ᠯᠢ ᠴᠦᠨ ᠶᠠᠨ ᠳᠥᠷᠪᠡᠳᠦᠭᠡᠷ ᠤᠯᠠᠷᠢᠯ ᠤᠨ ᠠᠶᠤᠯᠭᠦᠶ ᠦᠢᠯᠡᠳᠪᠦᠷᠢᠯᠡᠯ ᠤᠨ ᠠᠵᠢᠯ ᠤᠨ ᠬᠤᠷᠠᠯ ᠵᠢᠴᠢ ᠡᠪᠦᠯ ᠬᠠᠪᠤᠷ ᠠᠶᠤᠯᠭᠦᠶ  ᠦᠢᠯᠡᠳᠪᠦᠷᠢᠯᠡᠯ ᠤᠨ ᠵᠠᠭᠤᠨ ᠡᠳᠦᠷ ᠤᠨ ᠲᠥᠪᠯᠡᠷᠡᠩᠭᠦᠶ ᠴᠡᠭᠴᠡᠯᠡᠨ ᠵᠠᠰᠠᠬᠤ ᠠᠵᠢᠯᠯᠠᠭ᠎ᠠ ᠶᠢᠨ ᠶᠡᠭᠡ ᠬᠤᠷᠠᠯ ᠳᠡᠭᠡᠷ᠎ᠡ ᠴᠢᠬᠤᠯᠠᠴᠢᠯᠠᠭᠰᠠᠨ ᠨᠢ᠄      ᠠᠶᠤᠯᠭᠦᠶ ᠦᠢᠯᠡᠳᠪᠦᠷᠢᠯᠡᠯ ᠤᠨ ᠠᠵᠢᠯ ᠢ ᠰᠡᠳᠬᠢᠯ ᠲᠠᠯᠪᠢᠨ ᠬᠦᠴᠦ ᠲᠠᠯᠪᠢᠨ ᠨᠠᠷᠢᠨ ᠪᠣᠳᠠᠲᠠᠶ ᠠᠳᠬᠤᠵᠤ ᠦᠷ᠎ᠡ ᠪᠦᠲᠦᠮᠵᠢ ᠭᠠᠷᠭᠠᠬᠤ ᠬᠡᠷᠡ᠊
ᠨᠡᠶᠢᠲᠡᠯᠡᠭᠰᠡᠨ ᠴᠠᠭ᠄
2019-12-02
      11 ᠰᠠᠷ᠎ᠠ ᠶᠢᠨ 28 ᠤ ᠡᠳᠦᠷ᠂ ᠳᠥᠷᠪᠡᠳᠦᠭᠡᠷ ᠤᠯᠠᠷᠢᠯ ᠤᠨ ᠠᠶᠤᠯᠭᠦᠶ ᠦᠢᠯᠡᠳᠪᠦᠷᠢᠯᠡᠯ ᠤᠨ ᠠᠵᠢᠯ ᠤᠨ ᠬᠤᠷᠠᠯ ᠵᠢᠴᠢ ᠡᠪᠦᠯ ᠬᠠᠪᠤᠷ ᠠᠶᠤᠯᠭᠦᠶ ᠦᠢᠯᠡᠳᠪᠦᠷᠢᠯᠡᠯ ᠤᠨ ᠵᠠᠭᠤᠨ ᠡᠳᠦᠷ ᠤᠨ ᠲᠥᠪᠯᠡᠷᠡᠩᠭᠦᠶ ᠴᠡᠭᠴᠡᠯᠡᠨ ᠵᠠᠰᠠᠬᠤ ᠠᠵᠢᠯᠯᠠᠭ᠎ᠠ ᠶᠢᠨ ᠶᠡᠭᠡ ᠬᠤᠷᠠᠯ ᠬᠤᠷᠠᠯᠳᠤᠪᠠ᠃ ᠲᠥᠷᠦ ᠶᠢᠨ ᠶᠠᠪᠤᠳᠠᠯ ᠤᠨ ᠬᠤᠷᠢᠶᠠᠨ ᠤ ᠠᠶᠤᠯᠭᠦᠢ ᠦᠢᠯᠡᠳᠪᠦᠷᠢᠯᠡᠯ ᠤᠨ ᠲᠧᠯᠸᠢᠰ ᠬᠤᠷᠢᠶ᠎ᠠ ᠪᠠ ᠪᠦᠬᠦ ᠬᠤᠲᠠ ᠶᠢᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠢᠳᠠᠪᠤᠷᠢᠵᠢᠭᠤᠯᠵᠤ᠂ ᠣᠳᠣᠬᠠᠨ ᠤ ᠮᠠᠨ ᠤ ᠰᠢᠶᠠᠨ ᠤ ᠠᠶᠤᠯᠭᠦᠢ ᠦᠢᠯᠡᠳᠪᠦᠷᠢᠯᠡᠯ ᠤᠨ ᠪᠠᠢᠳᠠᠯ ᠢ ᠭᠦᠨᠵᠡᠭᠡᠢ ᠵᠠᠳᠠᠯᠤᠨ ᠰᠢᠨᠵᠢᠯᠡᠵᠦ᠂ ᠰᠢᠢᠳᠪᠦᠷᠢᠲᠦ ᠳᠠᠶᠢᠨ ᠬᠢᠵᠦ ᠰᠢᠢᠳᠪᠦᠷᠢᠲᠦ ᠢᠯᠠᠯᠲᠠ ᠣᠯᠬᠤ ᠣᠪᠣᠷ ᠪᠠ ᠯᠠᠪᠳᠠᠭᠤᠨ ᠪᠦᠲᠦᠮᠵᠢᠲᠡᠢ ᠠᠷᠭ᠎ᠠ ᠬᠡᠮᠵᠢᠶ᠎ᠡ ᠪᠠᠷ ᠠᠮᠤᠷ ᠲᠦᠪᠰᠢᠨ ᠤ ᠠᠳᠠᠯ ᠡᠭᠦᠰᠬᠦ ᠶᠢ ᠡᠷᠡᠰ ᠬᠤᠷᠢᠭᠯᠠᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠵᠤ᠂ ᠣᠷᠣᠨ ᠤ ᠲᠥᠪ ᠤᠨ ᠶᠡᠭᠡ ᠲᠠᠯ᠎ᠠ ᠶᠢᠨ ᠡᠶ᠎ᠡ ᠵᠣᠬᠢᠴᠠᠩᠭᠤᠢ ᠲᠣᠭᠲᠠᠭᠤᠨ ᠢ ᠦᠨᠡᠨᠬᠦ ᠬᠠᠮᠠᠭᠠᠯᠠᠨ᠎ᠠ ᠭᠡᠪᠡ᠃      ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠯᠢ ᠴᠦᠨ ᠶᠠᠨ ᠬᠤᠷᠠᠯ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠶ᠃ ᠰᠢᠶᠠᠨ ᠤ ᠤᠳᠤᠷᠢᠳᠤᠯᠭ᠎ᠠ ᠲᠢᠶᠠᠨ ᠯᠢ ᠵᠢᠶᠦ᠋ᠨ᠂ ᠶᠦᠨ ᠬᠠᠢ ᠯᠦᠩ᠂ ᠱᠧᠨ ᠢ᠂ ᠱᠢ ᠯᠢ ᠵᠢᠶᠦ᠋ᠨ᠂ ᠯᠦ ᠢᠦᠶ ᠵᠦᠩ᠂ ᠠᠵᠤ ᠦᠶ᠋ᠯᠡᠳᠪᠦᠷᠢ ᠶᠢᠨ ᠬᠦᠷᠢᠶᠡᠯᠡᠩ ᠤᠨ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ ᠸᠠᠩ ᠶᠢᠩ᠂ ᠡᠯ᠎ᠡ ᠪᠠᠯᠭᠠᠰᠤ᠂ ᠾᠧ ᠺᠸᠤ ᠶᠢᠨ ᠬᠠᠮᠢᠶᠠᠷᠤᠯᠲᠠ ᠶᠢᠨ ᠵᠥᠪᠯᠡᠯ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ᠂ ᠨᠢᠭᠡᠴᠡ᠂ ᠬᠡᠰᠡᠭ ᠭᠤᠤᠯᠳᠠᠯᠭ᠎ᠠ ᠲᠠᠢ ᠠᠵᠤ ᠠᠬᠤᠢᠯᠠᠯ ᠤᠨ ᠬᠠᠷᠢᠭᠤᠴᠠᠯᠭᠠᠲᠠᠳ ᠬᠤᠷᠠᠯ ᠳᠤ ᠣᠷᠣᠯᠴᠠᠪᠠ᠃      ᠬᠤᠷᠠᠯ ᠠᠴᠠ ᠠᠶᠤᠯᠭᠦᠶ ᠦᠢᠯᠡᠳᠪᠦᠷᠢᠯᠡᠯ ᠤᠨ ᠠᠵᠢᠯ ᠤᠨ ᠪᠠᠶᠢᠳᠠᠯ ᠢ ᠮᠡᠳᠡᠭᠳᠡᠭᠰᠡᠨ ᠪᠥᠭᠡᠳ ᠡᠨᠡ ᠡᠪᠦᠯ ᠢᠷᠡᠬᠦ ᠬᠠᠪᠤᠷ ᠵᠢᠴᠢ ᠳᠠᠷᠠᠭᠠᠴᠢ ᠶᠢᠨ ᠠᠯᠬᠤᠮ ᠤᠨ ᠠᠶᠤᠯᠭᠦᠶ ᠦᠢᠯᠡᠳᠪᠦᠷᠢᠯᠡᠯ ᠤᠨ ᠠᠵᠢᠯ ᠢ ᠰᠠᠶᠢᠲᠤᠷ ᠬᠢᠬᠦ ᠲᠤᠬᠠᠶ ᠪᠠᠶᠢᠷᠢᠯᠠᠭᠤᠯᠤᠯᠲᠠ ᠬᠢᠵᠡᠶ᠃ ᠯᠢ ᠴᠦᠨ ᠶᠠᠨ ᠵᠢᠭᠠᠵᠤ ᠭᠠᠷᠭᠠᠭᠰᠠᠨ ᠨᠢ᠂ ᠠᠶᠤᠯᠭᠦᠶ ᠦᠢᠯᠡᠳᠪᠦᠷᠢᠯᠡᠯ ᠨᠢ ᠳᠠᠪᠠᠵᠤ ᠪᠣᠯᠤᠰᠢ ᠥᠬᠡᠶ ᠤᠯᠠᠭᠠᠨ ᠱᠤᠭᠤᠮ ᠪᠣᠯᠤᠭᠰᠠᠨ ᠤ ᠬᠤᠪᠢ ᠳᠤ᠂ ᠪᠤᠰᠤᠳ ᠠᠵᠢᠯ ᠤᠨ ᠤᠷᠤᠭᠰᠢᠲᠠᠶ ᠶᠠᠪᠤᠭᠳᠠᠬᠤ ᠶᠢ ᠪᠠᠲᠤᠯᠠᠬᠤ ᠰᠠᠭᠤᠷᠢ ᠮᠥᠨ᠂ ᠡᠯ᠎ᠡ ᠪᠠᠯᠭᠠᠰᠤ᠂ ᠾᠧ ᠺᠸᠤ ᠶᠢᠨ ᠬᠠᠮᠢᠶᠠᠷᠤᠯᠲᠠ ᠶᠢᠨ ᠵᠥᠪᠯᠡᠯ᠂ ᠡᠯ᠎ᠡ ᠰᠠᠯᠠᠭ᠎ᠠ ᠮᠥᠴᠢᠷ ᠨᠢᠭᠡᠴᠡ᠂ ᠡᠯ᠎ᠡ ᠠᠵᠤ ᠠᠬᠤᠢᠯᠠᠯ ᠤᠯᠤᠰ ᠲᠥᠷᠥ ᠶᠢ ᠡᠷᠬᠢᠮᠯᠡᠬᠦ ᠦᠨᠳᠦᠷᠴᠡ ᠳᠤ ᠵᠣᠭᠰᠣᠵᠤ᠂ ︽ᠠᠮᠢ ᠨᠠᠰᠤ ᠠᠯᠢᠪᠠ ᠠᠴᠠ ᠡᠷᠬᠢᠮ ᠲᠡᠭᠡᠳᠦ ᠪᠠᠨᠶᠢᠬᠤ︾ ᠶᠢ ᠢᠮᠠᠭᠲᠠ ᠪᠠᠲᠤ ᠴᠡᠭᠡᠵᠢᠯᠡᠵᠦ᠂ ᠢᠮᠠᠭᠲᠠ ᠰᠡᠷᠭᠡᠭ ᠲᠠᠨᠢᠯᠲᠠ ᠲᠠᠢ ᠪᠠᠶᠢᠵᠤ᠂ ᠠᠶᠤᠯᠭᠦᠶ ᠦᠢᠯᠡᠳᠪᠦᠷᠢᠯᠡᠯ ᠤᠨ ᠡᠨᠡᠬᠦ ᠠᠵᠢᠯ ᠢ ᠰᠡᠳᠬᠢᠯ ᠳᠡᠭᠡᠨ ᠪᠠᠲᠤ ᠴᠡᠭᠡᠵᠢᠯᠡᠵᠦ᠂ ᠪᠠᠲᠤ ᠴᠢᠩᠭ᠎ᠠ ᠡᠭᠦᠷᠭᠡᠯᠡᠵᠦ᠂ ᠭᠠᠷ ᠲᠠᠭᠠᠨ ᠠᠳᠬᠤᠵᠤ᠂ ᠮᠠᠨ ᠤ ᠰᠢᠶᠠᠨ ᠤ ᠠᠶᠤᠯᠭᠦᠶ ᠦᠢᠯᠡᠳᠪᠦᠷᠢᠯᠡᠯ ᠤᠨ  ᠪᠠᠶᠢᠳᠠᠯ ᠤᠨ ᠲᠣᠭᠲᠠᠭᠤᠨ ᠪᠠᠶᠢᠬᠤ ᠶᠢ ᠦᠨᠡᠨᠬᠦ ᠠᠬᠢᠭᠤᠯᠵᠤ᠂ ᠠᠶᠤᠯᠭᠦᠶ ᠦᠢᠯᠡᠳᠪᠦᠷᠢᠯᠡᠯ ᠤᠨ ᠬᠦᠨᠳᠦ ᠣᠨᠴᠠ ᠶᠡᠭᠡ ᠠᠳᠡᠯ ᠭᠠᠷᠬᠤ ᠦᠭᠡᠢ ᠪᠠᠶᠢᠬᠤ ᠬᠤᠷᠢᠭ᠎ᠠ ᠱᠤᠭᠤᠮ ᠢ ᠡᠷᠡᠰ ᠰᠠᠬᠢᠬᠤ ᠬᠡᠷᠡᠭᠲᠡᠶ ᠭᠡᠵᠡᠢ᠃      ᠯᠢ ᠴᠦᠨ ᠶᠠᠨ ᠱᠠᠭᠠᠷᠳᠠᠭᠰᠠᠨ ᠨᠢ᠂ ᠡᠯ᠎ᠡ ᠪᠠᠯᠭᠠᠰᠤ᠂ ᠾᠧ ᠺᠸᠤ ᠶᠢᠨ ᠬᠠᠮᠢᠶᠠᠷᠤᠯᠲᠠ ᠶᠢᠨ ᠵᠥᠪᠯᠡᠯ᠂ ᠡᠯ᠎ᠡ ᠰᠠᠯᠠᠭ᠎ᠠ ᠮᠥᠴᠢᠷ ᠨᠢᠭᠡᠴᠡ᠂ ᠡᠯ᠎ᠡ ᠠᠵᠤ ᠠᠬᠤᠢᠯᠠᠯ ᠶᠡᠷᠦᠩᠬᠡᠶ ᠱᠦᠵᠢ ᠰᠢ ᠶᠢᠨ ᠫᠢᠩ ᠤᠨ ᠠᠶᠤᠯᠭᠦᠶ ᠦᠢᠯᠡᠳᠪᠦᠷᠢᠯᠡᠯ ᠤᠨ ᠲᠤᠬᠠᠶ ᠵᠢᠭᠠᠪᠤᠷᠢ ᠶᠢᠨ ᠵᠣᠷᠢᠭ ᠰᠠᠨᠠᠭ᠎ᠠ ᠶᠢ ᠡᠷᠡᠰ ᠲᠤᠤᠱᠯᠠᠭᠤᠯᠤᠨ ᠨᠠᠢᠳᠠᠪᠤᠷᠢᠵᠢᠭᠤᠯᠬᠤ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ᠂ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ᠨᠢᠭᠡᠳᠦᠯᠲᠡᠶ ᠳᠤ ᠪᠠᠶᠢᠷᠢᠯᠠᠭᠤᠯᠤᠯᠲᠠ ᠶᠢ ᠴᠢᠩᠭ᠎ᠠ ᠵᠢᠷᠤᠮᠯᠠᠨ᠂ ︽ᠡᠪᠦᠯ ᠬᠠᠪᠤᠷ ᠠᠶᠤᠯᠭᠦᠶ ᠦᠢᠯᠡᠳᠪᠦᠷᠢᠯᠡᠯ ᠤᠨ ᠵᠠᠭᠤᠨ ᠡᠳᠦᠷ ᠤᠨ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ︾ ᠲᠠᠢ ᠬᠠᠷᠭᠤᠭᠤᠯᠵᠤ᠂ ᠭᠤᠤᠯᠳᠠᠯᠭ᠎ᠠ ᠲᠠᠢ ᠠᠵᠢᠯ ᠲᠥᠷᠥᠯ ᠤᠨ ᠬᠦᠷᠢᠶ᠎ᠡ᠂ ᠣᠨᠴᠠᠭᠠᠢᠯᠠᠨ ᠠᠶᠤᠯᠲᠠᠶ ᠬᠢᠮᠢ ᠶᠢᠨ ᠠᠵᠤ ᠠᠬᠤᠢᠯᠠᠯ᠂ ᠵᠠᠮ ᠬᠠᠷᠢᠯᠴᠠᠭ᠎ᠠ᠂ ᠭᠠᠯ ᠤᠨᠲᠠᠷᠠᠭᠠᠬᠤ᠂ ᠰᠢᠲᠠᠮᠠᠬᠠᠶ ᠬᠡᠢ᠂ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠪᠣᠯᠤᠨ ᠤᠰᠤ ᠴᠠᠬᠢᠯᠭᠠᠨ ᠬᠡᠢ ᠬᠡᠷᠡᠭᠯᠡᠬᠦ ᠠᠵᠢᠯ ᠲᠥᠷᠥᠯ ᠵᠡᠷᠭᠡ ᠲᠠᠯ᠎ᠠ ᠶᠢᠨ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠲᠤᠪᠤᠶᠢᠮ᠎ᠠ ᠰᠠᠶᠢᠲᠤᠷ ᠠᠳᠬᠤᠬᠤ ᠬᠡᠷᠡᠭᠲᠡᠶ᠃ ᠠᠶᠤᠯ ᠦᠭᠡᠢ ᠦᠢᠯᠡᠳᠪᠦᠷᠢᠯᠡᠯ ᠤᠨ ᠳᠠᠯᠳᠠ ᠭᠡᠮ ᠢ ᠵᠢᠭᠰᠠᠭᠠᠨ ᠪᠠᠶᠢᠴᠠᠭᠠᠬᠤ ᠠᠵᠢᠯ ᠢ ᠨᠢᠭᠡ ᠵᠦᠢᠯ ᠤᠨ ᠪᠠᠶᠢᠩᠭᠤᠵᠢᠭᠤᠯᠬᠤ ᠠᠵᠢᠯ ᠪᠣᠯᠭᠠᠨ ᠦᠷᠭᠦᠯᠵᠢᠯᠡᠨ ᠥᠷᠨᠢᠭᠦᠯᠵᠦ᠂ ᠨᠢᠭᠡ ᠠᠴᠠ ᠨᠥᠬᠦᠭᠡ ᠶᠢ ᠵᠦᠢᠴᠢᠯᠡᠨ ᠮᠡᠳᠡᠵᠦ᠂ ᠳᠦᠷᠢᠮ ᠲᠣᠭᠲᠠᠭᠠᠯ ᠲᠣᠭᠲᠠᠭᠠᠵᠤ᠂ ᠠᠶᠤᠯ ᠦᠭᠡᠢ ᠵᠯᠡᠳᠪᠦᠷᠢᠯᠡᠯ ᠤᠨ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠤᠷᠢᠳᠴᠢᠯᠠᠨ ᠮᠡᠳᠡᠭᠦᠯᠵᠦ ᠰᠡᠷᠡᠮᠵᠢᠯᠡᠭᠦᠯᠬᠦ ᠪᠠ ᠪᠠᠴᠢᠮ ᠪᠠᠶᠢᠳᠠᠯ ᠢ ᠠᠷᠭᠠᠴᠠᠨ ᠵᠣᠬᠢᠴᠠᠭᠤᠯᠵᠤ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠲᠠᠰᠤᠷᠠᠯᠲᠠ ᠦᠭᠡᠢ ᠪᠦᠷᠢᠨᠰᠢᠭᠦᠯᠵᠦ᠂ ᠠᠪᠤᠷᠠᠨ ᠲᠤᠰᠠᠯᠠᠬᠤ ᠡᠩᠨᠡᠭᠡᠨ ᠤ ᠲᠣᠨᠤᠭ ᠲᠥᠬᠦᠭᠡᠷᠦᠮᠵᠢ᠂ ᠡᠳ᠋ ᠪᠣᠳᠠᠰ ᠵᠡᠷᠭᠡ ᠪᠠᠴᠢᠮ ᠪᠠᠶᠢᠳᠠᠯ ᠢ ᠠᠷᠭᠠᠴᠠᠬᠤ ᠡᠬᠢ ᠪᠠᠶᠠᠯᠢᠭ ᠢ ᠰᠠᠶᠢᠲᠤᠷ ᠨᠠᠶᠢᠳᠠᠪᠤᠷᠢᠵᠢᠭᠤᠯᠤᠨ᠂ ᠪᠠᠴᠢᠮ ᠪᠠᠶᠢᠳᠠᠯ ᠢ ᠠᠷᠭᠠᠴᠠᠬᠤ ᠡᠩᠨᠡᠭᠡ ᠶᠢ ᠵᠣᠬᠢᠶᠠᠨ ᠪᠠᠶᠢᠭᠤᠯᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠢ ᠰᠠᠶᠢᠲᠤᠷ ᠬᠢᠵᠦ᠂ ᠠᠳᠡᠯ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠦᠷᠢ ᠶᠢ ᠦᠨᠡᠨᠬᠦ ᠳᠡᠭᠡᠭᠰᠢᠯᠡᠭᠦᠯᠬᠦ ᠬᠡᠷᠡᠭᠲᠡᠶ ᠭᠡᠪᠡ᠃       ᠯᠢ ᠴᠦᠨ ᠶᠠᠨ᠂ ᠨᠠᠮ ᠵᠠᠰᠠᠭ ᠤᠨ ᠤᠳᠤᠷᠢᠳᠬᠤ ᠬᠠᠷᠢᠭᠤᠴᠠᠯᠭ᠎ᠠ᠂ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ᠂ ᠣᠨᠴᠠᠭᠠᠢᠯᠠᠨ ᠠᠵᠤ ᠠᠬᠤᠢᠯᠠᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭᠠᠳᠬᠠᠬᠤ ᠬᠡᠷᠡᠭᠲᠡᠶ᠃ ᠠᠵᠤ ᠠᠬᠤᠶᠢᠯᠠᠯ ᠤᠨ ᠭᠤᠤᠯ ᠬᠠᠷᠢᠭᠤᠴᠠᠯᠭᠠᠲᠠᠨ ᠠᠶᠤᠯ ᠦᠭᠡᠢ ᠦᠢᠯᠡᠳᠪᠦᠷᠢᠯᠡᠯ ᠤᠨ ᠠᠵᠢᠯ ᠢ ᠲᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠪᠡᠶ᠎ᠡ ᠪᠠᠷ ᠢᠶᠠᠨ ᠲᠤᠬᠢᠷᠠᠭᠤᠯᠤᠨ ᠪᠠᠶᠢᠷᠢᠯᠠᠭᠤᠯᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠬᠡᠷᠡᠭᠲᠡᠶ᠃ ᠠᠵᠤ ᠠᠬᠤᠢ ᠶᠢᠨ ᠦᠷ᠎ᠡ ᠠᠰᠢᠭ ᠢ ᠴᠢᠬᠤᠯᠠᠴᠢᠯᠠᠬᠤ ᠶᠢᠨ ᠬᠠᠮᠲᠤ᠂ ᠠᠶᠤᠯ ᠦᠭᠡᠢ‌ᠦᠢᠯᠡᠳᠪᠦᠷᠢᠯᠡᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠢᠳᠠᠪᠤᠷᠢᠵᠢᠭᠤᠯᠬᠤ᠂ ᠳᠠᠯᠳᠠ ᠭᠡᠮ ᠢ ᠵᠢᠭᠰᠠᠭᠠᠨ ᠪᠠᠶᠢᠴᠠᠭᠠᠵᠤ ᠵᠠᠰᠠᠬᠤ ᠪᠠᠨ ᠴᠢᠩᠭᠠᠳᠬᠠᠨ᠂ ᠠᠶᠤᠯ ᠦᠭᠡᠢ ᠦᠢᠯᠡᠳᠪᠦᠷᠢᠯᠡᠯ ᠤᠨ ᠣᠷᠣᠭᠤᠯᠤᠯᠲᠠ ᠪᠠᠨ ᠨᠡᠮᠡᠭᠳᠡᠭᠦᠯᠵᠦ᠂ ᠭᠤᠤᠯᠳᠠᠯᠭ᠎ᠠ ᠲᠠᠢ ᠵᠠᠩᠭᠢᠯᠠᠭ᠎ᠠ ᠶᠢᠨ ᠬᠠᠮᠢᠶᠠᠷᠤᠯᠲᠠ ᠶᠢ ᠴᠢᠩᠭ᠎ᠠ ᠠᠳᠬᠤᠨ᠂ ᠠᠶᠤᠯ ᠦᠭᠡᠢ ᠦᠢᠯᠡᠳᠪᠦᠷᠢᠯᠡᠯ ᠤᠨ ᠱᠠᠭᠠᠷᠳᠠᠯᠭ᠎ᠠ ᠵᠢ‌ᠦᠢᠯᠡᠳᠪᠦᠷᠢᠯᠡᠯ ᠤᠨ ᠭᠤᠭᠴᠤᠭ᠎ᠠ ᠨᠢᠭᠡᠪᠦᠷᠢ᠂ ᠠᠵᠢᠯ ᠤᠨ ᠪᠠᠶᠢᠷᠢ ᠪᠣᠯᠤᠨ ᠠᠵᠢᠯᠲᠠᠨ ᠨᠢᠭᠡᠪᠦᠷᠢ ᠳᠤ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠵᠤ᠂ ᠶᠠᠮᠠᠷᠪᠠ ᠠᠶᠤᠯ ᠦᠭᠡᠢ ᠶᠢᠨ ᠳᠠᠯᠳᠠ ᠭᠡᠮ ᠦᠯᠡᠳᠡᠭᠡᠬᠦ ᠦᠭᠡᠢ ᠪᠠᠶᠢᠵᠤ᠂ ᠦᠢᠯᠡᠳᠪᠦᠷᠢᠯᠡᠯ ᠤᠨ ᠠᠶᠤᠯ ᠦᠭᠡᠢ ᠶᠢᠨ ᠬᠦᠨᠳᠦ ᠶᠡᠭᠡ ᠠᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠶ ᠭᠡᠵᠡᠢ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1