ᠪᠥᠬᠦ ᠤᠯᠤᠰ ᠤᠨ ᠰᠤᠷᠤᠭᠴᠢᠳ ᠤᠨ ᠪᠡᠶ᠎ᠡ ᠮᠠᠬᠠᠪᠣᠳ ᠶᠡᠷᠦᠩᠬᠡᠶ ᠳᠡᠭᠡᠨ ︽ᠠᠯᠬᠤᠮ ᠠᠯᠬᠤᠮ ᠢᠶᠠᠷ ᠳᠡᠭᠡᠭᠰᠢᠯᠡᠬᠦ︾ ᠬᠠᠨᠳᠤᠰᠢ ᠲᠠᠢ ᠪᠠᠶᠢᠨ᠎ᠠ
ᠨᠡᠶᠢᠲᠡᠯᠡᠭᠰᠡᠨ ᠴᠠᠭ᠄
2019-11-08
      ᠪᠡᠭᠡᠵᠢᠩ ᠤᠨ 11 ᠰᠠᠷ᠎ᠠ ᠶᠢᠨ 6 ᠤ ᠡᠳᠦᠷ ᠤᠨ ᠮᠡᠳᠡᠭᠡ ︵ᠰᠤᠷᠪᠤᠯᠵᠢᠯᠠᠭᠴᠢ ᠬᠤ ᠬᠤᠤ︶ ᠰᠤᠷᠪᠤᠯᠵᠢᠯᠠᠭᠴᠢ 6 ᠤ ᠡᠳᠦᠷ ᠰᠤᠷᠭᠠᠨ ᠬᠥᠮᠦᠵᠢᠯ ᠤᠨ ᠶᠠᠮᠤᠨ ᠠᠴᠠ ᠣᠶᠢᠯᠭᠠᠭᠰᠠᠨ ᠨᠢ᠂ ᠪᠥᠬᠦ ᠤᠯᠤᠰ ᠤᠨ ᠰᠤᠷᠤᠭᠴᠢᠳ ᠤᠨ ᠪᠡᠶ᠎ᠡ ᠮᠠᠬᠠᠪᠣᠳ ᠤᠨ ᠡᠷᠡᠭᠦᠯ ᠮᠡᠨᠳᠦ ᠶᠢᠨ ᠪᠠᠷᠢᠮᠵᠢᠶ᠎ᠠ ᠶᠢ ᠪᠠᠶᠢᠴᠠᠭᠠᠵᠤ ᠬᠢᠨᠠᠭᠰᠠᠨ ᠠᠴᠠ ᠦᠵᠡᠪᠡᠯ ᠂ 2018 ᠣᠨ ᠳᠤ ᠪᠥᠬᠦ ᠤᠯᠤᠰ ᠤᠨ ᠰᠤᠷᠤᠭᠴᠢᠳ ᠤᠨ ᠪᠡᠶ᠎ᠡ ᠮᠠᠬᠠᠪᠣᠳ ᠤᠨ ᠪᠠᠷᠢᠮᠵᠢᠶ᠎ᠠ ᠳᠤ ᠬᠦᠷᠬᠦ ᠰᠢᠯᠭᠠᠯᠲᠠ ᠶᠢᠨ ᠬᠢᠷᠢ ᠲᠡᠩᠴᠡᠭᠰᠡᠨ ᠨᠣᠷᠮ᠎ᠠ 91.91 % ᠪᠠᠶᠢᠵᠤ᠂ ᠰᠢᠯᠢᠳᠡᠭ ᠪᠦᠲᠦᠮᠵᠢ ᠨᠢ 30.57 % ᠪᠠᠶᠢᠪᠠ᠃ 2016 ᠣᠨ ᠠᠴᠠ 2018 ᠣᠨ ᠪᠣᠯᠲᠠᠯ᠎ᠠ᠂ ᠪᠥᠬᠦ ᠤᠯᠤᠰ ᠤᠨ ᠰᠤᠷᠤᠭᠴᠢᠳ ᠤᠨ ᠪᠡᠶ᠎ᠡ ᠮᠠᠬᠠᠪᠣᠳ ᠶᠡᠷᠦᠩᠬᠡᠶ ᠳᠡᠭᠡᠨ ︽ᠠᠯᠬᠤᠮ ᠠᠯᠬᠤᠮ ᠢᠶᠠᠷ ᠳᠡᠭᠡᠭᠰᠢᠯᠡᠬᠦ︾ ᠬᠠᠨᠳᠤᠰᠢ ᠲᠠᠢ ᠪᠣᠯᠪᠠ᠃      ᠰᠤᠷᠭᠠᠨ ᠬᠥᠮᠦᠵᠢᠯ ᠤᠨ ᠶᠠᠮᠤᠨ ᠤ ᠪᠡᠶ᠎ᠡ ᠶᠢᠨ ᠲᠠᠮᠢᠷ ᠡᠷᠡᠭᠦᠯ ᠬᠠᠮᠠᠭᠠᠯᠠᠯ ᠬᠢᠭᠡᠳ ᠤᠷᠠᠯᠢᠭ ᠤᠨ ᠰᠤᠷᠭᠠᠨ ᠬᠥᠮᠦᠵᠢᠯ ᠤᠨ ᠵᠤᠷᠭᠠᠨ ᠤ ᠲᠠᠷᠤᠭ᠎ᠠ ᠸᠠᠩ ᠳ᠋ᠧᠩ ᠹᠧᠩ ᠲᠠᠨᠢᠯᠴᠠᠭᠤᠯᠬᠤ ᠳᠠᠭᠠᠨ᠂ 2016 ᠣᠨ ᠠᠴᠠ 2018 ᠣᠨ ᠪᠣᠯᠲᠠᠯ᠎ᠠ ᠪᠥᠬᠦ ᠤᠯᠤᠰ ᠤᠨ ᠰᠤᠷᠤᠭᠴᠢᠳ ᠤᠨ ᠪᠡᠶ᠎ᠡ ᠮᠠᠬᠠᠪᠣᠳ ᠤᠨ ᠪᠠᠷᠢᠮᠵᠢᠶ᠎ᠠ ᠳᠤ ᠬᠦᠷᠬᠦ ᠰᠢᠯᠭᠠᠯᠲᠠ ᠶᠢᠨ ᠬᠢᠷᠢ ᠲᠡᠩᠴᠡᠭᠰᠡᠨ ᠦᠭᠡᠢ ᠨᠣᠷᠮ᠎ᠠ 12.0 % ᠪᠠᠶᠢᠭᠰᠠᠨ ᠠᠴᠠ ᠪᠠᠨ ᠪᠠᠭᠤᠷᠠᠭᠠᠳ 8.09 % ᠪᠣᠯᠵᠤ᠂ 3.91 ᠵᠠᠭᠤᠨ ᠤ ᠬᠤᠪᠢ ᠪᠠᠭᠤᠷᠠᠵᠠᠶ︔ ᠰᠠᠶᠢᠨ ᠨᠣᠷᠮ᠎ᠠ ᠨᠢ 21.9 % ᠠᠴᠠ 24 .37 % ᠪᠣᠯᠲᠠᠯ᠎ᠠ ᠳᠡᠭᠡᠭᠰᠢᠯᠡᠭᠦᠯᠵᠦ᠂ 2 . 47 ᠵᠠᠭᠤᠨ ᠤ ᠬᠤᠪᠢ ᠳᠡᠭᠡᠭᠰᠢᠯᠡᠪᠡ︔ ᠰᠢᠯᠢᠳᠡᠭ ᠤᠨ ᠨᠣᠷᠮ᠎ᠠ 4.6 % ᠪᠠᠶᠢᠭᠰᠠᠨ ᠠᠴᠠ ᠪᠠᠨ 6.2 % ᠪᠣᠯᠲᠠᠯ᠎ᠠ ᠳᠡᠭᠡᠭᠰᠢᠯᠡᠵᠦ᠂ 1.6 ᠵᠠᠭᠤᠨ ᠤ ᠬᠤᠪᠢ ᠳᠡᠭᠡᠭᠰᠢᠯᠡᠪᠡ᠃ ᠪᠠᠭ᠎ᠠ ᠰᠤᠷᠭᠠᠭᠤᠯᠢ ᠪᠠ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠭᠴᠢᠳ ᠤᠨ ᠪᠠᠷᠢᠮᠵᠢᠶ᠎ᠠ ᠳᠤ ᠬᠦᠷᠦᠭᠰᠡᠨ ᠰᠠᠶᠢᠨ ᠨᠣᠷᠮ᠎ᠠ ᠪᠠ ᠰᠢᠯᠢᠳᠡᠭ ᠨᠣᠷᠮ᠎ᠠ ᠵᠢᠯ ᠳᠠᠷᠠᠭᠠᠯᠠᠨ ᠨᠡᠮᠡᠭᠳᠡᠬᠦ ᠬᠠᠨᠳᠤᠰᠢ ᠲᠠᠢ ᠪᠣᠯᠪᠠ᠃      ᠣᠶᠢᠯᠠᠭᠠᠭᠰᠠᠨ ᠢᠶᠠᠷ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠡᠷᠡᠭᠦᠯ ᠮᠡᠨᠳᠦ ᠶᠢ ᠠᠬᠢᠭᠤᠯᠬᠤ ᠶᠢᠨ ᠲᠥᠯᠥᠭᠡ᠂ ᠰᠤᠷᠭᠠᠨ ᠬᠥᠮᠦᠵᠢᠯ ᠤᠨ ᠶᠠᠮᠤᠨ ᠪᠡᠶ᠎ᠡ ᠶᠢᠨ ᠲᠠᠮᠢᠷ ᠤᠨ ᠬᠢᠴᠢᠶᠡᠯ᠂ ᠬᠢᠴᠢᠶᠡᠯ ᠤᠨ ᠭᠠᠳᠠᠨᠠᠬᠢ ᠪᠣᠯᠪᠠᠰᠤᠷᠠᠯ ᠪᠠ ᠡᠷᠡᠭᠦᠯ ᠮᠡᠨᠳᠦ ᠶᠢᠨ ᠬᠥᠮᠦᠵᠢᠯ ᠢ ᠬᠦᠴᠦᠯᠡᠨ ᠠᠳᠬᠤᠵᠤ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠴᠢᠬᠤᠯᠠ ᠪᠤᠰᠤ ᠰᠤᠷᠤᠯᠭ᠎ᠠ ᠶᠢᠨ ᠳᠠᠷᠤᠭᠠᠰᠤ ᠶᠢ ᠬᠥᠩᠭᠡᠷᠡᠭᠦᠯᠵᠦ᠂ ᠪᠠᠭᠰᠢ᠂ ᠪᠡᠶ᠎ᠡ ᠶᠢᠨ ᠲᠠᠮᠢᠷ ᠤᠨ ᠲᠠᠯᠠᠪᠤᠷ᠂ ᠲᠤᠨᠤᠭ ᠲᠥᠬᠦᠭᠡᠷᠦᠮᠵᠢ᠂ ᠳᠦᠷᠢᠮ ᠵᠡᠷᠭᠡ ᠲᠠᠯ᠎ᠠ ᠪᠠᠷ ᠪᠠᠲᠤᠯᠠᠭ᠎ᠠ ᠬᠠᠩᠭᠠᠵᠡᠢ᠃      ᠳᠤᠮᠳᠠᠳᠤ ᠪᠠᠭ᠎ᠠ ᠰᠤᠷᠭᠠᠭᠤᠯᠢ ᠶᠢᠨ ᠪᠡᠶ᠎ᠡ ᠶᠢᠨ ᠲᠠᠮᠢᠷ ᠪᠣᠯᠤᠨ ᠡᠷᠡᠭᠦᠯ ᠮᠡᠨᠳᠦ ᠶᠢᠨ ᠬᠢᠴᠢᠶᠡᠯ ᠤᠨ ᠪᠠᠭᠰᠢ 2015 ᠣᠨ ᠳᠤ 56.6 ᠲᠦᠮᠡ ᠪᠠᠶᠢᠭᠰᠠᠨ ᠠᠴᠠ ᠪᠠᠨ 2018 ᠣᠨ ᠳᠤ 65.3 ᠲᠦᠮᠡ ᠪᠣᠯᠤᠨ ᠨᠡᠮᠡᠭᠳᠡᠵᠦ᠂ 8.7 ᠲᠦᠮᠡ ᠰᠢᠬᠠᠮ ᠬᠥᠮᠦᠨ ᠨᠡᠮᠡᠭᠳᠡᠵᠡᠶ᠃ ᠪᠡᠶ᠎ᠡ ᠶᠢᠨ ᠲᠠᠮᠢᠷ ᠤᠨ ᠲᠠᠯᠠᠪᠠᠢ ︵ᠣᠷᠳᠣᠨ︶ ᠪᠠᠷᠢᠮᠵᠢᠶ᠎ᠠ ᠳᠤ ᠬᠦᠷᠦᠭᠰᠡᠨ ᠰᠤᠷᠭᠠᠭᠤᠯᠢ ᠶᠢᠨ ᠬᠠᠷᠢᠴᠠᠯ 2015 ᠣᠨ ᠳᠤ 68.6 % ᠪᠠᠶᠢᠭᠰᠠᠨ ᠠᠴᠠ ᠪᠠᠨ 2018 ᠣᠨ ᠳᠤ 89.6 % ᠪᠣᠯᠲᠠᠯ᠎ᠠ ᠨᠡᠮᠡᠭᠳᠡᠪᠡ︔ ᠪᠡᠶ᠎ᠡ ᠶᠢᠨ ᠲᠠᠮᠢᠷ ᠤᠨ ᠪᠠᠭᠠᠵᠢ ᠬᠡᠷᠡᠭᠰᠡᠯ ᠲᠣᠬᠢᠷᠠᠭᠤᠯᠵᠤ ᠪᠠᠷᠢᠮᠵᠢᠶ᠎ᠠ ᠳᠤ ᠬᠦᠷᠭᠡᠬᠦ ᠬᠠᠷᠢᠴᠠᠯ 2015 ᠣᠨ ᠳᠤ 72.9 % ᠪᠠᠶᠢᠭᠰᠠᠨ ᠠᠴᠠ ᠪᠠᠨ 2018 ᠣᠨ ᠳᠤ 94.6 % ᠪᠣᠯᠲᠠᠯ᠎ᠠ ᠨᠡᠮᠡᠭᠳᠡᠪᠡ
 
ᠢᠷᠡᠯᠲᠡ᠄ ᠰᠢᠨᠬᠤᠧᠠ ᠮᠤᠩᠭᠤᠯ ᠨᠧᠲ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1