ᠰᠢᠶᠠᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠲᠤᠭᠤᠶᠢᠯᠠᠩ 2019 ᠣᠨ ᠤ ᠬᠤᠷᠢᠨ ᠳᠥᠷᠪᠡᠳᠦᠭᠡᠷ ᠤᠳᠠᠭ᠎ᠠ ᠶᠢᠨ ︵ᠥᠷᠭᠡᠳᠬᠡᠭᠰᠡᠨ︶ ᠬᠤᠷᠠᠯ ᠵᠢᠴᠢ ᠬᠤᠷᠢᠨ ᠬᠤᠶᠠᠳᠤᠭᠠᠷ ᠤᠳᠠᠭ᠎ᠠ ᠶᠢᠨ ᠲᠥᠪᠯᠡᠷᠡᠭᠦᠯᠦᠨ ᠰᠤᠷᠤᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2019-11-07
      11 ᠰᠠᠷ᠎ᠠ ᠶᠢᠨ 5 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠰᠢᠶᠠᠨ ᠤ ᠳᠠᠷᠤᠭ᠎ᠠ ᠯᠢ ᠴᠦᠨ ᠶᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2019 ᠣᠨ ᠤ ᠬᠤᠷᠢᠨ ᠳᠥᠷᠪᠡᠳᠦᠭᠡᠷ ︵ᠥᠷᠭᠡᠳᠬᠡᠭᠰᠡᠨ︶ ᠬᠤᠷᠠᠯ ᠵᠢᠴᠢ ᠬᠤᠷᠢᠨ ᠬᠤᠶᠠᠳᠤᠭᠠᠷ ᠤᠳᠠᠭ᠎ᠠ ᠶᠢᠨ ᠲᠥᠪᠯᠡᠷᠡᠭᠦᠯᠦᠨ ᠰᠤᠷᠤᠯᠴᠠᠬᠤ ᠬᠤᠷᠠᠯ ᠢ ᠡᠷᠬᠢᠯᠡᠨ ᠬᠤᠷᠠᠯᠳᠤᠭᠤᠯᠪᠠ᠃ ᠲᠢᠶᠠᠨ ᠯᠢ ᠵᠢᠶᠦ᠋ᠨ᠂ ᠵᠤᠤ ᠯᠢ ᠮᠢᠨ᠂ ᠶᠦᠨ ᠬᠠᠢ ᠯᠦᠩ᠂ ᠱᠢ ᠯᠢ ᠵᠢᠶᠦ᠋ᠨ᠂ ᠯᠢᠦ ᡁᠢ ᠴᠢᠶᠠᠩ᠂ ᠯᠦ ᠢᠦᠶ ᠵᠦᠩ ᠵᠡᠷᠭᠡ ᠰᠢᠶᠠᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠲᠤᠭᠤᠶᠢᠯᠠᠩ ᠤᠨ ᠪᠦᠷᠢᠯᠳᠦᠬᠦᠨ ᠬᠤᠷᠠᠯ ᠳᠤ ᠣᠷᠣᠯᠴᠠᠵᠤ᠂ ᠠᠵᠤ ᠦᠶ᠋ᠯᠡᠳᠪᠦᠷᠢ ᠶᠢᠨ ᠬᠦᠷᠢᠶᠡᠯᠡᠩ ᠤᠨ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠰᠢᠶᠣᠤ ᠸᠧᠨ ᠸᠧᠶ᠂ ᠰᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ᠂ ᠺᠸᠤ ᠶᠢᠨ ᠬᠠᠮᠢᠶᠠᠷᠤᠯᠲᠠ ᠶᠢᠨ ᠵᠥᠪᠯᠡᠯ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃      ᠬᠤᠷᠠᠯ ᠠᠴᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠩᠬᠠᠳᠤᠭᠠᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠤᠨ ᠠᠯᠪᠠᠨ ᠮᠡᠳᠡᠭᠡ ᠶᠢ ᠪᠦᠬᠦ ᠤᠳᠬ᠎ᠠ ᠪᠠᠷ ᠨᠢ ᠤᠯᠠᠮᠵᠢᠯᠠᠨ ᠰᠤᠷᠤᠯᠴᠠᠪᠠ︔ ︽ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠵᠤ ᠤᠬᠠᠭᠤᠯᠬᠤ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ᠤᠨ ᠵᠣᠷᠢᠭ ᠰᠠᠨᠠᠭ᠎ᠠ᠂ ᠶᠡᠷᠦᠩᠬᠡᠶ ᠱᠦᠵᠢ ᠰᠢ ᠶᠢᠨ ᠫᠢᠩ ᠤᠨ ᠱᠠᠩᠬᠠᠢ ᠳᠤ ᠰᠢᠨᠵᠢᠯᠡᠨ ᠪᠠᠶᠢᠴᠠᠭᠠᠵᠤ ᠪᠠᠶᠢᠴᠠᠭᠠᠨ ᠰᠤᠳᠤᠯᠤᠯᠲᠠ ᠬᠢᠬᠦ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠤᠨ ᠲᠤᠬᠠᠶ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ᠂ ᠨᠡᠶᠢᠭᠡᠮ ᠵᠢᠷᠤᠮ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠲᠤᠬᠠᠶ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠲᠥᠪᠯᠡᠷᠡᠭᠦᠯᠦᠨ ᠰᠤᠷᠤᠯᠴᠠᠪᠠ︔ ᠬᠦᠬᠡᠬᠤᠳᠠ ᠶᠢᠨ ᠠᠷᠠᠳ ᠠᠴᠠ ᠡᠵᠡᠩᠨᠡᠭᠰᠡᠨ ᠠᠵᠤ ᠠᠬᠤᠢᠯᠠᠯ ᠤᠨ ᠶᠠᠷᠢᠯᠴᠠᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃      ᠬᠤᠷᠠᠯ ᠠᠴᠠ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠪᠣᠯ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠢᠭᠤᠯᠤᠭᠳᠠᠭᠰᠠᠨ 70 ᠵᠢᠯ ᠤᠨ ᠣᠢ ᠶᠢ ᠪᠡᠯᠭᠡᠯᠡᠬᠦ ᠲᠠᠰᠢᠷᠠᠮ ᠳᠤ᠂ ︽ᠬᠤᠤᠰ ᠵᠠᠭᠤᠨ ᠵᠢᠯ︾ ᠤᠨ ᠲᠡᠮᠡᠴᠡᠬᠦ ᠬᠠᠷᠠᠯᠲᠠ ᠶᠢᠨ ᠲᠡᠤᠬᠡ ᠶᠢᠨ ᠠᠭᠤᠯᠵᠠᠷ ᠴᠡᠭ ᠳᠡᠭᠡᠷ᠎ᠡ ᠬᠤᠷᠠᠯᠳᠤᠭᠰᠠᠨ ᠨᠢᠭᠡ ᠤᠳᠠᠭ᠎ᠠ ᠶᠢᠨ ᠨᠡᠭᠡᠭᠡᠯᠲᠡ ᠶᠢᠨ ᠠᠴᠢ ᠬᠤᠯᠪᠣᠭᠳᠠᠯ ᠲᠠᠢ ᠴᠢᠬᠤᠯᠠ ᠬᠤᠷᠠᠯ ᠪᠣᠯᠤᠨ᠎ᠠ᠃ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠠᠵᠢᠯ ᠢ ᠳᠠᠷᠤᠶ ᠲᠦᠷᠭᠡᠨ ᠥᠷᠨᠢᠭᠦᠯᠵᠦ᠂ ᠪᠥᠬᠦᠳᠡ ᠬᠤᠷᠠᠯ ᠠᠴᠠ ᠳᠤᠷᠠᠳᠤᠭᠰᠠᠨ ᠴᠢᠬᠤᠯᠠ ᠶᠡᠭᠡ ᠦᠵᠡᠯ ᠰᠠᠨᠠᠭ᠎ᠠ ᠦᠵᠡᠯᠲᠡ᠂ ᠴᠢᠬᠤᠯᠠ ᠶᠡᠭᠡ ᠳᠦᠷᠢᠮ ᠤᠨ ᠲᠣᠬᠢᠷᠠᠭᠤᠯᠤᠯᠲᠠ᠂ ᠴᠢᠬᠤᠯᠠ ᠶᠡᠭᠡ ᠠᠵᠢᠯ ᠤᠨ ᠪᠠᠶᠢᠷᠢᠯᠠᠭᠤᠯᠤᠯᠲᠠ ᠶᠢ ᠪᠠᠲᠤ ᠡᠵᠡᠮᠳᠡᠵᠦ᠂ ᠮᠠᠨ ᠤ ᠰᠢᠶᠠᠨ ᠤ ᠪᠣᠳᠠᠲᠠᠶ ᠠᠵᠢᠯ ᠪᠠ ᠶᠠᠭ ᠬᠢᠵᠦ ᠪᠠᠶᠢᠭ᠎ᠠ ᠭᠤᠤᠯ ᠰᠡᠳᠦᠪᠲᠦ ᠬᠥᠮᠦᠵᠢᠯ ᠲᠠᠢ ᠨᠢᠭᠲᠠ ᠤᠶᠠᠯᠳᠤᠭᠤᠯᠤᠨ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠦᠨᠡᠨ ᠬᠦ ᠨᠢᠭᠡᠳᠬᠡᠵᠦ᠂ ᠣᠶᠤᠨ ᠤᠬᠠᠭᠠᠨ ᠪᠠ ᠬᠦᠴᠦᠨ ᠴᠢᠳᠠᠯ ᠢᠶᠠᠨ ᠪᠥᠬᠦᠳᠡ ᠬᠤᠷᠠᠯ ᠠᠴᠠ ᠲᠣᠭᠲᠠᠭᠠᠭᠰᠠᠨ ᠡᠯ᠎ᠡ ᠵᠦᠢᠯ ᠤᠨ ᠡᠭᠦᠷᠭᠡ ᠶᠢ ᠨᠠᠶᠢᠳᠠᠪᠤᠷᠢᠵᠢᠭᠤᠯᠬᠤ ᠳᠡᠭᠡᠷ᠎ᠡ ᠨᠢᠭᠲᠠᠷᠠᠭᠤᠯᠬᠤ ᠬᠡᠷᠡᠭᠲᠡᠶ ᠭᠡᠵᠦ ᠵᠢᠭᠠᠨ ᠭᠠᠷᠭᠠᠪᠠ᠃      ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠤᠨ ᠱᠠᠩᠬᠠᠢ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠨᠢ ᠮᠠᠨ ᠤ ᠰᠢᠶᠠᠨ ᠤ ᠬᠤᠲᠠ ᠶᠢᠨ ᠪᠦᠲᠦᠭᠡᠨ ᠪᠠᠶᠢᠭᠤᠯᠤᠯᠳᠠ ᠪᠣᠯᠤᠨ ᠬᠠᠮᠢᠶᠠᠷᠤᠯᠲᠠ ᠵᠡᠷᠭᠡ ᠠᠵᠢᠯ ᠳᠤ ᠴᠢᠬᠤᠯᠠ ᠵᠢᠯᠣᠭᠤᠳᠬᠤ ᠪᠠ ᠰᠡᠩᠬᠡᠷᠡᠭᠦᠯᠬᠦ  ᠦᠢᠯᠡᠳᠦᠯ ᠲᠠᠢ ᠶᠤᠮ᠂ ᠭᠦᠨᠵᠡᠭᠡᠶ ᠰᠤᠷᠤᠯᠴᠠᠨ ᠲᠤᠭᠤᠰᠢᠯᠠᠭᠤᠯᠵᠦ᠂ ᠬᠤᠲᠠ ᠶᠢᠨ ᠵᠠᠰᠠᠯᠲᠠ ᠶᠢᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ ᠪᠣᠯᠤᠨ ᠬᠠᠨᠤᠮᠵᠢ ᠶᠢᠨ ᠬᠡᠮᠵᠢᠶ᠎ᠡ ᠶᠢ ᠨᠡᠮᠡᠭᠳᠡᠭᠦᠯᠬᠦ ᠬᠡᠷᠡᠭᠲᠡᠶ᠃ ᠶᠡᠷᠦᠩᠬᠡᠶ ᠱᠦᠵᠢ ᠰᠢ ᠶᠢᠨ ᠫᠢᠩ ᠤᠨ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠪᠣᠯᠤᠨ ᠨᠡᠶᠢᠭᠡᠮ ᠵᠢᠷᠤᠮ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠲᠤᠬᠠᠶ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠤᠯᠤᠰ ᠲᠥᠷᠦ ᠶᠢᠨ ᠬᠠᠷᠢᠭᠤᠴᠠᠯᠭ᠎ᠠ ᠪᠠᠨ ᠴᠢᠩᠭᠠᠳᠬᠠᠵᠤ᠂ ᠨᠠᠩ ᠶᠡᠭᠡ ᠡᠷᠴᠢᠮ᠂ ᠨᠠᠩ ᠪᠣᠳᠠᠲᠠᠶ ᠠᠷᠭ᠎ᠠ ᠬᠡᠮᠵᠢᠶ᠎ᠡ ᠪᠠᠷ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠤᠨ ᠭᠦᠨᠵᠡᠭᠡᠶᠢᠷᠡᠨ ᠬᠥᠭᠵᠢᠬᠦ ᠶᠢ ᠠᠬᠢᠭᠤᠯᠬᠤ ᠶᠢᠨ ᠬᠠᠮᠲᠤ  ᠤᠶᠢᠷ᠎ᠠ ᠶᠢᠨ ᠬᠤᠭᠤᠴᠠᠭᠠᠨ ᠤ ᠲᠥᠪ ᠤᠨ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠱᠠᠯᠠᠪᠳᠠᠭᠤᠯᠤᠨ ᠵᠢᠯᠣᠭᠤᠳᠴᠤ ︽ᠡᠷᠭᠢᠨ ᠬᠠᠷᠠᠬᠤ︾ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ ᠬᠡᠷᠡᠭᠲᠡᠶ︔ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠲᠦᠢᠯ ᠤᠨ ᠴᠢᠬᠤᠯᠠ ᠴᠢᠨᠠᠷ ᠢ ᠭᠦᠨᠵᠡᠭᠡᠶ ᠲᠠᠨᠢᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠨ ᠲᠤᠭᠤᠰᠢᠯᠠᠭᠤᠯᠵᠤ᠂ ᠮᠠᠨ ᠤ ᠰᠢᠶᠠᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠠᠵᠤ ᠠᠬᠤᠢ ᠶᠢᠨ ᠬᠥᠭᠵᠢᠯᠲᠡ ᠪᠣᠯᠤᠨ ᠠᠮᠢ ᠠᠬᠤᠶ ᠣᠷᠴᠢᠨ ᠠᠬᠤᠢ ᠶᠢᠨ ᠬᠠᠮᠠᠭᠠᠯᠠᠯᠲᠠ ᠶᠢᠨ ᠬᠠᠷᠢᠴᠠᠭ᠎ᠠ ᠶᠢ ᠵᠥᠪ ᠢᠶᠠᠷ ᠰᠠᠶᠢᠲᠤᠷ  ᠰᠢᠢᠳᠪᠦᠷᠢᠯᠡᠵᠦ᠂  ᠦᠢᠯᠡᠳᠪᠦᠷᠢᠯᠡᠯ ᠬᠥᠭᠵᠢᠭᠰᠡᠨ᠂ ᠠᠮᠢᠳᠤᠷᠠᠯ ᠴᠢᠨᠡᠭᠡᠯᠢᠭᠵᠢᠭᠰᠡᠨ᠂ ᠠᠮᠢ ᠠᠬᠤᠶ ᠰᠠᠶᠢᠨ ᠰᠠᠶᠢᠬᠠᠨ ᠪᠣᠯᠪᠠᠰᠤᠨ ᠬᠥᠭᠵᠢᠯᠲᠡ ᠶᠢᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠬᠤ ᠬᠡᠷᠡᠭᠲᠡᠶ ᠭᠡᠵᠦ ᠴᠢᠬᠤᠯᠠᠴᠢᠯᠠᠪᠠ᠃      ᠬᠤᠷᠠᠯ ᠠᠴᠠ᠂ ᠡᠯ᠎ᠡ ᠲᠥᠷᠥᠯ ᠤᠨ ᠠᠵᠤ ᠠᠬᠤᠢᠯᠠᠯ ᠢ ᠰᠠᠶᠢᠲᠤᠷ ᠬᠥᠭᠵᠢᠭᠦᠯᠵᠦ᠂ ᠮᠠᠨ ᠤ ᠠᠵᠤ ᠦᠢᠯᠡᠰ ᠢᠶᠠᠨ ᠰᠠᠶᠢᠲᠤᠷ ᠪᠤᠶᠢᠵᠢᠭᠤᠯᠬᠤ ᠪᠣᠯ ᠠᠵᠤ ᠠᠬᠤᠢᠯᠠᠯ ᠤᠨ ᠬᠠᠷᠢᠭᠤᠴᠠᠯᠭ᠎ᠠ ᠪᠣᠯᠬᠤ ᠪᠠᠷ ᠪᠠᠷᠠᠬᠤ ᠦᠭᠡᠢ᠂ ᠪᠠᠰᠠ ᠴᠤ ᠮᠠᠨ ᠤ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠠᠮᠲᠤ ᠶᠢᠨ ᠬᠠᠷᠢᠭᠤᠴᠠᠯᠭ᠎ᠠ ᠪᠣᠯᠤᠨ᠎ᠠ᠃ ᠸᠠᠩ ᠯᠢ ᠰᠢᠶᠠ ᠱᠦᠵᠢ ᠶᠢᠨ ᠠᠵᠤ ᠠᠬᠤᠶᠢᠯᠠᠯᠲᠠ ᠶᠢᠨ ᠶᠠᠷᠢᠯᠴᠠᠬᠤ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠨ ᠲᠤᠭᠤᠰᠢᠯᠠᠭᠤᠯᠵᠤ᠂ ᠦᠨᠡᠨ ᠰᠡᠳᠬᠢᠯ ᠠᠴᠠ ᠪᠠᠨ ᠠᠵᠤ ᠠᠬᠤᠢᠯᠠᠯ ᠢ ᠬᠠᠪᠰᠤᠷᠤᠨ ᠪᠣᠳᠠᠲᠠᠶ ᠠᠰᠠᠭᠤᠳᠠᠯ ᠢ ᠨᠢ  ᠰᠢᠢᠳᠪᠦᠷᠢᠯᠡᠵᠦ᠂ ᠰᠠᠶᠢᠨ ᠰᠠᠢᠬᠠᠨ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠪᠣᠶ ᠪᠣᠯᠭᠠᠵᠤ᠂ ᠦᠢᠯᠡᠴᠢᠯᠡᠭᠡᠨ ᠤ ᠤᠬᠠᠮᠰᠠᠷ᠂ ᠦᠢᠯᠡᠴᠢᠯᠡᠭᠡᠨ ᠤ ᠣᠢᠯᠠᠭᠠᠭᠳᠠᠬᠤᠨ ᠢ ᠠᠵᠢᠯᠯᠠᠭ᠎ᠠ ᠳᠤᠮᠳᠠ ᠪᠠᠨ ᠨᠠᠢᠳᠠᠪᠤᠷᠢᠵᠢᠭᠤᠯᠬᠤ᠂ ᠠᠵᠤ ᠠᠬᠤᠢᠯᠠᠯ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠢᠲᠡᠭᠡᠯ ᠵᠣᠷᠢᠭ ᠢ ᠴᠢᠨᠠᠭᠰᠢᠳᠠ ᠪᠣᠶ ᠪᠣᠯᠭᠠᠵᠤ᠂ ᠮᠠᠨ ᠤ ᠰᠢᠶᠠᠨ ᠤ ᠠᠵᠤ ᠠᠬᠤᠶ ᠨᠡᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠴᠢᠷᠮᠠᠶᠢᠨ ᠠᠬᠢᠭᠤᠯᠬᠤ ᠬᠡᠷᠡᠭᠲᠡᠶ ᠭᠡᠵᠦ ᠵᠢᠭᠠᠵᠤ ᠭᠠᠷᠭᠠᠪᠠ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1