ᠰᠢᠶᠠᠨ ᠤ ᠠᠷᠠᠳ ᠤᠨ ᠵᠠᠰᠠᠭ ᠤᠨ ᠣᠷᠳᠣᠨ 2019 ᠣᠨ ᠤ 17 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2019-11-07
      11 ᠰᠠᠷ᠎ᠠ ᠶᠢᠨ 5 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠯᠢ ᠴᠦᠨ ᠶᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ 2019 ᠣᠨ ᠤ 17 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ ᠲᠢᠶᠠᠨ ᠯᠢ ᠵᠢᠶᠦ᠋ᠨ᠂ ᠵᠤᠤ ᠯᠢ ᠮᠢᠨ᠂ ᠶᠦᠨ ᠬᠠᠢ ᠯᠦᠩ᠂ ᠱᠢ ᠯᠢ ᠵᠢᠶᠦ᠋ᠨ᠂ ᠯᠢᠦ ᡁᠢ ᠴᠢᠶᠠᠩ᠂ ᠯᠦ ᠢᠦᠶ ᠵᠦᠩ ᠵᠡᠷᠭᠡ ᠰᠢᠶᠠᠨ ᠤ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠤᠨ ᠪᠦᠷᠢᠯᠳᠦᠬᠦᠨ ᠬᠤᠷᠠᠯ ᠳᠤ ᠣᠷᠣᠯᠴᠠᠵᠤ᠂ ᠠᠵᠤ ᠦᠢᠯᠡᠳᠪᠦᠷᠢ ᠶᠢᠨ ᠬᠦᠷᠢᠶᠡᠯᠡᠩ ᠤᠨ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠰᠢᠶᠣᠤ ᠸᠧᠨ ᠸᠧᠶ᠂ ᠰᠢᠶᠠᠨ ᠤ ᠰᠠᠬᠢᠯᠭ᠎ᠠ ᠪᠠᠲᠤ  ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠬᠠᠷᠢᠭᠤᠴᠠᠯᠭᠠᠲᠠᠨ ᠤᠷᠢᠯᠭ᠎ᠠ ᠪᠠᠷ ᠬᠤᠷᠠᠯ ᠳᠤ ᠣᠷᠣᠯᠴᠠᠵᠤ᠂ ᠡᠯ᠎ᠡ ᠪᠠᠯᠭᠠᠰᠤ᠂ ᠾᠧ ᠺᠸᠤ ᠶᠢᠨ ᠬᠠᠮᠢᠶᠠᠷᠤᠯᠲᠠ ᠶᠢᠨ ᠵᠥᠪᠯᠡᠯ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠪᠠ᠃      ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠬᠤ ᠠᠵᠢᠯ ᠤᠨ ᠪᠠᠶᠢᠳᠠᠯ ᠪᠣᠯᠤᠨ ᠲᠥᠪ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠤᠭᠲᠤᠬᠤ ᠲᠤᠰᠬᠠᠶ ᠲᠣᠭᠤᠷᠢᠨ ᠪᠠᠶᠢᠴᠠᠭᠠᠯᠳᠠ ᠶᠢᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ︽ᠡᠷᠭᠢᠨ ᠬᠠᠷᠠᠬᠤ︾ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠬᠤᠯᠪᠣᠭᠳᠠᠯ ᠪᠦᠬᠦᠢ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠡᠶ︔ ᠬᠤᠷᠠᠯ ᠠᠴᠠ ︽2020 ᠣᠨ ᠤ ᠰᠢᠨ᠎ᠡ ᠪᠠᠷ ᠨᠡᠮᠡᠭᠳᠡᠭᠰᠡᠨ ᠲᠤᠰᠬᠠᠶ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢᠨ ᠲᠥᠷᠥᠯ ᠵᠦᠢᠯ ᠢ ᠴᠤᠭᠯᠠᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠣᠨ ᠪᠠᠴᠢᠮ ᠮᠡᠳᠡᠭᠳᠡᠯ︾ ᠳᠤ ᠲᠠᠶᠢᠯᠤᠮᠵᠢ ᠬᠢᠪᠡ︔ ᠬᠤᠷᠠᠯ ᠠᠴᠠ ᠪᠠᠰᠠ ᠵᠠᠰᠠᠭ ᠤᠨ ᠣᠷᠳᠣᠨ ᠤ ᠥᠷᠢ ᠥᠭᠴᠡᠭᠡ ᠶᠢ ᠠᠷᠢᠯᠭᠠᠬᠤ ᠬᠠᠮᠢᠶ᠎ᠠ ᠪᠦᠬᠦᠢ ᠶᠠᠪᠤᠳᠠᠯ ᠢ ᠰᠤᠳᠤᠯᠤᠨ ᠶᠠᠷᠢᠯᠴᠠᠪᠠ᠃      ᠬᠤᠷᠠᠯ ᠠᠴᠠ᠂ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠬᠤ ᠠᠵᠢᠯ ᠤᠳᠠᠯ ᠦᠭᠡᠢ ᠡᠬᠢᠯᠡᠬᠦ ᠭᠡᠵᠦ ᠪᠠᠶᠢᠨ᠎ᠠ᠂ ᠲᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂  ᠲᠠᠷᠤᠶᠢᠬᠠᠨ ᠬᠥᠳᠡᠯᠦᠯᠴᠡᠵᠦ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠱᠠᠯᠠᠪᠳᠠᠭᠤᠯᠤᠨ ᠪᠠᠶᠢᠴᠠᠭᠠᠬᠤ ᠶᠢ ᠤᠭᠲᠤᠬᠤ ᠠᠵᠢᠯ ᠢ ᠴᠢᠨᠠᠷ ᠰᠠᠶᠢᠲᠠᠶ ᠰᠠᠶᠢᠲᠤᠷ ᠬᠢᠬᠦ ᠬᠡᠷᠡᠭᠲᠡᠶ᠃ ᠬᠥᠳᠡᠭᠡ ᠲᠣᠰᠬᠤᠨ ᠤ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠢ ᠬᠢᠨᠠᠮᠠᠭᠠᠶ ᠥᠷᠨᠢᠭᠦᠯᠵᠦ᠂ ᠭᠤᠤᠯ ᠤᠨ ᠵᠠᠮ ᠶᠢ ᠳᠤᠷ᠎ᠠ ᠪᠠᠷ ᠢᠶᠠᠨ ᠪᠠᠶᠢᠭᠤᠯᠬᠤ᠂ ᠳᠤᠷ᠎ᠠ ᠪᠠᠷ ᠢᠶᠠᠨ ᠣᠪᠣᠭᠠᠯᠠᠬᠤ᠂ ᠳᠤᠷ᠎ᠠ ᠪᠠᠷ ᠢᠶᠠᠨ ᠡᠵᠡᠯᠡᠬᠦ᠂ ᠳᠤᠷ᠎ᠠ ᠪᠠᠷ ᠢᠶᠠᠨ ᠮᠠᠯᠲᠠᠬᠤ ᠵᠡᠷᠭᠡ ᠠᠮᠢ ᠠᠬᠤᠢ ᠶᠢᠨ ᠣᠷᠴᠢᠨ ᠲᠣᠭᠤᠷᠢᠨ ᠢ ᠪᠣᠬᠢᠷᠲᠤᠭᠤᠯᠤᠨ ᠡᠪᠳᠡᠭᠰᠡᠨ ᠠᠰᠠᠭᠤᠳᠠᠯ ᠢ ᠴᠡᠭᠴᠡᠯᠡᠨ ᠵᠠᠰᠠᠵᠤ᠂ ᠡᠰᠢ ᠰᠦᠢᠷᠡᠯ ᠢ ᠰᠢᠲᠠᠭᠠᠬᠤ ᠡᠳᠦᠷ ᠲᠤᠲᠤᠮ ᠤᠨ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠰᠢᠲᠠᠭᠠᠬᠤ ᠠᠵᠢᠯᠯᠠᠭ᠎ᠠ ᠶᠢ ᠴᠠᠭᠠᠵᠠᠯᠠᠵᠤ᠂ ᠡᠰᠢ ᠰᠦᠢᠷᠡᠯ ᠢ ᠶᠡᠷᠦᠩᠬᠡᠶᠢᠯᠡᠨ ᠠᠰᠢᠭᠯᠠᠬᠤ ᠨᠣᠷᠮ᠎ᠠ ᠶᠢᠨ ᠶᠡᠬᠡᠪᠡᠷ ᠳᠡᠭᠡᠭᠰᠢᠯᠡᠭᠦᠯᠬᠦ ᠬᠡᠷᠡᠭᠲᠡᠶ︔ ᠡᠭᠦᠨ ᠤ ᠬᠠᠮᠲᠤ ︽ᠲᠠᠷᠠᠬᠠᠶ ᠪᠤᠲᠠᠷᠬᠠᠶ᠂ ᠡᠮᠬᠢ ᠵᠠᠮᠪᠠᠷᠠᠭ᠎ᠠ ᠦᠭᠡᠢ᠂ ᠪᠣᠬᠢᠷᠲᠤᠯ ᠶᠡᠬᠡᠲᠡᠶ︾ ᠠᠵᠤ ᠠᠬᠤᠶᠢᠯᠠᠯ ᠢ ᠴᠡᠭᠴᠡᠯᠡᠨ ᠵᠠᠰᠠᠬᠤ ᠠᠵᠢᠯ ᠢ ᠭᠦᠨᠵᠡᠭᠡᠶ ᠲᠦᠯᠬᠢᠨ ᠠᠬᠢᠭᠤᠯᠬᠤ ᠬᠡᠷᠡᠭᠲᠡᠶ᠃ ᠲᠥᠪ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠤᠰᠬᠠᠶ ᠲᠣᠭᠤᠷᠢᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ︽ᠡᠷᠭᠢᠨ ᠬᠠᠷᠠᠬᠤ︾ ᠪᠠ ᠪᠦᠬᠦ ᠬᠤᠲᠠ ᠶᠢᠨ ᠶᠠᠳᠠᠭᠤ ᠠᠴᠠ ᠠᠩᠭᠢᠵᠢᠷᠠᠭᠤᠯᠬᠤ ᠠᠮᠵᠢᠯᠲᠠ ᠪᠦᠲᠦᠮᠵᠢ ᠶᠢ ᠬᠢᠨᠠᠨ ᠰᠢᠯᠭᠠᠬᠤ ᠪᠡᠯᠡᠳᠬᠡᠯ ᠠᠵᠢᠯ ᠢ ᠤᠭᠲᠤᠬᠤ ᠲᠤᠬᠠᠶ ᠬᠤᠷᠠᠯ ᠠᠴᠠ ᠱᠠᠭᠠᠷᠳᠠᠭᠰᠠᠨ ᠨᠢ᠂ ᠴᠡᠭᠴᠡᠯᠡᠨ ᠰᠠᠶᠢᠵᠢᠷᠠᠭᠤᠯᠬᠤ ᠶᠢ ᠪᠡᠶᠡᠯᠡᠭᠦᠯᠦᠭᠰᠡᠨ ᠪᠠᠶᠢᠳᠠᠯ ᠢ ᠴᠢᠩᠭ᠎ᠠ ᠠᠩᠬᠠᠷᠴᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠡᠯ᠎ᠡ ᠵᠦᠢᠯ ᠤᠨ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠯᠠᠪᠳᠠᠭᠤᠨ ᠪᠠᠲᠤᠲᠠᠶ ᠠᠬᠢᠭᠤᠯᠵᠤ᠂ ᠴᠡᠭᠴᠡᠯᠡᠨ ᠰᠠᠶᠢᠵᠢᠷᠠᠭᠤᠯᠬᠤ ᠠᠵᠢᠯ ᠤᠨ ᠪᠣᠳᠠᠲᠤ ᠦᠷ᠎ᠡ ᠪᠦᠲᠦᠮᠵᠢ ᠣᠯᠬᠤ ᠶᠢ ᠪᠠᠲᠤᠯᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠲᠠᠰᠤᠷᠠᠯᠲᠠ ᠦᠭᠡᠢ ᠪᠠᠬᠢᠵᠢᠭᠦᠯᠬᠦ ᠬᠡᠷᠡᠭᠲᠡᠶ᠃ ᠶᠠᠳᠠᠭᠤ ᠶᠢ ᠲᠡᠳᠬᠦᠬᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠴᠢᠩᠭᠠᠷᠠᠭᠤᠯᠤᠨ᠂ ᠲᠤᠭ᠎ᠠ ᠪᠠᠷᠢᠮᠲᠠ ᠣᠨᠣᠪᠴᠢᠲᠠᠶ᠂ ᠥᠮᠴᠢᠯᠡᠬᠦ ᠡᠷᠬᠡ ᠲᠡᠭᠦᠯᠳᠡᠷ ᠠᠵᠢᠯᠯᠠᠭᠠᠨ ᠤ ᠲᠣᠭᠲᠠᠴᠠ ᠶᠢ ᠪᠠᠶᠢᠭᠤᠯᠵᠤ᠂ ᠶᠠᠳᠠᠭᠤ ᠶᠢ ᠲᠡᠳᠬᠦᠬᠦ ᠡᠳ᠋ ᠬᠥᠷᠥᠩᠭᠡ ᠶᠢᠨ ᠬᠠᠮᠢᠶᠠᠷᠤᠯᠲᠠ ᠶᠢ ᠤᠯᠠᠮ ᠨᠢᠭᠡ ᠠᠯᠬᠤᠮ ᠵᠢᠷᠤᠮᠵᠢᠭᠤᠯᠬᠤ ᠬᠡᠷᠡᠭᠲᠡᠶ ᠭᠡᠪᠡ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1