ᠳᠠᠷᠠᠭ᠎ᠠ ᠵᠢᠯ ᠲᠣᠭᠲᠠᠬᠤ ᠰᠢᠶᠠᠨ 5G ᠰᠢᠯᠵᠢᠮᠡᠯ ᠰᠦᠯᠵᠢᠶ᠎ᠡ ᠶᠢ ᠪᠥᠬᠦ ᠲᠠᠯ᠎ᠠ ᠪᠠᠷ ᠪᠦᠷᠬᠦᠭᠦᠯᠦᠨ᠎ᠡ
ᠨᠡᠶᠢᠲᠡᠯᠡᠭᠰᠡᠨ ᠴᠠᠭ᠄
2019-12-02
      11 ᠰᠠᠷ᠎ᠠ ᠶᠢᠨ 27 ᠤ ᠡᠳᠦᠷ᠂ ᠰᠤᠷᠪᠤᠯᠵᠢᠯᠠᠭᠴᠢ ᠳᠤᠮᠳᠠᠳᠤ ᠤᠯᠤᠰ ᠤᠨ ᠰᠢᠯᠵᠢᠮᠡᠯ ᠬᠤᠯᠪᠣᠭᠠᠨ ᠤ ᠲᠤᠰᠬᠠᠶ ᠮᠡᠷᠭᠡᠵᠢᠯ ᠤᠨ ᠰᠢᠨ᠎ᠡ ᠶᠢ ᠡᠭᠦᠳᠬᠦ ᠬᠥᠭᠵᠢᠯᠲᠡ ᠨᠢ ᠢᠨᠲ᠋ᠧᠷ ᠰᠦᠯᠵᠢᠶ᠎ᠡ᠂ ᠲᠣᠮᠣ ᠳ᠋ᠠᠶᠢᠲ᠋ᠠ᠂ ᠵᠣᠬᠢᠶᠠᠮᠠᠯ ᠣᠶᠤᠨ ᠴᠢᠳᠠᠪᠤᠷᠢ ᠵᠡᠷᠭᠡ ᠶᠢ ᠠᠵᠤ ᠠᠬᠤᠶ ᠨᠡᠶᠢᠭᠡᠮ ᠲᠠᠢ ᠭᠦᠨᠵᠡᠭᠡᠶ ᠠᠭᠤᠰᠤᠯᠴᠠᠭᠤᠯᠬᠤ ᠶᠢ ᠤᠯᠠᠮ ᠨᠢᠭᠡ ᠠᠯᠬᠤᠮ ᠠᠬᠢᠭᠤᠯᠵᠤ᠂ ᠬᠥᠮᠦᠰ ᠤᠨ  ᠦᠢᠯᠡᠳᠪᠦᠷᠢᠯᠡᠯ ᠠᠮᠢᠳᠤᠷᠠᠯ ᠤᠨ ᠠᠷᠭ᠎ᠠ ᠮᠠᠶ᠋ᠢᠭ ᠢ ᠬᠤᠪᠢᠷᠠᠭᠤᠯᠵᠤ᠂ ᠡᠯ᠎ᠡ ᠠᠵᠢᠯ ᠲᠥᠷᠥᠯ ᠤᠨ ᠭᠦᠨᠵᠡᠭᠡᠶ ᠬᠤᠪᠢᠰᠤᠯᠲᠠ ᠶᠢ ᠠᠬᠢᠭᠤᠯᠵᠤ᠂ ᠴᠢᠨᠠᠷ ᠰᠠᠶᠢᠲᠠᠶ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠬᠦ ᠶᠢᠨ ᠲᠦᠯᠦᠭᠡ᠂ ᠲᠣᠭᠲᠠᠬᠤ ᠰᠢᠶᠠᠨ ᠤ ᠬᠠᠷᠢᠶ᠎ᠠ ᠭᠠᠵᠠᠷ ᠤᠨ ᠠᠵᠤ ᠠᠬᠤᠶᠢᠯᠠᠯ ᠪᠣᠯᠤᠭᠰᠠᠨ ᠤ ᠬᠤᠪᠢ ᠳᠤ᠂ ᠳᠤᠮᠳᠠᠳᠤ ᠤᠯᠤᠰ ᠤᠨ ᠰᠢᠯᠵᠢᠮᠡᠯ ᠬᠤᠯᠪᠣᠭᠠᠨ ᠤ ᠲᠣᠭᠲᠠᠬᠤ ᠰᠢᠶᠠᠨ ᠤ ᠬᠤᠪᠢᠶᠠᠷᠢ ᠺᠤᠮᠫᠠᠨᠢ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ᠤᠷᠢᠶᠠᠯᠠᠭ᠎ᠠ ᠶᠢ ᠢᠳᠡᠪᠬᠢᠲᠡᠢ ᠴᠤᠤᠷᠢᠶᠠᠲᠤᠨ ᠳᠠᠭᠠᠵᠤ᠂ ᠬᠠᠮᠵᠢᠯᠴᠠᠬᠤ ᠬᠢᠷᠢ ᠲᠦᠪᠰᠢᠨ᠂ ᠰᠢᠨ᠎ᠡ ᠶᠢ ᠡᠭᠦᠳᠬᠦ ᠬᠢᠷᠢ ᠲᠦᠪᠰᠢᠨ ᠪᠠ ᠦᠢᠯᠡᠴᠢᠯᠡᠭᠡᠨ ᠤ ᠬᠢᠷᠢ ᠲᠦᠪᠰᠢᠨ ᠢᠶᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠬᠦᠷᠢᠶ᠎ᠡ ᠬᠡᠪᠴᠢᠶᠡᠨ ᠳᠤ ᠠᠵᠤ ᠠᠬᠤᠶᠢᠯᠠᠯ ᠤᠨ ᠡᠭᠦᠯᠡᠨ ᠲᠠᠪᠴᠠᠩ ᠳᠤ ᠭᠠᠷᠬᠤ ᠲᠥᠯᠥᠪᠯᠡᠭᠡ ᠶᠢ ᠢᠳᠡᠪᠬᠢᠲᠡᠢ ᠨᠠᠢᠳᠠᠪᠤᠷᠢᠵᠢᠭᠤᠯᠬᠤ᠂ ᠡᠭᠦᠯᠡᠨ ᠦᠢᠯᠡᠴᠢᠯᠡᠭᠡ ᠪᠠᠷ ᠳᠠᠮᠵᠢᠭᠤᠯᠤᠨ ᠠᠵᠤ ᠠᠬᠤᠶᠢᠯᠠᠯ ᠤᠨ ᠡᠵᠡᠩᠨᠡᠯᠲᠡ ᠶᠢᠨ ᠥᠪᠡᠷ ᠤᠨ ᠥᠷᠲᠡᠭ ᠢ ᠪᠠᠭᠤᠷᠠᠭᠤᠯᠵᠤ᠂ ᠮᠡᠳᠡᠭᠡ ᠵᠠᠩᠭᠢᠵᠢᠯᠲᠠ ᠶᠢᠨ ᠬᠡᠷᠡᠭᠯᠡᠭᠡᠨ ᠤ ᠬᠢᠷᠢ ᠲᠦᠪᠰᠢᠨ ᠢ ᠲᠦᠷᠭᠡᠨ ᠳᠡᠭᠡᠭᠰᠢᠯᠡᠭᠦᠯᠵᠦ᠂ ᠰᠢᠨ᠎ᠡ ᠶᠢ ᠡᠭᠦᠳᠬᠦ ᠬᠥᠭᠵᠢᠯᠲᠡ ᠶᠢᠨ ᠰᠢᠨ᠎ᠡ ᠬᠥᠳᠡᠯᠭᠡᠭᠴᠢ ᠡᠨᠧᠷᠭᠢ ᠶᠢ ᠪᠣᠶ ᠪᠣᠯᠭᠠᠨ᠎ᠠ᠃      ᠬᠤᠷᠠᠯ ᠳᠡᠭᠡᠷ᠎ᠡ᠂ ᠳᠤᠮᠳᠠᠳᠤ ᠤᠯᠤᠰ ᠤᠨ ᠭᠠᠵᠠᠷ ᠣᠷᠣᠨ ᠤ ᠷᠠᠳᠢᠣ᠋ ᠰᠦᠯᠵᠢᠶ᠎ᠡ ᠪᠣᠯᠤᠨ ᠡᠭᠦᠯᠡᠨ ᠭᠤᠤᠯ ᠰᠦᠯᠵᠢᠶ᠎ᠡ ᠶᠢᠨ ᠣᠷᠣᠨ ᠪᠦᠰᠡ ᠶᠢᠨ ᠥᠷᠭᠡᠳᠬᠡᠯ ᠬᠡᠯᠲᠡᠰ ᠤᠨ ᠳᠠᠭᠠᠭᠠᠮᠠᠯ ᠣᠯᠠᠨ ᠳᠤ ᠳᠥᠭᠦᠮ ᠦᠵᠡᠭᠦᠯᠵᠦ᠂ ᠬᠥᠮᠦᠰ ᠤᠨ ᠡᠳᠦᠷ ᠲᠣᠲᠤᠮ ᠤᠨ ᠠᠮᠢᠳᠤᠷᠠᠯ ᠳᠤ ᠨᠠᠩ ᠣᠯᠠᠨ ᠳᠥᠭᠦᠮ ᠦᠵᠡᠭᠦᠯᠬᠦ ᠵᠢᠴᠢ ᠠᠵᠤ ᠠᠬᠤᠢᠯᠠᠯ ᠤᠨ ᠬᠥᠭᠵᠢᠯᠲᠡ ᠳᠤ ᠰᠢᠨ᠎ᠡ ᠬᠤᠪᠢᠷᠠᠯᠲᠠ ᠠᠪᠴᠢᠷᠠᠬᠤ ᠪᠣᠯᠤᠨ᠎ᠠ᠃ ᠳᠤᠮᠳᠠᠳᠤ ᠤᠯᠤᠰ ᠤᠨ ᠴᠢᠮᠡᠭᠡ ᠬᠤᠯᠪᠣᠭᠠᠨ ᠤ ᠪᠦᠯᠦᠭᠯᠡᠯ ᠤᠨ ᠥᠪᠥᠷ ᠮᠣᠩᠭᠤᠯ ᠤᠨ ᠬᠢᠵᠠᠭᠠᠷᠲᠤ ᠺᠣᠮᠫᠠᠨᠢ ᠶᠢᠨ ᠬᠦᠬᠡᠬᠤᠳᠠ ᠶᠢᠨ ᠬᠤᠪᠢᠶᠠᠷᠢ ᠪᠦᠯᠦᠭᠯᠡᠯ ᠤᠨ ᠴᠧᠨ ᠬᠡᠯᠲᠡᠰ ᠤᠨ ᠬᠠᠷᠢᠭᠤᠴᠠᠯᠭᠠᠲᠠᠨ ᠪᠥᠭᠡᠳ ᠰᠢᠯᠵᠢᠮᠡᠯ ᠡᠭᠦᠯᠡᠨ ᠤ ᠰᠢᠷᠢᠰ ᠪᠦᠲᠦᠭᠡᠭᠳᠡᠬᠦᠨ ᠢ ᠳᠡᠯᠭᠡᠨ ᠦᠵᠡᠭᠦᠯᠦᠭᠰᠡᠨ ᠢ ᠪᠥᠭᠡᠳ ᠰᠢᠯᠵᠢᠮᠡᠯ ᠡᠭᠦᠯᠡᠨ ᠤ ᠪᠦᠲᠦᠭᠡᠭᠳᠡᠬᠦᠨ ᠢ ᠲᠠᠨᠢᠯᠴᠠᠭᠤᠯᠪᠠ᠃ ᠲᠦᠮᠡᠨ ᠠᠵᠤ ᠠᠬᠤᠢᠯᠠᠯ ᠡᠭᠦᠯᠡᠨ ᠳᠤ ᠭᠠᠷᠬᠤ ᠨᠢ ᠢᠷᠡᠭᠡᠳᠦᠶ ᠶᠢᠨ ᠬᠠᠨᠳᠤᠰᠢ ᠪᠣᠯᠬᠤ ᠪᠠᠷ ᠪᠠᠷᠠᠬᠤ ᠦᠭᠡᠢ᠂ ᠨᠠᠩ ᠪᠦᠲᠦᠮᠵᠢᠲᠡᠶ ᠠᠵᠤ ᠠᠬᠤᠢᠯᠠᠯ ᠤᠨ ᠡᠵᠡᠩᠨᠡᠯᠲᠡ ᠶᠢᠨ ᠥᠪᠡᠷ ᠤᠨ ᠥᠷᠲᠡᠭ ᠢ ᠪᠠᠭᠤᠷᠠᠭᠤᠯᠵᠤ᠂ ᠠᠵᠤ ᠠᠬᠤᠢᠯᠠᠯ ᠤᠨ ᠥᠨᠳᠥᠷ ᠪᠦᠲᠦᠮᠵᠢᠲᠡᠶ ᠬᠥᠭᠵᠢᠯᠲᠡ ᠳᠤ ᠬᠦᠴᠦᠨ ᠨᠡᠮᠡᠷᠢᠯᠡᠵᠦ ᠪᠣᠯᠤᠨ᠎ᠠ᠃      ᠡᠭᠦᠨ ᠠᠴᠠ ᠭᠠᠳᠠᠨ᠎ᠠ᠂ ᠳᠤᠮᠳᠠᠳᠤ ᠤᠯᠤᠰ ᠤᠨ ᠰᠢᠯᠵᠢᠮᠡᠯ ᠬᠤᠯᠪᠣᠭᠠᠨ ᠤ ᠲᠣᠭᠲᠠᠬᠤ ᠰᠢᠶᠠᠨ ᠤ ᠲᠣᠰ ᠪᠡᠶ᠎ᠡ ᠶᠢᠨ ᠠᠵᠢᠯ ᠲᠥᠷᠥᠯ ᠤᠨ ᠳᠠᠪᠠᠭᠤᠯᠢᠭ ᠢᠶᠠᠷ ᠢᠶᠠᠨ ᠠᠵᠤ ᠠᠬᠤᠶᠢᠯᠠᠯ ᠤᠨ ᠬᠥᠭᠵᠢᠯᠲᠡ ᠳᠤ ᠬᠦᠴᠦᠨ ᠨᠡᠮᠡᠷᠢᠯᠡᠵᠦ᠂ ᠲᠣᠭᠲᠠᠬᠤ ᠰᠢᠶᠠᠨ ᠤ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠵᠦ᠂ ᠲᠤᠬᠠᠶ ᠶᠢᠨ ᠲᠠᠯᠠᠪᠠᠢ ᠳᠤ ᠥᠪᠥᠷ ᠮᠣᠩᠭᠤᠯ ᠤᠨ ᠸᠠᠨ ᠷᠦᠢ ᠪᠠᠷᠢᠯᠭ᠎ᠠ ᠶᠢᠨ ᠢᠨᠵᠧᠨᠧᠷᠢᠩ ᠤᠨ ᠬᠢᠵᠠᠭᠠᠷᠲᠤ ᠺᠣᠮᠫᠠᠨᠢ ᠲᠠᠢ ᠭᠡᠷ᠎ᠡ ᠲᠣᠭᠲᠠᠪᠠ᠃ ᠠᠵᠢᠯᠯᠠᠭ᠎ᠠ ᠶᠢᠨ ᠲᠤᠬᠠᠶ ᠶᠢᠨ ᠲᠠᠯᠠᠪᠠᠢ ᠳᠤ ᠪᠠᠰᠠ ᠪᠡᠶᠡᠴᠢᠯᠡᠨ ᠣᠶᠢᠯᠠᠭᠠᠬᠤ ᠣᠷᠣᠨ ᠪᠠ ᠦᠵᠡᠭᠦᠯᠦᠯᠭᠡ ᠶᠢᠨ ᠣᠷᠣᠨ ᠢ ᠪᠠᠶᠢᠷᠢᠯᠠᠭᠤᠯᠵᠤ᠂ ᠬᠤᠷᠠᠯ ᠳᠤ ᠣᠷᠣᠯᠴᠠᠭᠰᠠᠳ ᠥᠪᠡᠷ ᠤᠨ ᠠᠪᠴᠢᠷᠠᠭᠰᠠᠨ ᠥᠨᠳᠥᠷ ᠬᠤᠷᠳᠤᠴᠠᠲᠤ ᠨᠣᠷᠮ᠎ᠠ᠂ ᠳᠣᠤᠷ᠎ᠠ ᠴᠠᠭ ᠤᠨ ᠤᠷᠲᠤᠳᠬᠠᠯ᠂ ᠥᠷᠭᠡᠨ ᠬᠤᠯᠪᠣᠯᠲᠠ ᠶᠢᠨ ᠳᠠᠪᠠᠭᠤᠯᠢᠭ ᠣᠨᠴᠠᠯᠢᠭ ᠢ ᠦᠵᠡᠬᠦ ᠪᠠ ᠪᠡᠶᠡᠴᠢᠯᠡᠨ ᠣᠶᠢᠯᠠᠭᠠᠵᠤ ᠪᠣᠯᠤᠨ᠎ᠠ᠂ ᠪᠠᠰᠠ ᠲᠤᠬᠠᠶ ᠶᠢᠨ ᠲᠠᠯᠠᠪᠤᠷ ᠲᠤ ᠡᠭᠦᠯᠡᠨ ᠪᠣᠳᠣᠯᠲᠠ ᠶᠢᠨ ᠲᠤᠬᠠᠶᠢᠯᠠᠭᠰᠠᠨ ᠠᠵᠢᠯ ᠢ ᠭᠦᠶ᠋ᠴᠡᠳᠬᠡᠵᠦ ᠪᠣᠯᠤᠨ᠎ᠠ᠃      ᠰᠢᠶᠠᠨ ᠤ ᠨᠡᠭᠦᠲᠡᠯ ᠬᠤᠯᠪᠣᠭ᠎ᠠ ᠶᠢᠨ ᠬᠠᠷᠢᠭᠤᠴᠠᠯᠭᠠᠲᠠᠨ ᠢᠯᠡᠷᠬᠡᠶᠢᠯᠡᠬᠦ ᠳᠡᠭᠡᠨ᠂ ᠰᠦᠯᠵᠢᠶ᠎ᠡ ᠪᠠᠶᠢᠭᠤᠯᠬᠤ ᠶᠢ ᠳᠠᠭᠠᠯᠳᠤᠨ᠂ ᠲᠣᠭᠲᠠᠬᠤ ᠰᠢᠶᠠᠨ ᠤ ᠪᠦᠲᠦᠭᠡᠨ ᠪᠠᠶᠢᠭᠤᠯᠤᠯᠲᠠ ᠬᠥᠭᠵᠢᠯᠲᠡ ᠶᠢ ᠬᠦᠴᠦᠲᠡᠶ ᠲᠤᠯᠭᠠᠭᠤᠷᠢᠯᠠᠵᠤ᠂ ᠨᠡᠭᠦᠲᠡᠯ ᠰᠦᠯᠵᠢᠶ᠎ᠡ ᠬᠠᠷᠢᠯᠴᠠᠨ ᠬᠤᠯᠪᠣᠯᠳᠤᠭᠰᠠᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠬᠤᠰᠢᠭᠤ ᠰᠢᠶᠠᠨ ᠢ ᠪᠠᠶᠢᠭᠤᠯᠤᠨ᠎ᠠ ᠭᠡᠵᠡᠶ᠃ ᠵᠢᠱᠢᠯᠲᠡ ᠪᠠᠷ ᠳᠠᠷᠠᠭ᠎ᠠ ᠵᠢᠯ᠂ ᠲᠣᠭᠲᠠᠬᠤ ᠰᠢᠶᠠᠨ ᠢ ᠪᠦᠬᠦ ᠲᠠᠯ᠎ᠠ ᠪᠠᠷ ᠪᠦᠷᠬᠦᠭᠦᠯᠦᠨ᠎ᠡ᠃ ᠲᠤᠭᠳᠠᠬᠤ ᠰᠢᠶᠠᠨ ᠤ ᠰᠢᠯᠵᠢᠮᠡᠯ ᠬᠤᠯᠪᠣᠭ᠎ᠠ 2020 — 2022 ᠣᠨ ᠳᠤ 54.5 ᠲᠦᠮᠡᠨ ᠲᠥᠭᠦᠷᠢᠭ ᠤᠨ ᠪᠡᠯᠡ ᠣᠷᠣᠭᠤᠯᠤᠯᠲᠠ ᠶᠢ ᠲᠥᠯᠥᠪᠵᠢᠭᠦᠯᠵᠦ᠂ 82 ᠰᠠᠭᠤᠷᠢ ᠥᠷᠲᠡᠭᠡ ᠶᠢᠨ ᠰᠦᠯᠵᠢᠶ᠎ᠡ ᠪᠠᠷ ᠲᠥᠯᠥᠪᠵᠢᠭᠦᠯᠦᠨ ᠪᠦᠲᠦᠭᠡᠨ ᠪᠠᠶᠢᠭᠤᠯᠤᠨ᠎ᠠ᠃ ᠢᠷᠡᠬᠦ ᠭᠤᠷᠪᠠᠨ ᠵᠢᠯ ᠳᠤ᠂ ᠰᠢᠶᠠᠨ ᠤ ᠬᠤᠲᠠ ᠶᠢᠨ ᠳᠣᠲᠣᠷᠠᠬᠢ ᠵᠢᠵᠢᠭ ᠲᠣᠭᠤᠷᠢᠭ ᠤᠨ ᠥᠷᠭᠡᠨ ᠪᠦᠰᠡ ᠶᠢ ᠮᠢᠩᠭᠠᠨ ᠮᠤᠭ᠎ᠠ ᠪᠣᠯᠭᠠᠨ ᠳᠡᠰ ᠳᠡᠪᠰᠢᠭᠦᠯᠬᠦ ᠶᠢᠨ ᠬᠠᠮᠲᠤ ᠬᠥᠳᠡᠭᠡ ᠲᠣᠰᠬᠤᠨ ᠤ ᠥᠷᠭᠡᠨ ᠪᠦᠰᠡ ᠶᠢᠨ ᠪᠦᠷᠬᠦᠴᠡ ᠶᠢ ᠤᠯᠠᠮ ᠨᠢᠭᠡ ᠠᠯᠬᠤᠮ ᠤᠷᠲᠤᠳᠬᠠᠬᠤ ᠪᠣᠯᠤᠨ᠎ᠠ᠃      ᠠᠵᠤ  ᠦᠢᠯᠡᠳᠪᠦᠷᠢ ᠶᠢᠨ ᠬᠦᠷᠢᠶᠡᠯᠡᠩ ᠤᠨ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠰᠢᠶᠣᠤ ᠸᠧᠨ ᠸᠧᠶ᠂ ᠬᠠᠮᠢᠶ᠎ᠠ ᠪᠦᠬᠦᠢ ᠰᠠᠯᠠᠭ᠎ᠠ ᠮᠥᠴᠢᠷ᠂ ᠠᠵᠤ ᠠᠬᠤᠢᠯᠠᠯ ᠤᠨ ᠬᠠᠷᠢᠭᠤᠴᠠᠯᠭᠠᠲᠠᠨ ᠠᠵᠢᠯᠯᠠᠭ᠎ᠠ ᠳᠤ ᠣᠷᠣᠯᠴᠠᠪᠠ᠃  
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1