ᠲᠤᠭᠳᠠᠬᠤ ᠰᠢᠶᠠᠨ ᠤ ᠱᠤᠸᠠᠩ ᠾᠧ ᠪᠠᠯᠭᠠᠰᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠣᠰᠬᠤᠨ ᠳᠤ ᠰᠠᠭᠤᠬᠤ ᠬᠠᠮᠢᠶᠠᠷᠤᠯᠲᠠ ᠶᠢᠨ ᠠᠵᠢᠯ ᠢ ᠠᠬᠢᠭᠤᠯᠬᠤ ᠬᠤᠷᠠᠯ ᠵᠢᠴᠢ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠤᠨ ᠬᠤᠷᠠᠯ ᠬᠢᠪᠡ
ᠨᠡᠶᠢᠲᠡᠯᠡᠭᠰᠡᠨ ᠴᠠᠭ᠄
2019-11-08
      ᠲᠥᠪ᠂ ᠥᠪᠡᠷᠲᠡᠭᠡᠨ ᠵᠠᠰᠠᠬᠤ ᠣᠷᠣᠨ᠂ ᠬᠤᠲᠠ ᠵᠢᠴᠢ ᠲᠣᠭᠲᠠᠬᠤ ᠰᠢᠶᠠᠨ ᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠰᠢᠷᠢᠰ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ ᠲᠤᠭᠤᠰᠢᠯᠠᠭᠤᠯᠵᠤ᠂ ᠲᠥᠪ ᠤᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠲᠤᠰᠬᠠᠶ ᠲᠣᠭᠤᠷᠢᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠰᠠᠨᠠᠯ ᠪᠠ ᠲᠥᠪ᠂ ᠥᠪᠡᠷᠲᠡᠭᠡᠨ ᠵᠠᠰᠠᠬᠤ ᠣᠷᠣᠨ ᠬᠤᠶᠠᠷ ᠱᠠᠲᠤᠨ ᠤ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠦᠭᠰᠡᠨ ᠦᠷ᠎ᠡ ᠪᠦᠲᠦᠮᠵᠢ ᠶᠢ ᠬᠢᠨᠠᠨ ᠰᠢᠯᠭᠠᠬᠤ ᠳᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠬᠦᠴᠦᠯᠡᠨ ᠠᠬᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠤ ᠢᠯᠠᠯᠲᠠ ᠶᠢ ᠦᠨᠡᠨ ᠬᠦ ᠪᠠᠲᠤᠯᠠᠬᠤ ᠶᠢᠨ ᠲᠥᠯᠥᠭᠡ᠂ 11 ᠰᠠᠷ᠎ᠠ ᠶᠢᠨ 4 ᠤ ᠡᠳᠦᠷ ᠤᠨ ᠦᠳᠡ ᠶᠢᠨ ᠡᠮᠦᠨ᠎ᠡ᠂ ᠱᠤᠸᠠᠩ ᠾᠧ ᠪᠠᠯᠭᠠᠰᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠲᠣᠰᠬᠤᠨ ᠳᠤ ᠰᠠᠭᠤᠬᠤ ᠬᠠᠮᠢᠶᠠᠷᠤᠯᠲᠠ ᠶᠢᠨ ᠠᠵᠢᠯ ᠢ ᠠᠬᠢᠭᠤᠯᠬᠤ ᠬᠤᠷᠠᠯ ᠵᠢᠴᠢ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠤᠨ ᠬᠤᠷᠠᠯ ᠢ ᠬᠤᠷᠠᠯᠳᠤᠭᠤᠯᠪᠠ᠃ ᠲᠣᠭᠲᠠᠬᠤ ᠰᠢᠶᠠᠨ ᠤ ᠱᠤᠸᠠᠩ ᠾᠧ ᠪᠠᠯᠭᠠᠰᠤᠨ ᠤ ᠤᠳᠤᠷᠢᠳᠬᠤ ᠪᠠᠭ᠂ ᠪᠠᠯᠭᠠᠰᠤᠨ ᠤ ᠶᠠᠳᠠᠭᠤ ᠶᠢ ᠲᠡᠳᠬᠦᠬᠦ ᠠᠯᠪᠠᠨ ᠭᠡᠷ ᠤᠨ ᠠᠵᠢᠯᠲᠠᠨ᠂ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ᠂ ᠲᠣᠰᠬᠤᠨ ᠳᠤ ᠰᠠᠭᠤᠭ᠎ᠠ ᠭᠡᠰᠢᠭᠦᠨ᠂ ᠡᠯ᠎ᠡ ᠲᠣᠰᠬᠤᠨ ᠤ ᠨᠠᠮ ᠤᠨ ᠡᠭᠦᠷ ᠤᠨ ᠱᠦᠵᠢ ᠬᠤᠷᠠᠯ ᠳᠤ ᠣᠷᠣᠯᠴᠠᠪᠠ᠃      ᠬᠤᠷᠠᠯ ᠠᠴᠠ᠂ ᠬᠤᠲᠠ ᠶᠢᠨ ᠠᠷᠠᠳ ᠤᠨ ︽ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠪᠣᠯᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠺᠠᠳ᠋ᠷ ᠤᠨ ᠠᠵᠢᠯ ᠤᠨ ᠪᠠᠶᠢᠷᠢ ᠳᠠᠬᠢ ᠪᠠᠶᠢᠳᠠᠯ ᠢ ᠢᠯᠡ ᠪᠠᠷ ᠪᠠᠶᠢᠴᠠᠭᠠᠨ ᠳᠠᠯᠳᠠᠭᠤᠷ ᠰᠤᠷᠪᠤᠯᠵᠢᠯᠠᠭᠰᠠᠨ ᠪᠠᠶᠢᠳᠠᠯ ᠤᠨ ᠲᠤᠬᠠᠶ ᠵᠠᠷᠯᠠᠯ︾ ᠪᠣᠯᠤᠨ ︽ᠲᠣᠭᠲᠠᠬᠤ ᠰᠢᠶᠠᠨ ᠤ ᠲᠣᠰᠬᠤᠨ ᠳᠤ ᠰᠠᠭᠤᠭ᠎ᠠ ᠺᠠᠳ᠋ᠷ ᠤᠨ ᠠᠵᠢᠯ ᠳᠤ ᠭᠠᠷᠬᠤ ᠶᠢ ᠰᠢᠯᠭᠠᠨ ᠪᠠᠶᠢᠴᠠᠭᠠᠬᠠᠤ ᠬᠠᠮᠢᠶᠠᠷᠤᠯᠲᠠ ᠶᠢᠨ ᠳᠦᠷᠢᠮ︾ ᠤᠨ ᠭᠤᠤᠯ ᠵᠣᠷᠢᠭ ᠰᠠᠨᠠᠭ᠎ᠠ ᠶᠢ ᠤᠯᠠᠮᠵᠢᠯᠠᠬᠤ ᠶᠢᠨ ᠬᠠᠮᠲᠤ ︽ᠬᠤᠶᠠᠷ ᠲᠤ ᠵᠣᠪᠠᠭ᠋ᠤ ᠦᠭᠡᠢ᠂ ᠭᠤᠷᠪᠠ ᠶᠢ ᠪᠠᠲᠤᠯᠠᠬᠤ᠂ ᠨᠢᠭᠡ ᠪᠠᠷᠢᠮᠵᠢᠶ᠎ᠠ︾᠂ ︽ᠵᠢᠷᠭᠤᠭᠠᠨ ᠣᠨᠣᠪᠴᠢᠲᠠᠶ︾᠂ ︽ᠳᠣᠯᠣᠭᠠᠨ ᠨᠢᠭᠡ ᠪᠦᠯᠦᠭ︾ ᠵᠡᠷᠭᠡ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠤᠬᠠᠶᠢᠯᠠᠭᠰᠠᠨ ᠠᠵᠢᠯ ᠤᠨ ᠲᠤᠬᠠᠶ ᠲᠤᠰᠬᠠᠶ ᠰᠡᠳᠦᠪᠲᠦ ᠪᠣᠯᠪᠠᠰᠤᠷᠠᠯ ᠬᠢᠵᠡᠶ᠃      ᠬᠤᠷᠠᠯ ᠠᠴᠠ ᠴᠢᠬᠤᠯᠠᠴᠢᠯᠠᠭᠰᠠᠨ ᠨᠢ᠄ ᠨᠢᠭᠡ ᠳᠤ᠂ ᠲᠣᠰᠬᠤᠨ ᠳᠤ ᠰᠠᠭᠤᠭ᠎ᠠ ᠺᠠᠳ᠋ᠷ ᠤᠨ ᠡᠳᠦᠷ ᠲᠣᠲᠤᠮ ᠤᠨ ᠬᠠᠮᠢᠶᠠᠷᠤᠯᠲᠠ ᠶᠢ ᠴᠢᠩᠭᠠᠳᠬᠠᠵᠤ᠂ ᠠᠵᠢᠯ ᠳᠤ ᠭᠠᠷᠬᠤ ᠶᠢ ᠰᠢᠯᠭᠠᠨ ᠪᠠᠶᠢᠴᠠᠭᠠᠬᠤ ᠬᠠᠮᠢᠶᠠᠷᠤᠯᠲᠠ ᠶᠢᠨ ᠳᠦᠷᠢᠮ ᠢ ᠴᠢᠩᠭ᠎ᠠ ᠵᠢᠷᠤᠮᠯᠠᠵᠤ᠂ ᠲᠣᠰᠬᠤᠨ ᠳᠤ ᠰᠠᠭᠤᠵᠤ ᠬᠠᠪᠰᠤᠷᠤᠨ ᠲᠡᠳᠬᠦᠬᠦ ᠠᠵᠢᠯ ᠢ ᠪᠣᠳᠠᠲᠠᠶ ᠳᠤ ᠨᠠᠢᠳᠠᠪᠤᠷᠢᠵᠢᠭᠤᠯᠬᠤ᠂ ᠪᠣᠳᠠᠲᠤ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠶ᠃ ᠬᠤᠶᠠᠷ ᠲᠤ᠂ ᠡᠯ᠎ᠡ ᠲᠣᠰᠬᠤᠨ ᠤ ᠨᠢᠭᠡᠳᠦᠭᠡᠷ ᠱᠦᠵᠢ ᠶᠢ ᠬᠠᠪᠰᠤᠷᠤᠨ ᠲᠡᠳᠬᠦᠬᠦ ᠲᠣᠰᠬᠤᠨ ᠤ ᠺᠠᠳ᠋ᠷ᠂ ᠣᠯᠠᠨ ᠲᠦᠮᠡᠨ ᠲᠠᠢ ᠢᠳᠡᠪᠬᠢᠲᠡᠢ ᠵᠣᠯᠭᠠᠯᠴᠠᠭ᠎ᠠ ᠬᠢᠵᠦ᠂ ᠬᠠᠪᠰᠤᠷᠤᠨ ᠲᠡᠳᠬᠦᠬᠦ ᠬᠠᠷᠢᠭᠤᠴᠠᠯᠭ᠎ᠠ ᠪᠠᠨ ᠦᠨᠡᠨᠬᠦ ᠭᠦᠢᠴᠡᠳᠭᠡᠵᠦ᠂ ᠬᠠᠪᠰᠤᠷᠤᠨ ᠲᠡᠳᠬᠦᠬᠦ ᠲᠣᠰᠬᠤᠨ ᠪᠣᠯᠤᠨ ᠲᠣᠰᠬᠤᠨ ᠤ ᠠᠷᠠᠳ ᠤᠨ ᠪᠣᠳᠠᠲᠠᠶ ᠪᠠᠶᠢᠳᠠᠯ ᠳᠤ ᠴᠢᠭᠯᠡᠭᠦᠯᠦᠨ  ᠪᠠᠶᠢᠴᠠᠭᠠᠨ ᠰᠤᠳᠤᠯᠤᠯᠲᠠ ᠬᠢᠬᠦ ᠶᠢ ᠥᠷᠭᠡᠨ ᠢᠶᠠᠷ ᠥᠷᠨᠢᠭᠦᠯᠵᠦ᠂ ︽ᠨᠢᠭᠡ ᠠᠷᠭ᠎ᠠ ᠪᠣᠳᠣᠯᠭ᠎ᠠ︾ ᠶᠢᠨ ᠬᠠᠪᠰᠤᠷᠤᠨ ᠲᠡᠳᠬᠦᠬᠦ ᠲᠥᠯᠥᠪᠯᠡᠭᠡ ᠶᠢ ᠣᠨᠣᠪᠴᠢᠲᠠᠶ ᠲᠣᠭᠲᠠᠭᠠᠵᠤ᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠨᠢᠭᠡᠳᠦᠯᠲᠡᠶ ᠲᠥᠯᠥᠪᠵᠢᠭᠦᠯᠦᠨ ᠠᠬᠢᠭᠤᠯᠬᠤ ᠬᠡᠷᠡᠭᠲᠡᠶ᠃ ᠭᠤᠷᠪᠠ ᠳᠤ᠂ ᠬᠠᠪᠰᠤᠷᠤᠨ ᠲᠡᠳᠬᠦᠬᠦ ︽ᠡᠷᠭᠢᠨ ᠬᠠᠷᠠᠬᠤ ︾ ᠠᠵᠢᠯ ᠢ ᠨᠠᠷᠢᠨ ᠬᠢᠨᠠᠮᠠᠭᠠᠶ ᠥᠷᠨᠢᠭᠦᠯᠵᠦ᠂ ᠲᠤᠷᠰᠢᠯᠭ᠎ᠠ ᠬᠢᠳᠡᠯ ᠢ ᠨᠠᠷᠢᠨ ᠬᠢᠨᠠᠮᠠᠭᠠᠶ ᠳ᠋ᠦᠩᠨᠡᠵᠦ᠂ ᠭᠡᠭᠡᠭᠳᠡᠵᠦ ᠣᠷᠬᠢᠭᠳᠠᠭᠰᠠᠨ ᠢ ᠪᠠᠶᠢᠴᠠᠭᠠᠨ ᠨᠥᠬᠦᠪᠥᠷᠢᠯᠡᠵᠦ᠂ ᠡᠯ᠎ᠡ  ᠵᠦᠢᠯ ᠤᠨ ᠠᠵᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠰᠢᠯᠭᠠᠨ ᠠᠪᠬᠤ ᠪᠠᠷᠢᠮᠵᠢᠶ᠎ᠠ ᠶᠢ ᠴᠢᠩᠭ᠎ᠠ ᠠᠩᠬᠠᠷᠴᠤ᠂ ᠤᠨᠢᠨ ᠳᠡᠭᠡᠷ᠎ᠡ ᠨᠢ ᠶᠠᠳᠠᠭᠤ ᠶᠢ ᠲᠡᠳᠬᠦᠬᠦ᠂ ᠤᠨᠢᠨ ᠳᠡᠭᠡᠷ᠎ᠡ ᠨᠢ ᠶᠠᠳᠠᠭᠤ ᠠᠴᠠ ᠠᠩᠭᠢᠵᠢᠷᠠᠭᠤᠯᠬᠤ ᠠᠵᠢᠯ ᠢ ᠰᠠᠶᠢᠲᠤᠷ ᠠᠳᠬᠤᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠪᠦᠬᠦ ᠲᠠᠯ᠎ᠠ ᠪᠠᠷ ᠣᠯᠬᠤ ᠶᠢ ᠪᠠᠲᠤᠯᠠᠬᠤ ᠬᠡᠷᠡᠭᠲᠡᠶ᠃ ᠳᠥᠷᠪᠡ ᠳᠤ᠂ ᠲᠣᠰᠬᠤᠨ ᠳᠤ ᠰᠠᠭᠤᠭ᠎ᠠ ᠺᠠᠳ᠋ᠷ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ︽ᠨᠡᠶᠢᠭᠡᠮ ᠤᠨ ᠶᠠᠳᠠᠭᠤ ᠶᠢ ᠲᠡᠳᠬᠦᠬᠦ A P P︾ ᠶᠢᠨ ᠬᠠᠮᠢᠶᠠᠷᠤᠯᠲᠠ ᠪᠠ ᠬᠡᠷᠡᠭᠯᠡᠯᠲᠡ ᠶᠢ ᠤᠯᠠᠮ ᠨᠢᠭᠡ ᠠᠯᠬᠤᠮ ᠴᠢᠩᠭᠠᠳᠬᠠᠬᠤ ᠬᠡᠷᠡᠭᠲᠡᠶ ᠭᠡᠵᠦ ᠱᠠᠭᠠᠷᠳᠠᠪᠠ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1