶᠠᠯ ᠢ ᠰᠤᠷᠤᠯᠴᠠᠵᠤ᠂ ᠤᠭ ᠶᠣᠰᠣ ᠶᠢ ᠣᠶᠢᠯᠠᠭᠠᠵᠤ᠂ ︽ᠬᠥᠲᠥᠯᠪᠦᠷᠢ︾ ︽ᠶᠡᠷᠦᠩᠬᠡᠶ ᠱᠦᠵᠢ ᠰᠢ ᠶᠢᠨ ᠫᠢᠩ ᠤᠨ ︿ᠤᠭ ᠰᠠᠨᠠᠭ᠎ᠠ ᠪᠠᠨ ᠦᠯᠦ ᠮᠠᠷᠲᠠᠵᠤ ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ﹀ ᠲᠤᠬᠠᠶ ᠥᠭᠦᠯᠡᠯᠲᠡ ᠶᠢᠨ ᠲᠣᠪᠴᠢᠯᠠᠯ︾ ᠵᠢᠴᠢ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ ᠪᠣᠯᠤᠨ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢᠬᠢ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠵᠡᠷᠭᠡ ᠶᠢ ᠭᠤᠤᠯᠳᠠᠯᠭ᠎ᠠ ᠲᠠᠢ ᠰᠤᠷᠤᠯᠴᠠᠵᠤ᠂ ᠴᠢᠬᠤᠯᠠ ᠬᠠᠭᠤᠳᠠᠰᠤ ᠪᠣᠯᠤᠨ ᠠᠭᠤᠯᠭ᠎ᠠ ᠶᠢ ᠦᠭᠡ ᠥᠭᠦᠯᠡᠪᠦᠷᠢ ᠳᠠᠷᠠᠭᠠᠯᠠᠨ ᠤᠩᠰᠢᠵᠤ᠂ ᠵᠠᠳᠠᠯᠤᠨ ᠰᠢᠨᠵᠢᠯᠡᠵᠡᠶ᠃ ᠨᠠᠮ ᠤᠨ ᠡᠭᠦᠷ ᠤᠨ ᠲᠥᠪᠯᠡᠷᠡᠩᠭᠦᠶ ᠰᠤᠷᠤᠯᠴᠠᠯᠭ᠎ᠠ ᠳᠤ ᠴᠠᠭ ᠲᠤᠬᠠᠶ ᠳᠤᠨᠢ ᠣᠷᠣᠯᠴᠠᠵᠤ᠂ ᠪᠦᠬᠦ ᠨᠠᠮ ᠤᠨ ᠭᠡᠰᠢᠭᠦᠨ ᠺᠠᠳ᠋ᠷ ᠲᠠᠢ ᠬᠠᠮᠲᠤ ᠤᠭ ᠵᠣᠬᠢᠶᠠᠯ ᠢ ᠤᠩᠰᠢᠵᠤ᠂ ᠤᠭ ᠶᠣᠰᠣ ᠶᠢ ᠣᠶᠢᠯᠠᠭᠠᠵᠤ᠂ ᠨᠠᠮ ᠤᠨ ᠭᠡᠰᠢᠭᠦᠨ ᠺᠠᠳ᠋ᠷ ᠲᠤ ᠦᠯᠢᠭᠡᠷ ᠳᠠᠭᠤᠷᠢᠶᠠᠯ ᠪᠣᠯᠵᠤ᠂ ᠭᠦᠢᠴᠡᠳ ᠰᠤᠷᠤᠯᠴᠠᠬᠤ ᠴᠠᠭ ᠢ ᠪᠠᠲᠤᠯᠠᠭᠰᠠᠨ ᠮᠥᠷᠲᠡᠭᠡᠨ ᠪᠠᠰᠠ ᠨᠠᠮ ᠤᠨ ᠭᠡᠰᠢᠭᠦᠨ ᠺᠠᠳ᠋ᠷ ᠤᠨ ᠰᠤᠷᠤᠯᠴᠠᠬᠤ ᠬᠠᠯᠠᠭᠤᠨ ᠰᠡᠳᠬᠢᠯᠭᠡ ᠶᠢ ᠬᠥᠭᠵᠢᠭᠡᠵᠡᠶ᠃      ᠬᠤᠪᠢᠰᠬᠠᠯ ᠤᠨ ᠰᠠᠭᠤᠷᠢᠨ ᠭᠠᠵᠠᠷ ᠲᠤ ᠰᠤᠷᠤᠯᠴᠠᠵᠤ᠂ ᠬᠡᠪ ᠪᠣᠯᠪᠠᠰᠤᠷᠠᠯ ᠢᠶᠠᠨ ᠳᠡᠭᠡᠭᠰᠢᠯᠡᠭᠦᠯᠬᠦ ᠶᠢ ᠠᠬᠢᠭᠤᠯᠪᠠ᠃ ︽ᠬᠤᠲᠠ ᠠᠴᠠ ᠰᠠᠯᠵᠤ ᠬᠤᠪᠢᠰᠬᠠᠯ ᠤᠨ ᠤᠯᠠᠮᠵᠢᠯᠠᠯᠲᠤ ᠰᠤᠷᠭᠠᠨ ᠬᠥᠮᠦᠵᠢᠯ ᠢ ᠥᠷᠨᠢᠭᠦᠯᠬᠦ︾ ᠲᠣᠭᠲᠠᠭᠠᠯ ᠢ ᠴᠢᠩᠭ᠎ᠠ ᠨᠠᠢᠳᠠᠪᠤᠷᠢᠵᠢᠭᠤᠯᠬᠤ᠂ ᠤᠶᠢᠷ᠎ᠠ ᠬᠠᠪᠢ ᠳᠠᠬᠢ ᠬᠤᠪᠢᠰᠬᠠᠯ ᠤᠨ ᠡᠬᠢ ᠪᠠᠶᠠᠯᠢᠭ ᠢ ᠰᠠᠶᠢᠲᠤᠷ ᠠᠰᠢᠭᠯᠠᠵᠤ᠂ ᠨᠠᠮ ᠤᠨ ᠭᠡᠰᠢᠭᠦᠨ ᠺᠠᠳ᠋ᠷ ᠢ ᠬᠤᠶᠢᠳᠦ ᠲᠠᠶᠢᠵᠢ ᠶᠢᠨ ᠬᠤᠪᠢᠰᠬᠠᠯ ᠤᠨ ᠰᠠᠭᠤᠷᠢᠨ ᠭᠠᠵᠠᠷ ᠲᠤ ᠵᠣᠬᠢᠶᠠᠨ ᠪᠠᠶᠢᠭᠤᠯᠵᠦ ︽ᠭᠤᠤᠯ ᠰᠡᠳᠦᠪᠲᠦ ᠨᠠᠮ ᠤᠨ ᠡᠳᠦᠷ︾ ᠤᠨ ᠠᠵᠢᠯᠯᠠᠭ᠎ᠠ ᠥᠷᠨᠢᠭᠦᠯᠵᠦ᠂ ᠬᠤᠪᠢᠰᠬᠠᠯ ᠤᠨ ᠵᠣᠷᠢᠭ ᠰᠠᠨᠠᠭ᠎ᠠ ᠶᠢ ᠰᠤᠷᠤᠯᠴᠠᠵᠤ᠂ ᠬᠤᠪᠢᠰᠬᠠᠯ ᠶᠢ ᠳᠤᠷᠠᠰᠤᠨ ᠰᠠᠨᠠᠭᠠᠯᠵᠠᠵᠤ᠂ ᠨᠠᠮ ᠳᠤ ᠣᠷᠣᠬᠤ ᠲᠠᠩᠭᠠᠷᠢᠭ ᠤᠨ ᠦᠭᠡᠰ ᠢ ᠳᠠᠬᠢᠨ ᠡᠷᠭᠢᠴᠡᠭᠦᠯᠵᠦ᠂ ᠨᠠᠮ ᠤᠨ ᠲᠤᠭ ᠲᠤ ᠲᠠᠩᠭᠠᠷᠢᠭᠯᠠᠵᠤ᠂ ᠲᠤᠬᠠᠶ ᠶᠢᠨ ᠲᠠᠯᠠᠪᠠᠢ ᠳᠤ ᠤᠭ ᠰᠠᠨᠠᠭᠠᠨ ᠤ ᠬᠥᠮᠦᠵᠢᠯ ᠢ ᠬᠦᠯᠢᠶᠡᠨ᠎ᠡ᠃ ᠲᠣᠭᠤᠷᠢᠨ ᠦᠵᠡᠵᠦ ᠰᠤᠷᠤᠯᠴᠠᠬᠤ ᠪᠠᠷ ᠳᠠᠮᠵᠢᠨ᠂ ᠪᠦᠬᠦ ᠨᠠᠮ ᠤᠨ ᠭᠡᠰᠢᠭᠦᠨ ᠺᠠᠳ᠋ᠷᠴᠤᠳ ᠣᠶᠤᠨ ᠰᠠᠨᠠᠭᠠᠨ ᠤ ᠲᠠᠯ᠎ᠠ ᠪᠠᠷ ᠤᠬᠢᠶᠠᠯ ᠬᠦᠷᠲᠡᠵᠦ᠂ ᠦᠵᠡᠯ ᠰᠠᠨᠠᠭᠠᠨ ᠤ ᠲᠠᠯ᠎ᠠ ᠪᠠᠷ ᠳᠡᠭᠡᠭᠰᠢᠯᠡᠯᠲᠡ ᠲᠠᠢ ᠪᠣᠯᠵᠤ᠂ ᠤᠯᠠᠮᠵᠢᠯᠠᠯ ᠦᠯᠦ ᠮᠠᠷᠲᠠᠬᠤ᠂ ᠢᠷᠠᠭᠤ ᠠᠯᠳᠠᠷ ᠢᠶᠠᠨ ᠨᠠᠨᠳᠢᠩᠨᠠᠬᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ᠂ ᠵᠣᠷᠢᠭᠲᠠᠶ ᠪᠠᠷ ᠠᠵᠢᠯᠯᠠᠬᠤ ᠬᠤᠪᠢᠰᠬᠠᠯᠲᠤ ᠰᠡᠳᠬᠢᠯᠭᠡ ᠶᠢ ᠴᠢᠨᠠᠭᠰᠢᠳᠠ ᠬᠥᠭᠵᠢᠭᠡᠵᠦ᠂ ᠡᠪ ᠬᠠᠮᠲᠤ ᠨᠠᠮ ᠤᠨ ᠭᠡᠰᠢᠭᠦᠨ ᠤ ᠤᠭ ᠰᠠᠨᠠᠭ᠎ᠠ ᠪᠣᠯᠤᠨ ᠡᠭᠦᠷᠭᠡ ᠬᠠᠷᠢᠭᠤᠴᠠᠯᠭ᠎ᠠ ᠶᠢ ᠪᠠᠲᠤᠳᠬᠠᠪᠠ      ᠬᠠᠷᠢᠯᠴᠠᠨ ᠰᠣᠯᠢᠯᠴᠠᠨ ᠰᠤᠷᠤᠯᠴᠠᠵᠤ᠂ ᠰᠤᠷᠤᠯᠴᠠᠯᠭ᠎ᠠ ᠶᠢᠨ ᠠᠭᠤᠷ ᠠᠮᠢᠰᠬᠤᠯ ᠤᠨ ᠳᠡᠭᠡᠭᠰᠢᠯᠡᠯᠲᠡ ᠶᠢ ᠠᠬᠢᠭᠤᠯᠤᠨ᠎ᠠ᠃ ᠡᠯ᠎ᠡ ᠰᠠᠯᠠᠭ᠎ᠠ ᠮᠥᠴᠢᠷ ᠤᠨ ᠬᠢᠨ ᠲᠤᠰᠬᠠᠶ ᠰᠡᠳᠦᠪ ᠤᠳ ᠲᠣᠭᠤᠷᠢᠨ ᠳᠤ ᠰᠠᠨᠠᠯ ᠢᠶᠠᠨ ᠰᠣᠯᠢᠯᠴᠠᠵᠤ᠂ ᠱᠠᠭᠠᠷᠳᠠᠯᠭ᠎ᠠ ᠶᠣᠰᠣᠭᠠᠷ ᠬᠥᠮᠦᠨ ᠪᠦᠬᠦᠨ ᠰᠤᠷᠤᠯᠴᠠᠭᠰᠠᠨ ᠲᠥᠷᠥᠭᠳᠡᠯ ᠢᠶᠠᠨ ᠪᠢᠴᠢᠵᠦ᠂ ᠰᠤᠷᠤᠯᠴᠠᠭᠰᠠᠨ ᠲᠥᠷᠥᠭᠳᠡᠯ ᠢᠶᠠᠨ ᠰᠣᠯᠢᠯᠴᠠᠵᠤ᠂ ᠰᠤᠷᠤᠯᠴᠠᠬᠤ ᠶᠠᠪᠤᠴᠠ ᠳᠤᠮᠳᠠ ᠣᠯᠠᠨ ᠢᠶᠠᠷ ᠢᠶᠠᠨ ᠰᠡᠳᠬᠢᠯ ᠢᠶᠠᠨ ᠳᠡᠯᠭᠡᠵᠦ᠂ ᠰᠤᠷᠤᠯᠴᠠᠭᠰᠠᠨ ᠲᠥᠷᠥᠭᠳᠡᠯ ᠢᠶᠠᠨ ᠰᠣᠯᠢᠯᠴᠠᠵᠤ᠂ ᠬᠠᠷᠢᠯᠴᠠᠨ ᠰᠡᠩᠬᠡᠷᠡᠭᠦᠯᠬᠦ ᠶᠢᠨ ᠬᠠᠮᠲᠤ ᠦᠵᠡᠯ ᠰᠠᠨᠠᠭ᠎ᠠ ᠪᠣᠯᠤᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠠᠰᠠᠭᠤᠳᠠᠯ ᠢ ᠶᠠᠷᠢᠯᠴᠠᠵᠤ᠂ ᠦᠵᠡᠯᠲᠡ ᠪᠠᠨ ᠶᠠᠷᠢᠵᠤ᠂ ᠲᠥᠷᠥᠭᠳᠡᠯ ᠢᠶᠠᠨ ᠶᠠᠷᠢᠯᠴᠠᠵᠤ᠂ ᠡᠭᠦᠨ ᠤ ᠤᠯᠠᠮ ᠠᠴᠠ ᠰᠤᠷᠤᠯᠴᠠᠯᠭ᠎ᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠤᠳᠠᠭ᠎ᠠ ᠪᠦᠷᠢ ᠶᠢᠨ ᠰᠤᠷᠤᠯᠴᠠᠯᠭ᠎ᠠ ᠰᠣᠯᠢᠯᠴᠠᠭ᠎ᠠ ᠳᠤ ᠴᠥᠮ ︽ᠲᠥᠯᠥᠪᠯᠡᠭᠡ ᠲᠠᠢ᠂ ᠠᠵᠢᠯ ᠳᠤ ᠭᠠᠷᠬᠤ ᠰᠢᠯᠭᠠᠯᠲᠠ ᠲᠠᠢ᠂ ᠲᠡᠮᠳᠡᠭᠯᠡᠯ ᠲᠠᠢ᠂ ᠲᠤᠰᠬᠠᠶ ᠰᠡᠳᠦᠪ ᠲᠠᠢ᠂ ᠰᠤᠷᠤᠯᠴᠠᠯᠭ᠎ᠠ ᠶᠢᠨ ᠲᠥᠷᠥᠭᠳᠡᠯ ᠲᠠᠢ᠂ ᠳ᠋ᠦᠩᠨᠡᠯᠲᠡ ᠰᠣᠯᠢᠯᠴᠠᠭ᠎ᠠ ᠲᠠᠢ ᠪᠠᠶᠢᠵᠤ᠂ ᠭᠤᠤᠯ ᠰᠡᠳᠦᠪᠲᠦ ᠰᠤᠷᠭᠠᠨ ᠬᠥᠮᠦᠵᠢᠯ ᠢ ᠲᠠᠰᠤᠷᠠᠯᠲᠠ ᠥᠬᠡᠶ ᠭᠦᠨᠵᠡᠭᠡᠶᠢᠷᠡᠭᠦᠯᠦᠨ ᠠᠬᠢᠭᠤᠯᠬᠤ ᠶᠢ ᠬᠥᠲᠥᠯᠥᠨ ᠵᠢᠯᠣᠭᠤᠳᠤᠨ᠎ᠠ᠃ ᠰᠣᠯᠢᠯᠴᠠᠭ᠎ᠠ ᠬᠢᠬᠦ ᠪᠠᠷ ᠳᠠᠮᠵᠢᠭᠤᠯᠤᠨ᠂ ᠨᠠᠮ ᠤᠨ ᠭᠡᠰᠢᠭᠦᠨ ᠺᠠᠳ᠋ᠷᠴᠤᠳ ᠤᠨ ᠤᠬᠠᠮᠰᠠᠷ ᠠᠴᠠ ᠪᠠᠨ ᠰᠤᠷᠤᠯᠴᠠᠬᠤ᠂ ᠴᠢᠷᠮᠠᠶᠢᠨ ᠠᠵᠢᠯᠯᠠᠬᠤ ᠥᠭᠡᠳᠡᠯᠡᠨ ᠳᠠᠪᠰᠢᠬᠤ ᠰᠡᠳᠬᠢᠯᠭᠡ ᠶᠢ ᠬᠥᠭᠵᠢᠭᠡᠵᠦ᠂ ᠭᠦᠨ ᠵᠤᠵᠠᠭᠠᠨ ᠰᠤᠷᠤᠯᠴᠠᠬᠤ ᠠᠭᠤᠷ ᠠᠮᠢᠰᠬᠤᠯ ᠢ ᠪᠤᠢ ᠪᠣᠯᠭᠠᠵᠤ᠂ ᠨᠠᠮ ᠤᠨ ᠭᠡᠰᠢᠭᠦᠨ ᠺᠠᠳ᠋ᠷᠴᠤᠳ ᠤᠨ ᠠᠵᠢᠯ ᠬᠢᠵᠦ ᠠᠳᠠᠯ ᠦᠢᠯᠡᠰ ᠴᠣᠭᠴᠠᠯᠠᠬᠤ ᠳᠣᠲᠣᠭᠠᠳᠤ ᠬᠥᠳᠡᠯᠭᠡᠬᠦ ᠬᠦᠴᠦᠨ ᠢ ᠤᠯᠠᠮ ᠨᠢᠭᠡ ᠠᠯᠬᠤᠮ ᠬᠥᠭᠵᠢᠭᠡᠪᠡ᠃      ᠺᠢᠨᠣ᠋ ᠲᠧᠯᠸᠢᠰ ᠺᠢᠨᠣ᠋ ᠶᠢᠨ ᠤᠬᠠᠭᠠᠨ ᠢ ᠰᠣᠨᠢᠷᠬᠠᠵᠤ᠂ ᠡᠬᠡ ᠣᠷᠣᠨᠴᠢ ᠬᠠᠶᠢᠷ᠎ᠠ ᠰᠡᠳᠬᠢᠯᠭᠡ ᠶᠢᠨ ᠳᠡᠭᠡᠭᠰᠢᠯᠡᠯᠲᠡ ᠶᠢ ᠠᠬᠢᠭᠤᠯᠪᠠ᠃ ᠨᠠᠮ ᠤᠨ ᠭᠡᠰᠢᠭᠦᠨ ᠺᠠᠳ᠋ᠷᠴᠤᠳ ᠤᠨ ᠨᠠᠮᠴᠢ ᠴᠢᠨᠠᠷ ᠤᠨ ᠪᠣᠯᠪᠠᠰᠤᠷᠠᠯ ᠪᠠ ᠡᠬᠡ ᠣᠷᠣᠨᠴᠢ ᠦᠵᠡᠯ ᠤᠨ ᠬᠥᠮᠦᠵᠢᠯ ᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠥᠯᠥᠭᠡ᠂ ᠲᠣᠭᠲᠠᠬᠤ ᠰᠢᠶᠠᠨ ᠤ ᠡᠯ᠎ᠡ ᠰᠠᠯᠠᠭ᠎ᠠ ᠮᠥᠴᠢᠷ ᠨᠠᠮ ᠤᠨ ᠭᠡᠰᠢᠭᠦᠳ ᠢ ᠵᠣᠬᠢᠶᠠᠨ ᠪᠠᠶᠢᠭᠤᠯᠤᠨ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ᠂ ᠴᠡᠷᠢᠭ ᠤᠨ ᠵᠢᠭᠰᠠᠭᠠᠯ ᠰᠢᠯᠭᠠᠨ ᠦᠵᠡᠬᠦ ᠶᠣᠰᠣᠯᠠᠯ ᠪᠠ ᠣᠯᠠᠨ ᠲᠦᠮᠡᠨ ᠤ ᠠᠵᠢᠯᠯᠠᠭ᠎ᠠ ᠶᠢ ᠲᠥᠪᠯᠡᠷᠡᠭᠦᠯᠦᠨ ᠦᠵᠡᠵᠦ᠂ ᠡᠬᠡ ᠣᠷᠣᠨᠴᠢ ᠦᠵᠡᠯ ᠤᠨ ᠬᠥᠮᠦᠵᠢᠯ ᠤᠨ ᠲᠤᠰᠬᠠᠶ ᠰᠡᠳᠦᠪᠲᠦ ᠺᠢᠨᠣ᠋ ︽ᠪᠢ ᠡᠬᠡ ᠣᠷᠣᠨ ᠲᠠᠢ ᠪᠠᠨ︾ ︽ᠦᠯᠢᠭᠡᠷ ᠳᠠᠭᠤᠷᠢᠶᠠᠯ 4︾ ᠢ ᠲᠣᠭᠤᠷᠢᠨ ᠦᠵᠡᠵᠦ᠂ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠲᠤᠷᠰᠢ ᠣᠯᠤᠭᠰᠠᠨ ᠭᠡᠷᠡᠯ ᠰᠠᠴᠤᠷᠠᠩᠭᠤᠶ ᠠᠮᠵᠢᠯᠲᠠ ᠪᠦᠲᠦᠮᠵᠢ ᠶᠢ ᠬᠠᠮᠲᠤ ᠪᠠᠷ ᠭᠡᠷᠡᠴᠢᠯᠡᠵᠦ᠂ ᠪᠦᠬᠦ ᠨᠠᠮ ᠤᠨ ᠭᠡᠰᠢᠭᠦᠨ ᠺᠠᠳ᠋ᠷᠴᠤᠳ ᠤᠨ ᠡᠬᠡ ᠣᠷᠣᠨᠴᠢ ᠰᠡᠳᠬᠢᠯᠭᠡ ᠪᠠ ᠡᠭᠦᠷᠭᠡ ᠬᠠᠷᠢᠭᠤᠴᠠᠯᠭ᠎ᠠ ᠡᠭᠦᠷᠭᠡᠯᠡᠯ ᠢ ᠬᠥᠭᠵᠢᠭᠡᠪᠡ᠃ ᠺᠢᠨᠣ᠋ ᠦᠵᠡᠬᠦ ᠪᠠᠷ ᠳᠠᠮᠵᠢᠨ᠂ ᠣᠯᠠᠨ ᠲᠦᠮᠡᠨ ᠤ ᠤᠭ ᠰᠠᠨᠠᠭ᠎ᠠ ᠪᠣᠯᠤᠨ ᠡᠭᠦᠷᠭᠡ ᠬᠠᠷᠢᠭᠤᠴᠠᠯᠭ᠎ᠠ ᠶᠢᠨ ᠲᠤᠬᠠᠶ ᠣᠶᠢᠯᠠᠭᠠᠯᠲᠠ ᠶᠢ ᠭᠦᠨᠵᠡᠭᠡᠶᠢᠷᠡᠭᠦᠯᠵᠦ᠂ ᠤᠯᠤᠰ ᠢᠶᠠᠨ ᠬᠠᠶᠢᠷᠠᠯᠠᠬᠤ ᠬᠠᠯᠠᠭᠤᠨ ᠰᠡᠳᠬᠢᠯᠭᠡ ᠶᠢ ᠤᠯᠠᠮ ᠴᠢᠨᠠᠭᠰᠢᠳᠠ ᠬᠥᠭᠵᠢᠭᠡᠵᠦ᠂ ᠣᠯᠠᠨ ᠢᠶᠠᠷ ᠢᠶᠠᠨ ᠬᠤᠶᠢᠰᠢᠳᠠ ᠶᠢᠨ ᠠᠵᠢᠯ ᠳᠤᠮᠳᠠ ᠪᠠᠨ ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠬᠤᠰᠢᠭᠤᠴᠢ ᠴᠢᠨᠠᠷ ᠢᠶᠠᠨ ᠢᠳᠡᠪᠬᠢᠲᠡᠢ ᠪᠠᠳᠠᠷᠠᠭᠤᠯᠵᠤ᠂ ᠡᠭᠡᠯ ᠵᠢᠷ ᠤᠨ ᠠᠵᠢᠯ ᠶᠢᠨ ᠪᠠᠶᠢᠷᠢ ᠳᠡᠭᠡᠷ᠎ᠡ ᠥᠪᠡᠷ ᠤᠨ ᠬᠦᠴᠦᠨ ᠴᠢᠳᠠᠯ ᠢᠶᠠᠨ ᠡᠷᠭᠦᠵᠦ᠂ ᠠᠵᠤ ᠠᠬᠤᠶ  ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠦᠨ᠎ᠡ ᠭᠡᠵᠦ ᠢᠯᠡᠳᠬᠡᠵᠡᠭᠡᠪᠡ᠃       ᠪᠠᠶᠢᠴᠠᠭᠠᠨ ᠰᠤᠳᠤᠯᠤᠯᠲᠠ ᠬᠢᠵᠦ  ᠦᠢᠯᠡᠳᠦᠯᠭᠡᠵᠢᠭᠦᠯᠦᠨ ᠰᠤᠷᠤᠯᠴᠠᠵᠤ᠂ ᠰᠤᠷᠤᠯᠴᠠᠯᠭ᠎ᠠ ᠶᠢᠨ ᠦᠷ᠎ᠡ ᠪᠦᠲᠦᠮᠵᠢ ᠶᠢ ᠬᠤᠪᠢᠷᠠᠭᠤᠯᠬᠤ ᠶᠢ ᠠᠬᠢᠭᠤᠯᠤᠨ᠎ᠠ᠃ ︽ᠪᠠᠶᠢᠴᠠᠭᠠᠯᠲᠠ ᠬᠢᠭᠰᠡᠨ ᠦᠭᠡᠢ ᠪᠣᠯ ᠯᠠᠪ ᠪᠠᠶᠢᠴᠠᠭᠠᠯᠲᠠ ᠬᠢᠭᠰᠡᠨ ᠦᠭᠡᠢ᠃ ᠭᠤᠤᠯ ᠰᠡᠳᠦᠪᠲᠦ ᠰᠤᠷᠭᠠᠨ ᠬᠥᠮᠦᠵᠢᠯ ᠤᠨ ᠲᠤᠰᠬᠠᠶ ᠴᠡᠭᠴᠡᠯᠡᠯᠲᠡ ᠶᠢᠨ ᠠᠵᠢᠯ ᠲᠠᠢ ᠤᠶᠠᠯᠳᠤᠭᠤᠯᠤᠨ᠂ ᠡᠯ᠎ᠡ ᠰᠠᠯᠠᠭ᠎ᠠ ᠮᠥᠴᠢᠷ ᠪᠠᠶᠢᠴᠠᠭᠠᠨ ᠰᠤᠳᠤᠯᠬᠤ ᠰᠡᠳᠦᠪ ᠢ ᠨᠠᠷᠢᠨ ᠬᠢᠨᠠᠮᠠᠭᠠᠶ ᠰᠤᠳᠤᠯᠤᠨ ᠲᠣᠭᠲᠠᠭᠠᠵᠤ᠂ ᠪᠠᠶᠢᠴᠠᠭᠠᠨ ᠰᠤᠳᠤᠯᠬᠤ ᠲᠥᠰᠦᠯ ᠢ ᠨᠠᠷᠢᠨ ᠨᠢᠮᠪᠠᠶ ᠲᠣᠭᠲᠠᠭᠠᠨ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠢᠳᠠᠪᠤᠷᠢᠵᠢᠭᠤᠯᠬᠤ ᠲᠠᠢ ᠤᠶᠠᠯᠳᠤᠭᠤᠯᠤᠨ᠂ ᠣᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠬᠠᠯᠠᠭᠤᠨ ᠴᠡᠭ ᠪᠠ ᠬᠦᠴᠢᠷ ᠠᠰᠠᠭᠤᠳᠠᠯ ᠤᠨ ᠲᠣᠭᠤᠷᠢᠨ ᠳᠤ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠬᠦ᠂ ᠶᠠᠷᠢᠯᠴᠠᠨ ᠰᠣᠯᠢᠯᠴᠠᠬᠤ᠂ ᠡᠷᠦᠬᠡ ᠳᠤ ᠬᠦᠷᠴᠦ ᠰᠤᠷᠪᠤᠯᠵᠢᠯᠠᠬᠤ ᠵᠡᠷᠭᠡ ᠠᠷᠭ᠎ᠠ ᠮᠠᠶ᠋ᠢᠭ ᠢ ᠠᠪᠴᠤ᠂ ᠪᠠᠶᠢᠴᠠᠭᠠᠨ ᠰᠤᠳᠤᠯᠤᠯᠲᠠ ᠬᠢᠵᠦ ︽ᠪᠦᠬᠦᠨ ᠢ ᠬᠠᠮᠤᠷᠬᠤ︾ ᠨᠢ ᠨᠠᠮ ᠤᠨ ᠭᠡᠰᠢᠭᠦᠨ ᠺᠠᠳ᠋ᠷᠴᠤᠳ ᠤᠨ ᠠᠰᠠᠭᠤᠳᠠᠯ ᠢ ᠦᠵᠡᠬᠦ ᠴᠢᠳᠠᠪᠤᠷᠢ᠂ ᠤᠴᠢᠷ ᠶᠠᠪᠤᠳᠠᠯ ᠢ ᠪᠣᠳᠣᠯᠬᠢᠯᠠᠬᠤ ᠲᠠᠷᠢᠬᠢ ᠲᠣᠯᠣᠭᠠᠶ᠂ ᠠᠷᠠᠳ ᠤᠨ ᠪᠠᠶᠢᠳᠠᠯ ᠢ ᠪᠠᠶᠢᠴᠠᠭᠠᠬᠤ ᠰᠣᠨᠣᠷ᠂ ᠦᠨᠳᠦᠰᠦᠨ ᠱᠠᠲᠤᠨ ᠳᠤ ᠭᠦᠨᠵᠡᠭᠡᠶᠢᠷᠡᠬᠦ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠵᠦ᠂ ᠭᠤᠤᠯ ᠰᠡᠳᠦᠪᠲᠦ ᠬᠥᠮᠦᠵᠢᠯ ᠤᠨ ᠬᠠᠷᠠᠯᠲᠠ ᠪᠠᠨ ᠣᠨᠣᠪᠴᠢᠲᠠᠶ ᠪᠣᠯᠭᠠᠬᠤ ᠶᠢ ᠦᠨᠡᠨ ᠬᠦ ᠪᠠᠲᠤᠯᠠᠵᠤ᠂ ᠢᠳᠡᠪᠬᠢᠲᠡᠶ ᠪᠠᠷ ᠲᠦᠯᠬᠢᠨ ᠠᠬᠢᠭᠤᠯᠵᠤ᠂ ᠰᠤᠷᠤᠯᠴᠠᠬᠤ ᠰᠡᠳᠬᠢᠬᠦ ᠬᠡᠷᠡᠭᠯᠡᠬᠦ ᠶᠢ ᠨᠡᠪᠲᠡᠷᠡᠭᠦᠯᠬᠦ᠂ ᠮᠡᠳᠡᠬᠦ ᠢᠲᠡᠭᠡᠬᠦ ᠬᠢᠬᠦ ᠶᠢ ᠨᠢᠭᠡᠳᠬᠡᠬᠦ ᠶᠢ ᠪᠡᠶᠡᠯᠡᠭᠦᠯᠪᠡ᠃      ᠠᠵᠢᠯ ᠲᠠᠢ ᠪᠠᠨ ᠨᠢᠭᠲᠠ ᠤᠶᠠᠯᠳᠤᠭᠤᠯᠤᠨ ᠰᠤᠷᠤᠯᠴᠠᠵᠤ᠂ ᠠᠵᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠤᠨ᠎ᠠ᠃ ᠪᠠᠶᠢᠭᠤᠯᠤᠯᠭ᠎ᠠ ᠨᠢᠭᠡᠴᠡ ᠶᠢᠨ ᠡᠭᠦᠷᠭᠡ ᠬᠦᠨᠳᠦ᠂ ᠠᠵᠢᠯ ᠣᠯᠠᠨ ᠪᠠᠶᠢᠭ᠎ᠠ ᠪᠣᠳᠠᠲᠤ ᠪᠠᠶᠢᠳᠠᠯ ᠳᠤ ᠴᠢᠭᠯᠡᠭᠦᠯᠦᠨ᠂ ᠡᠯ᠎ᠡ ᠰᠠᠯᠠᠭ᠎ᠠ ᠮᠥᠴᠢᠷ ᠤᠨ ᠬᠢᠨ ᠠᠵᠢᠯᠯᠠᠵᠤ ᠰᠤᠷᠤᠯᠴᠠᠬᠤ ᠵᠥᠷᠢᠴᠡᠯ ᠢ ᠲᠣᠬᠢᠲᠠᠶ ᠰᠢᠢᠳᠪᠦᠷᠢᠯᠡᠵᠦ᠂ ᠨᠢᠭᠡ ᠲᠠᠯ᠎ᠠ ᠪᠠᠷ ᠠᠵᠢᠯ ᠢᠶᠠᠨ ᠠᠳᠬᠤᠵᠤ᠂ ᠨᠢᠭᠡ ᠲᠠᠯ᠎ᠠ ᠪᠠᠷ ᠭᠤᠤᠯ ᠰᠡᠳᠦᠪᠲᠦ ᠬᠥᠮᠦᠵᠢᠯ ᠢ ᠠᠳᠬᠤᠵᠤ᠂ ᠬᠤᠶᠠᠷ ᠢ ᠰᠠᠭᠠᠲᠠᠭᠠᠬᠤ ᠦᠭᠡᠢ᠂ ᠬᠤᠶᠠᠷ ᠢ ᠠᠬᠢᠭᠤᠯᠵᠤ᠂ ᠬᠠᠷᠢᠯᠴᠠᠨ ᠬᠠᠪᠰᠤᠷᠤᠯᠴᠠᠵᠤ ᠬᠠᠷᠢᠯᠴᠠᠨ ᠳᠣᠪᠤᠶᠢᠯᠭᠠᠬᠤ ᠬᠡᠷᠡᠭᠲᠡᠶ᠃ ᠭᠤᠤᠯ ᠰᠡᠳᠦᠪᠲᠦ ᠬᠥᠮᠦᠵᠢᠯ ᠢ ᠥᠷᠨᠢᠭᠦᠯᠬᠦ ᠶᠢ ᠡᠨᠡ ᠵᠢᠯ ᠤᠨ ᠠᠵᠢᠯ ᠤᠨ ᠬᠠᠷᠠᠯᠲᠠ ᠡᠭᠦᠷᠭᠡ ᠶᠢ ᠨᠠᠶᠢᠳᠠᠪᠤᠷᠢᠵᠢᠭᠤᠯᠬᠤ ᠯᠤᠭ᠎ᠠ ᠤᠶᠠᠯᠳᠤᠭᠤᠯᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠯᠦᠭᠡ ᠤᠶᠠᠯᠳᠤᠭᠤᠯᠵᠤ᠂ ︽ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ︾ ᠲᠠᠢ ᠤᠶᠠᠯᠳᠤᠭᠤᠯᠵᠤ᠂ ᠣᠳᠣᠬᠠᠨ ᠤ ᠶᠠᠭ ᠥᠷᠨᠢᠭᠦᠯᠵᠦ ᠪᠠᠶᠢᠭ᠎ᠠ ᠴᠢᠬᠤᠯᠠ ᠶᠡᠭᠡ ᠠᠵᠢᠯ ᠤᠨ ᠡᠭᠦᠷᠭᠡ ᠲᠠᠢ ᠤᠶᠠᠯᠳᠤᠭᠤᠯᠵᠤ᠂ ᠭᠤᠤᠯ ᠰᠡᠳᠦᠪᠲᠦ ᠬᠥᠮᠦᠵᠢᠯ ᠪᠣᠯᠤᠨ ᠡᠳᠦᠷ ᠲᠣᠲᠤᠮ ᠤᠨ ᠠᠵᠢᠯ ᠢ ᠣᠷᠭᠠᠨᠢᠭ ᠢᠶᠠᠷ ᠠᠭᠤᠰᠤᠯᠴᠠᠭᠤᠯᠵᠤ᠂ ᠭᠤᠤᠯ ᠰᠡᠳᠦᠪᠲᠦ ᠬᠥᠮᠦᠵᠢᠯ ᠢᠶᠠᠷ ᠲᠤᠬᠠᠶᠢᠯᠠᠭᠰᠠᠨ ᠠᠵᠢᠯ ᠢᠶᠠᠨ ᠠᠬᠢᠭᠤᠯᠵᠤ᠂ ᠲᠤᠬᠠᠶᠢᠯᠠᠭᠰᠠᠨ ᠠᠵᠢᠯ ᠢᠶᠠᠷ ᠭᠤᠤᠯ ᠰᠡᠳᠦᠪᠲᠦ ᠬᠥᠮᠦᠵᠢᠯ ᠢ ᠬᠥᠲᠥᠯᠥᠨ ᠳᠠᠭᠠᠭᠤᠯᠵᠤ᠂ ᠨᠢᠭᠡᠴᠡ ᠶᠢᠨ ᠳᠣᠲᠣᠭᠠᠳᠤ ᠶᠢᠨ ᠡᠯ᠎ᠡ ᠵᠦᠢᠯ ᠤᠨ ᠠᠵᠢᠯ ᠤᠨ ᠤᠷᠤᠭᠰᠢᠲᠠᠶ ᠥᠷᠨᠢᠬᠦ ᠶᠢ ᠪᠠᠲᠤᠯᠠᠬᠤ ᠪᠥᠭᠡᠳ ᠭᠤᠤᠯ ᠰᠡᠳᠦᠪᠲᠦ ᠬᠥᠮᠦᠵᠢᠯ ᠤᠨ ᠠᠬᠢᠴᠠ ᠪᠣᠯᠤᠨ ᠦᠷ᠎ᠡ ᠪᠦᠲᠦᠮᠵᠢ ᠶᠢ ᠪᠠᠲᠤᠯᠠᠬᠤ ᠬᠡᠷᠡᠭᠲᠡᠶ ᠭᠡᠵᠦ ᠤᠷᠢᠶᠠᠯᠠᠪᠠ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1