2 ᠰᠠᠷ᠎ᠠ ᠶᠢᠨ 27 ᠤ ᠡᠳᠦᠷ᠂ 109 ᠳ᠋ᠤᠭᠡᠷ ᠳᠡᠯᠡᠬᠡᠶ ᠵᠢᠨᠡᠮᠡᠭᠲᠡᠶᠢᠴᠦᠳ ᠤᠨ ᠪᠠᠶᠠᠷ ᠤᠨ ᠡᠳᠦᠷ ᠢ | ᠤᠭᠳᠤᠵᠤ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠨᠡᠶᠢᠭᠡᠮ ᠤᠨ ᠡᠯ᠎ᠡ ᠵᠦᠢᠯ ᠤᠨ ᠠᠵᠢᠯ ᠦᠢᠯᠡᠰ ᠤᠨ | ᠴᠡᠴᠡᠭᠯᠡᠨ ᠬᠦᠭᠵᠢᠯᠳᠡ ᠳᠤ ᠯᠤᠲᠤ ᠶᠡᠭᠡ ᠦᠷᠡᠭᠳᠡᠯ ᠭᠠᠷᠭᠠᠭᠰᠠᠨ ᠪᠠ ᠬᠤᠪᠢ ᠨᠡᠮᠡᠷᠢ ᠦᠵᠡᠭᠦᠯᠦᠭᠰᠡᠨ ᠡᠯ᠎ᠡ ᠠᠵᠢᠯ | ᠲᠦᠷᠦᠯ ᠤᠨ ᠬᠢᠨ ᠡᠮᠡᠭᠲᠡᠶᠢᠴᠦᠳ ᠤᠨ ᠵᠢᠱᠢᠶᠡᠴᠢ᠂ ᠬᠤᠪᠢ ᠬᠦᠮᠦᠨ ᠪᠠ ᠬᠠᠮᠲᠤ ᠨᠢᠭᠡᠴᠡ ᠶᠢ ᠬᠥᠬᠢᠭᠦᠯᠦᠨ | ᠰᠠᠶᠢᠰᠢᠶᠠᠬᠤ ᠶᠢᠨ ᠲᠦᠯᠦᠭᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ | ᠬᠤᠯᠪᠤᠭ᠎ᠠ ᠠᠴᠠ ᠭᠤᠣᠯᠯᠠᠨ ᠡᠷᠭᠢᠯᠡᠭᠰᠡᠨ ︽3.8︾ ᠤ ᠳᠡᠯᠡᠬᠡᠶ ᠶᠢᠨ ᠡᠮᠡᠭᠲᠡᠶᠢᠴᠦᠳ ᠤᠨ ᠪᠠᠶᠠᠷ ᠤᠨ ᠡᠳᠤᠷ ᠢ | ᠳᠤᠷᠠᠰᠬᠠᠬᠤ ᠵᠢᠴᠢ ᠥᠪᠡᠷᠲᠡᠭᠡᠨ ᠵᠠᠰᠠᠬᠤ ᠣᠷᠣᠨ ᠤ ᠤᠯᠠᠭᠠᠨ ᠲᠤᠭᠴᠢ ︵ᠬᠠᠮᠲᠤ ᠨᠢᠭᠡᠴᠡ︶ ᠶᠢ ᠰᠠᠶᠢᠰᠢᠶᠠᠨ | ᠬᠥᠬᠢᠭᠦᠯᠬᠦ ᠶᠡᠭᠡ ᠬᠤᠷᠠᠯ ᠲᠡᠭᠦᠰ ᠠᠮᠵᠢᠯᠲᠠ ᠲᠠᠢ ᠥᠨᠳᠥᠷᠯᠡᠪᠡ᠃ ᠶᠡᠭᠡ ᠬᠤᠷᠠᠯ ᠳᠤ ᠥᠪᠡᠷᠲᠡᠭᠡᠨ ᠵᠠᠰᠠᠬᠤ | ᠣᠷᠣᠨ ᠤ 10 ᠨᠡᠷᠡᠰ ᠵᠢᠱᠢᠶᠡᠴᠢ᠂ ᠥᠪᠡᠷᠲᠡᠭᠡᠨ ᠵᠠᠰᠠᠬᠤ ᠣᠷᠣᠨ ᠤ ᠤᠯᠠᠭᠠᠨ ᠲᠤᠭᠴᠢ100᠂ ᠥᠪᠡᠷᠲᠡᠭᠡᠨ | ᠵᠠᠰᠠᠬᠤ ᠣᠷᠣᠨ ᠤ 3.8 ᠶᠢᠨ ᠤᠯᠠᠭᠠᠨ ᠲᠤᠭᠴᠢ ᠬᠠᠮᠲᠤ ᠨᠢᠭᠡᠴᠡ 50 ᠰᠤᠩᠭᠤᠨ ᠭᠠᠷᠭᠠᠪᠠ᠃ ᠲᠣᠭᠲᠠᠬᠤ | ᠰᠢᠶᠠᠨ ᠤ ᠤᠯᠠᠭᠠᠨᠮᠥ᠋ᠴᠢᠷ ᠤᠨ ︽ᠥᠪᠡᠷᠲᠡᠭᠡᠨ ᠵᠠᠰᠠᠬᠤ ᠣᠷᠣᠨ ᠤ 3 · 8 ᠤᠯᠠᠭᠠᠨ ᠲᠤᠭᠴᠢ ᠬᠠᠮᠲᠤ ᠨᠢᠭᠡᠴᠡ︾ | ᠶᠢᠨ ᠢᠷᠠᠭᠤ ᠠᠯᠳᠠᠷᠲᠤ ᠴᠣᠯᠠ ᠤᠯᠤᠭᠰᠠᠨ ᠪᠠᠶᠢᠨ᠎ᠠ᠃ | ᠲᠣᠭᠲᠠᠬᠤ ᠰᠢᠶᠠᠨ ᠤ ᠤᠯᠠᠭᠠᠨᠮᠥ᠋ᠴᠢᠷ ᠲᠣᠭᠲᠠᠬᠤ ᠰᠢᠶᠠᠨ ᠤ ᠤᠳᠬ᠎ᠠ ᠤᠷᠠᠯᠢᠭ ᠤᠨ ᠹᠷᠣᠨᠲ ᠤᠨ ᠨᠢᠭᠡᠨ | ᠲᠤᠭ᠂ ᠣᠷᠣᠨ ᠨᠤᠲᠤᠭ ᠤᠨ ᠰᠣᠶᠣᠯ ᠤᠨ ᠦᠵᠡᠭᠦᠯᠦᠯᠭᠡ ᠶᠢᠨ ᠭᠠᠳᠠᠭᠠᠳᠤ ᠤᠬᠠᠭᠤᠯᠭ᠎ᠠ ᠶᠢᠨ ᠵᠢᠭᠰᠠᠭᠠᠯ ᠤᠨ | ᠭᠠᠵᠠᠷ ᠪᠠ ᠴᠣᠩᠬᠤ᠂ ᠡᠮᠡᠭᠲᠡᠶ ᠠᠵᠢᠯᠲᠠᠨ ᠠᠵᠢᠯᠴᠢᠨ ᠤ ᠣᠷᠳᠣ ᠬᠤᠭᠤᠴᠠᠭ᠎ᠠ ᠪᠠᠷ ᠬᠥᠳᠡᠭᠡ ᠳᠤ ᠭᠦᠨᠵᠡᠭᠡᠶᠢᠷᠡᠨ | ᠰᠣᠶᠣᠯ ᠬᠦᠷᠭᠡᠬᠦ᠂ ᠤᠳᠬ᠎ᠠ ᠤᠷᠠᠯᠢᠭ ᠤᠨ ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ ᠪᠤᠯᠤᠭᠰᠠᠨ ᠤ ᠬᠤᠪᠢ ᠳᠤ᠂ | ᠶᠡᠷᠦᠩᠬᠡᠢ ᠱᠦᠵᠢ ᠰᠢ ᠶᠢᠨ ᠫᠢᠩ ᠤᠨ ᠤᠯᠠᠭᠠᠨᠮᠥ᠋ᠴᠢᠷ ᠤᠨ ᠦᠢᠯᠡᠰ ᠢ ᠬᠥᠭᠵᠢᠭᠦᠯᠬᠦ ᠴᠢᠬᠤᠯᠠ ᠵᠢᠭᠠᠪᠤᠷᠢ ᠶᠢᠨ | ᠵᠣᠷᠢᠭ ᠰᠠᠨᠠᠭ᠎ᠠ ᠶᠢ ᠵᠢᠷᠤᠮᠯᠠᠨ᠂ ︽ᠬᠤᠶᠠᠷ ᠲᠤ ᠦᠢᠯᠡᠴᠢᠯᠡᠬᠦ︾ ᠴᠢᠭᠯᠡᠯ ᠢ ᠪᠠᠷᠢᠮᠳᠠᠯᠠᠨ᠂ ︽ᠬᠤᠤᠰ ᠵᠠᠭᠤ︾ | ᠴᠢᠭᠯᠡᠯᠲᠡ ᠶᠢ ᠲᠤᠭᠤᠰᠢᠯᠠᠭᠤᠯᠤᠨ᠂ ︽ᠠᠷᠠᠳ ᠲᠦᠮᠡᠨ ᠢᠶᠠᠷ ᠭᠤᠣᠯ ᠪᠣᠯᠭᠠᠬᠤ ᠵᠣᠬᠢᠶᠠᠨ ᠪᠦᠲᠦᠭᠡᠬᠦ | ᠤᠳᠤᠷᠢᠳᠤᠮᠵᠢ︾ ᠶᠢ ᠪᠠᠷᠢᠮᠲᠠᠯᠠᠨ᠂ ᠬᠦᠯᠢᠴᠡᠩᠭᠦᠶ ᠲᠡᠰᠪᠦᠷᠢᠲᠡᠶ ᠪᠠᠷ ᠮᠠᠨ ᠤ ᠰᠢᠶᠠᠨ ᠤ ᠡᠯ᠎ᠡ ᠭᠠᠴᠠᠭ᠎ᠠ ᠪᠠᠯᠭᠠᠰᠤ᠂ | ᠨᠡᠶᠢᠭᠡᠮ ᠲᠣᠭᠤᠷᠢᠭ᠂ ᠠᠵᠤ ᠠᠬᠤᠶᠢᠯᠠᠯ᠂ ᠠᠯᠪᠠᠨ ᠪᠠᠶᠢᠭᠤᠯᠤᠯᠭ᠎ᠠ ᠪᠠ ᠰᠤᠷᠭᠠᠭᠤᠯᠢ ᠶᠢᠨ ᠬᠦᠷᠢᠶᠡᠨ ᠳᠤ ᠤᠷᠠᠨ | ᠰᠠᠶᠢᠬᠠᠨ ᠤ ᠲᠣᠭᠯᠠᠯᠲᠠ ᠶᠢᠨ ᠠᠵᠢᠯᠯᠠᠭ᠎ᠠ ᠥᠷᠨᠢᠭᠦᠯᠵᠦ ᠦᠷᠭᠡᠨ ᠤᠯᠠᠨ ᠲᠦᠮᠡᠨ ᠤ ᠬᠠᠯᠠᠭᠤᠨ ᠲᠠᠭᠠᠰᠢᠶᠠᠯ ᠢ | ᠤᠯᠤᠭᠰᠠᠨ ᠪᠠᠶᠢᠨ᠎ᠠ᠃ ᠲᠤᠭᠳᠠᠬᠤ ᠰᠢᠶᠠᠨᠤ ᠤᠯᠠᠭᠠᠨᠮᠥᠴᠢᠷ ᠬᠤᠳᠠ ᠬᠥᠳᠡᠭᠡ ᠶᠢᠨ ᠠᠷᠠᠳ ᠲᠦᠮᠡᠨ ᠤ ᠤᠶᠤᠨ ᠤ | ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠪᠦᠬᠦ ᠰᠢᠶᠠᠨ ᠤ ᠤᠶᠤᠨ ᠤ ᠪᠣᠯᠪᠠᠰᠤᠨ ᠤ ᠪᠠᠶᠢᠭᠤᠯᠤᠯᠲᠠ ᠶᠢ | ᠠᠬᠢᠭᠤᠯᠬᠤ᠂ ᠨᠡᠶᠢᠭᠡᠮ ᠵᠢᠷᠤᠮ ᠤᠨ ᠭᠤᠣᠯᠯᠠᠬᠤ ᠥᠷᠲᠡᠭ ᠤᠨ ᠦᠵᠡᠯᠲᠡ ᠶᠢ ᠪᠤᠶᠢᠵᠢᠭᠤᠯᠤᠨ ᠦᠢᠯᠡᠳᠦᠯᠭᠡᠵᠢᠭᠦᠯᠬᠦ | ᠵᠡᠷᠭᠡ ᠲᠠᠯ᠎ᠠ ᠪᠠᠷ ᠥᠪᠡᠷᠮᠢᠴᠡ ᠦᠢᠯᠡᠳᠦᠯ ᠭᠠᠷᠭᠠᠵᠤ ᠦᠷᠡᠭᠳᠡᠯ ᠪᠠ ᠬᠤᠪᠢ ᠨᠡᠮᠡᠷᠢ ᠦᠵᠡᠭᠦᠯᠦᠭᠰᠡᠨ ᠪᠠᠶᠢᠨ᠎ᠠ᠃ | ᠥᠪᠡᠷᠲᠡᠭᠡᠨ ᠵᠠᠰᠠᠬᠤ ᠣᠷᠣᠨ ᠤ ᠤᠯᠠᠭᠠᠨ ᠲᠤᠭᠴᠢ ︵ᠬᠠᠮᠲᠤ ᠨᠢᠭᠡᠴᠡ︶ ᠶᠢ ᠰᠣᠩᠭᠤᠨ ᠰᠢᠯᠭᠠᠷᠠᠭᠤᠯᠬᠤ | ᠠᠵᠢᠯᠯᠠᠭ᠎ᠠ ᠥᠷᠨᠢᠭᠦᠯᠵᠦ ᠪᠠᠶᠢᠭ᠎ᠠ ᠵᠣᠷᠢᠯᠲᠠ ᠪᠤᠯ ᠡᠮᠡᠭᠲᠡᠶᠢᠴᠦᠳ ᠤᠨ ᠦᠢᠯᠡᠰ ᠪᠠ ᠡᠮᠡᠭᠲᠡᠶᠢᠴᠦᠳ ᠤᠨ | ᠬᠤᠯᠪᠤᠭ᠎ᠠ ᠶᠢᠨ ᠠᠵᠢᠯ ᠤᠨ ᠲᠤᠬᠠᠶ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ | ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠦᠷᠢᠵᠢᠭᠤᠯᠵᠤ᠂ ᠡᠮᠡᠭᠲᠡᠶᠢᠴᠦᠳ ᠤᠨ ᠦᠵᠡᠯ ᠰᠠᠨᠠᠭᠠᠨ ᠤ ᠲᠠᠯ᠎ᠠ ᠪᠠᠷ | ᠬᠦᠲᠦᠯᠦᠨ ᠵᠢᠯᠣᠭᠤᠳᠬᠤ ᠠᠵᠢᠯ ᠢ ᠶᠡᠬᠡᠪᠡᠷ ᠴᠢᠩᠭᠠᠳᠬᠠᠵᠤ᠂ ᠬᠥᠮᠦᠵᠢᠭᠦᠯᠬᠦ᠂ ᠰᠤᠩᠭᠤᠯᠳᠠ ᠪᠠ ᠲᠡᠷᠢᠭᠦᠨ ᠤ | ᠨᠡᠶᠢᠲᠡᠯᠢᠭ ᠵᠢᠱᠢᠶ᠎ᠡ ᠶᠢ ᠤᠬᠠᠭᠤᠯᠬᠤ ᠪᠠᠷ ᠳᠠᠮᠵᠢᠭᠤᠯᠤᠨ᠂ ᠪᠦᠬᠦ ᠣᠷᠣᠨ ᠤ ᠥᠷᠭᠡᠨ ᠣᠯᠠᠨ ᠡᠮᠡᠭᠲᠡᠶᠢᠴᠦᠳ | ᠳᠠᠭᠤᠷᠢᠶᠠᠯ ᠦᠵᠡᠭᠦᠯᠬᠦ ᠬᠦᠴᠦᠨ ᠢᠶᠠᠷ ᠤᠯᠠᠨ ᠲᠦᠮᠡᠨ ᠤ ᠤᠬᠠᠮᠰᠠᠷ ᠠᠴᠠ ᠪᠠᠨ ᠬᠤᠪᠢ ᠬᠥᠮᠦᠨ ᠤ ᠬᠥᠭᠡᠭᠡᠴᠡᠯᠳᠦᠯ | ᠲᠡᠮᠡᠴᠡᠯ ᠢ ᠳᠠᠶᠢᠴᠢᠯᠠᠬᠤ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ᠂ ︽ᠦᠵᠡᠰᠬᠦᠯᠡᠩᠲᠦ ᠰᠠᠶᠢᠬᠠᠨ ᠥᠪᠥᠷ ᠮᠣᠩᠭᠤᠯ ᠢᠶᠠᠨ ᠪᠦᠲᠦᠭᠡᠨ ᠪᠠᠶᠢᠭᠤᠯᠵᠤ᠂ ᠠᠭᠤᠤ ᠶᠡᠭᠡ | ᠳᠤᠮᠳᠠᠳᠤ ᠶᠢᠨ ᠵᠡᠭᠦᠳᠦ ᠪᠠᠨ ᠬᠠᠮᠲᠤᠪᠠᠷ ᠲᠡᠷᠭᠡᠯᠰᠢᠭᠦᠯᠬᠦ︾ ᠭᠠᠯ ᠬᠠᠯᠠᠭᠤᠨ ᠦᠢᠯᠡᠳᠦᠯᠭᠡ ᠳᠤ ᠴᠢᠷᠮᠠᠶᠢᠨ ᠲᠡᠮᠡᠴᠡᠵᠦ | ᠤᠷᠤᠭᠰᠢᠯᠠᠨ ᠲᠠᠪᠰᠢᠵᠤ᠂ ᠲᠡᠷᠢᠭᠦᠨ ᠤ ᠠᠵᠢᠯ ᠤᠨ ᠪᠦᠲᠦᠮᠵᠢ ᠭᠠᠷᠭᠠᠬᠤ ᠪᠠᠷ ᠴᠢᠷᠮᠠᠶᠢᠵᠤ᠂ ᠪᠥᠬᠦ ᠣᠷᠣᠨ ᠤ ᠠᠵᠤ | ᠠᠬᠤᠶ ᠨᠡᠶᠢᠭᠡᠮ ᠤᠨ ᠡᠯ᠎ᠡ ᠵᠦᠢᠯ ᠤᠨ ᠠᠵᠢᠯ ᠦᠢᠯᠡᠰ ᠬᠡᠳᠦᠶ ᠬᠤᠷᠳᠤᠨ ᠪᠣᠯ ᠲᠡᠳᠦᠶ ᠰᠠᠶᠢᠨ ᠬᠥᠭᠵᠢᠯᠲᠡ ᠶᠢ | ᠠᠬᠢᠭᠤᠯᠬᠤ ᠳᠤ ᠰᠢᠨ᠎ᠡ ᠪᠠᠷ ᠨᠡᠩ ᠶᠡᠭᠡ ᠬᠤᠪᠢ ᠨᠡᠮᠡᠷᠢ ᠦᠵᠡᠭᠦᠯᠬᠦ ᠶᠤᠮ᠃ |