ᠲᠣᠭᠲᠠᠬᠤ ᠰᠢᠶᠠᠨ ᠤ ᠡᠪᠯᠡᠯ ᠤᠨ ᠬᠤᠷᠢᠶ᠎ᠠ ︽ᠯᠸᠢ ᠹᠧᠩ ᠤᠨ ᠵᠣᠷᠢᠭ ᠰᠠᠨᠠᠭ᠎ᠠ ᠶᠢ ᠪᠠᠳᠠᠷᠠᠭᠤᠯᠤᠨ᠂ ᠴᠠᠭ ᠦᠶ᠎ᠡ ᠶᠢᠨ ᠰᠢᠨ᠎ᠡ ᠬᠥᠮᠦᠨ ᠪᠣᠯᠬᠤ ᠪᠠᠷ ᠴᠢᠷᠮᠠᠶᠢᠶ᠎ᠠ︾ ᠭᠡᠬᠦ ᠭᠤᠣᠯ ᠰᠡᠳᠤᠪᠳᠤ ᠪᠣᠯᠪᠠᠰᠤᠨ ᠢᠶᠠᠷ ᠵᠢᠯᠣᠭᠤᠳᠬᠤ ᠶᠢ ᠰᠠᠨᠠᠭᠠᠴᠢᠯᠠᠵᠤ᠂ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2019-03-06
      56 ᠳ᠋ᠤᠭᠠᠷ ᠯᠸᠢ ᠹᠧᠩ ᠠᠴᠠ ᠰᠤᠷᠤᠯᠴᠠᠬᠤ ᠳᠤᠷᠠᠰᠬᠠᠯ ᠤᠨ ᠡᠳᠦᠷ ᠪᠤᠯᠵᠤ ᠪᠠᠶᠢᠭ᠎ᠠ ᠦᠶ᠎ᠡ ᠳᠤ᠂ ᠯᠸᠢ ᠹᠧᠩ ᠤᠨ ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠪᠠᠳᠠᠷᠠᠭᠤᠯᠵᠤ᠂ ᠯᠸᠢ ᠹᠧᠩ ᠠᠴᠠ ᠰᠤᠷᠤᠯᠴᠠᠬᠤ ᠰᠠᠶᠢᠨ ᠳᠤᠷ᠎ᠠ ᠶᠢᠨ ᠦᠢᠯᠡᠴᠢᠯᠡᠭᠡ ᠶᠢ ᠪᠠᠶᠢᠩᠭᠤᠵᠢᠭᠤᠯᠬᠤ᠂ ᠣᠷᠳᠣ ᠬᠤᠭᠤᠴᠠᠭ᠎ᠠ ᠪᠠᠷ ᠬᠦᠴᠦᠨ ᠲᠠᠢ ᠪᠠᠶᠢᠯᠭᠠᠬᠤ ᠶᠢᠨ ᠲᠦᠯᠦᠭᠡ  3 ᠰᠠᠷ᠎ᠠ ᠶᠢᠨ 3 ᠤ ᠡᠳᠦᠷ᠂ ᠲᠣᠭᠲᠠᠬᠤ ᠰᠢᠶᠠᠨ ᠤ ᠡᠪᠯᠡᠯ ᠤᠨ ᠬᠤᠷᠢᠶ᠎ᠠ ᠲᠣᠭᠲᠠᠬᠤ ᠰᠢᠶᠠᠨ ᠤ ᠵᠠᠮ ᠬᠠᠷᠢᠯᠴᠠᠭ᠎ᠠ ᠶᠢᠨ ᠴᠠᠭᠳᠠᠭ᠎ᠠ ᠶᠢᠨ ᠠᠩᠭᠢ᠂ ᠲᠣᠭᠲᠠᠬᠤ ᠰᠢᠶᠠᠨ ᠤ ᠬᠤᠶᠠᠳᠤᠭᠠᠷ ᠳᠤᠮᠳᠠᠳᠤ ᠰᠤᠷᠭᠠᠭᠤᠯᠢ᠂ ᠲᠣᠭᠲᠠᠬᠤ ᠰᠢᠶᠠᠨ ᠤ ᠦᠨᠳᠦᠰᠦᠲᠡᠨ ᠤ ᠳᠤᠮᠳᠠᠳᠤ ᠰᠤᠷᠭᠠᠭᠤᠯᠢ᠂ ᠲᠣᠭᠲᠠᠬᠤ ᠰᠢᠶᠠᠨ ᠤ ᠠᠵᠢᠯ ᠮᠡᠷᠭᠡᠵᠢᠯ ᠤᠨ ᠳᠡᠭᠡᠳᠦ ᠳᠤᠮᠳᠠᠳᠤ ᠰᠤᠷᠭᠠᠭᠤᠯᠢ ᠲᠠᠢ ᠬᠠᠮᠳᠤᠷᠠᠨ ᠵᠠᠯᠠᠭᠤ ᠰᠠᠶᠢᠨ ᠳᠣᠷᠠᠴᠣᠳ ᠪᠠ ᠪᠠᠷᠠᠭᠤᠨ ᠣᠷᠣᠨ ᠤ ᠲᠥᠯᠥᠪᠯᠡᠭᠡ ᠶᠢᠨ ᠰᠠᠶᠢᠨ ᠳᠤᠷ᠎ᠠ ᠶᠢᠨ ᠠᠵᠢᠯᠯᠠᠭᠴᠢ ᠶᠢ ᠵᠣᠬᠢᠶᠠᠨ ᠪᠠᠶᠢᠭᠤᠯᠵᠤ᠂ ᠲᠣᠭᠲᠠᠬᠤ ᠰᠢᠶᠠᠨ ᠤ ᠵᠠᠮ  ᠬᠠᠷᠢᠯᠴᠠᠭ᠎ᠠ ᠶᠢᠨ ᠲᠤᠪᠴᠢᠶ᠎ᠠ᠂  ᠱᠤᠸᠠᠩ ᠾᠧ ᠠᠰᠠᠷ ᠤᠨ ᠲᠣᠨᠣᠯᠵᠢᠨ ᠵᠠᠮ ᠳᠤ᠂ ︽ᠯᠸ᠊ ᠹᠧᠩ ᠤᠨ ᠵᠣᠷᠢᠭ ᠰᠠᠨᠠᠭ᠎ᠠ ᠶᠢ ᠪᠠᠳᠠᠷᠠᠭᠤᠯᠤᠨ᠂ ᠴᠠᠭ ᠦᠶ᠎ᠡ ᠶᠢᠨ ᠰᠢᠨ᠎ᠡ ᠬᠥᠮᠦᠨ ᠪᠣᠯᠬᠤ ᠪᠠᠷ ᠴᠢᠷᠮᠠᠶᠢᠶ᠎ᠠ︾ ᠭᠡᠬᠦ ᠭᠤᠣᠯ ᠰᠡᠳᠤᠪᠳᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠦᠷᠨᠢᠭᠦᠯᠪᠡ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1