ᠲᠤᠭᠳᠠᠬᠤ ᠰᠢᠶᠠᠨ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠤᠨ ᠤᠳᠤᠷᠢᠳᠬᠤ ᠳᠤᠭᠤᠢᠯᠠᠩ ᠤᠨ 2019 ᠣᠨ ᠤ 2 ᠳ᠋ᠤᠭᠠᠷ ᠤᠳᠠᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2019-04-18
      ᠤᠶᠢᠷ᠎ᠠ ᠳᠤ᠂ ᠲᠣᠭᠲᠠᠬᠤ ᠰᠢᠶᠠᠨ ᠤ ᠨᠠᠮ ᠤᠨ ᠬᠤᠷᠢᠶᠠᠨ ᠤ ᠱᠦᠵᠢ ᠭᠦᠸᠧ ᡁᠢ ᠭᠠᠩ ᠪᠥᠬᠦ ᠰᠢᠶᠠᠨ ᠤ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠤᠨ ᠤᠳᠤᠷᠢᠳᠬᠤ ᠳᠤᠭᠤᠢᠯᠠᠩ ᠤᠨ 2019 ᠣᠨ ᠤ 2 ᠳ᠋ᠤᠭᠠᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ ᠯᠢ ᠴᠦᠨ ᠶᠠᠨ᠂ ᠰᠦᠨ ᠰᠢᠶᠦ᠋ᠨ ᠵᠡᠷᠭᠡ ᠭᠠᠵᠠᠷ ᠤᠨ ᠲᠠᠰ ᠤᠨ ᠬᠤᠯᠪᠣᠭᠳᠠᠯ ᠪᠦᠬᠦᠢ ᠤᠳᠤᠷᠢᠳᠤᠯᠭ᠎ᠠ ᠬᠤᠷᠠᠯ ᠳᠤ ᠣᠷᠣᠯᠴᠠᠵᠤ᠂ ᠡᠯ᠎ᠡ ᠪᠠᠯᠭᠠᠰᠤ᠂ ᠾᠧ ᠺᠸᠦ ᠶᠢᠨ ᠬᠠᠮᠢᠶᠠᠷᠤᠯᠲᠠ ᠶᠢᠨ ᠵᠥᠪᠯᠡᠯ᠂ ᠡᠯ᠎ᠡ ᠬᠤᠯᠪᠣᠭᠳᠠᠯ ᠪᠦᠬᠦᠢ ᠨᠢᠭᠡᠴᠢ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ᠂ ᠲᠣᠭᠲᠠᠬᠤ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠾᠧᠦ ᠯᠢᠨ ᠹᠧᠩ ᠥᠪᠡᠷᠲᠡᠭᠡᠨ ᠵᠠᠰᠠᠬᠤ ᠣᠷᠣᠨ ᠤ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠤᠨ ᠱᠠᠯᠠᠪᠳᠠᠭᠤᠯᠤᠨ ᠵᠢᠯᠣᠭᠤᠳᠬᠤ ᠳᠤᠭᠤᠢᠯᠠᠩ ᠤᠨ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠢᠵᠢᠷᠠᠭᠤᠯᠬᠤ ᠠᠵᠢᠯ ᠤᠨ ᠠᠬᠢᠯᠲᠠ ᠶᠢᠨ ᠪᠠᠶᠢᠳᠠᠯ ᠢ ᠬᠠᠷᠢᠭᠤ ᠮᠡᠳᠡᠭᠦᠯᠪᠡ︔ ᠲᠣᠭᠲᠠᠬᠤ ᠰᠢᠶᠠᠨ ᠤ ᠰᠠᠬᠢᠯᠭ᠎ᠠ ᠪᠠᠲᠤ ᠪᠠᠢᠴᠠᠭᠠᠬᠤ ᠬᠤᠷᠢᠶ᠎ᠠ ᠶᠢᠨ ᠬᠢᠨᠠᠨ ᠪᠠᠢᠴᠠᠭᠠᠬᠤ ᠵᠥᠪᠯᠡᠯ᠂ ᠰᠢᠶᠠᠨ ᠤ ᠨᠠᠮ ᠤᠨ ᠬᠤᠷᠢᠶᠠᠨ ᠤ ᠵᠣᠬᠢᠶᠠᠨ ᠪᠠᠢᠭᠤᠯᠬᠤ ᠬᠡᠯᠲᠡᠰ᠂ ᠰᠢᠶᠠᠨ ᠤ ᠠᠷᠠᠳ ᠤᠨ ᠰᠢᠭᠦᠬᠦ ᠬᠤᠷᠢᠶ᠎ᠠ᠂ ᠪᠠᠢᠴᠠᠭᠠᠬᠤ ᠬᠤᠷᠢᠶ᠎ᠠ᠂ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠬᠠᠷᠢᠭᠤᠴᠠᠯᠭᠠᠲᠠᠨ ᠲᠤᠰ ᠲᠤᠰ ᠤᠨ ᠡᠭᠦᠷᠭᠡᠯᠡᠵᠦ ᠪᠠᠶᠢᠭ᠎ᠠ ᠴᠡᠭᠴᠡᠯᠡᠨ ᠥᠭᠡᠷᠡᠴᠢᠯᠡᠬᠦ ᠡᠭᠦᠷᠭᠡ ᠶᠢᠨ ᠠᠬᠢᠯᠲᠠ ᠶᠢᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠬᠢᠪᠡ᠃ ᠬᠤᠷᠠᠯ ᠠᠴᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠠᠴᠠ ᠣᠨᠴᠠᠯᠢᠭ ᠲᠠᠢ ᠨᠡᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ ᠂ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ︽ᠬᠠᠤᠯᠢ ᠶᠣᠰᠣᠭᠠᠷ ᠴᠢᠩᠭ᠎ᠠ ᠴᠣᠬᠢᠯᠲᠠ ᠥᠭᠬᠦ︾᠂ ︽ᠰᠢᠬᠦᠷ ᠢ ᠴᠣᠬᠢᠵᠤ ᠲᠣᠣᠷ ᠢ ᠡᠪᠳᠡᠬᠦ︾᠂ ︽ᠡᠳ᠋ ᠮᠥᠩᠭᠦ ᠶᠢ ᠲᠡᠮᠡᠴᠡᠨ ᠴᠢᠰᠤ ᠤᠷᠤᠰᠬᠠᠬᠤ︾᠂ ︽ᠬᠠᠷᠢᠭᠤᠴᠠᠯᠭ᠎ᠠ ᠡᠭᠦᠷᠭᠡᠯᠡᠬᠦ︾ ᠵᠡᠷᠭᠡ ᠭᠤᠣᠯᠳᠠᠯᠭ᠎ᠠ ᠲᠠᠢ ᠬᠦᠴᠢᠷ ᠠᠰᠠᠭᠤᠳᠠᠯ ᠢ ᠴᠢᠩᠭ᠎ᠠ ᠠᠩᠬᠠᠷᠴᠤ᠂ ᠲᠤᠰ ᠭᠠᠵᠠᠷ ᠣᠷᠣᠨ᠂ ᠲᠤᠰ ᠰᠠᠯᠠᠭ᠎ᠠ ᠮᠥᠴᠢᠷ ᠤᠨ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ᠂ ᠡᠯ᠎ᠡ ᠪᠠᠯᠭᠠᠰᠤ᠂ ᠾᠧ ᠺᠸᠤ ᠬᠠᠮᠢᠶᠠᠷᠤᠯᠲᠠ ᠶᠢᠨ ᠵᠥᠪᠯᠡᠯ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠲᠥᠪ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ ᠶᠢᠨ ᠨᠢᠭᠡᠳᠦᠯᠲᠡᠢ ᠳᠤ ᠪᠠᠶᠢᠷᠢᠯᠠᠭᠤᠯᠤᠯᠲᠠ ᠶᠣᠰᠣᠭᠠᠷ ᠭᠤᠣᠯᠳᠠᠯᠭ᠎ᠠ ᠶᠢ ᠲᠣᠪᠦ᠋ᠯᠭᠠᠨ᠂ ᠤᠨᠢᠨ ᠳᠡᠭᠡᠷ᠎ᠡ ᠨᠢ ᠬᠦᠴᠦᠯᠡᠵᠦ᠂ ᠬᠠᠷᠠᠯᠲᠠ ᠶᠢᠨ ᠲᠣᠭᠤᠷᠢᠨ ᠳᠤ ᠤᠯᠠᠨ ᠲᠦᠮᠡᠨ ᠤ ᠲᠤᠰᠬᠠᠯ ᠢᠶᠠᠷ ᠬᠠᠮᠤᠭ ᠤᠨ ᠴᠢᠩᠭ᠎ᠠ᠂ ᠬᠠᠮᠤᠭ ᠤᠨ ᠬᠠᠷᠭᠢᠰ ᠬᠡᠷᠴᠡᠭᠡᠢ ᠡᠯ᠎ᠡ ᠲᠥᠷᠥᠯ ᠤᠨ ᠬᠠᠷ᠎ᠠ ᠬᠠᠷᠭᠢᠰ ᠬᠦᠴᠦᠨ ᠳᠤ ᠴᠢᠩᠭ᠎ᠠ ᠴᠣᠬᠢᠯᠲᠠ ᠥᠭᠴᠦ᠂ ᠬᠠᠷ᠎ᠠ ᠬᠠᠷᠭᠢᠰ ᠬᠦᠴᠦᠨ ᠤ ᠣᠮᠤᠭ ᠰᠦᠷ ᠢ ᠡᠷᠡᠰ ᠳᠠᠷᠤᠵᠤ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠦᠭᠡᠢ ᠨᠡᠮᠡᠭᠳᠡᠭᠦᠯᠬᠦ ᠬᠡᠷᠡᠭᠲᠡᠢ ᠭᠡᠵᠦ  ᠴᠢᠬᠤᠯᠠᠴᠢᠯᠠᠪᠠ᠃ ᠰᠢᠶᠠᠨ ᠤ ᠰᠠᠬᠢᠯᠭ᠎ᠠ ᠪᠠᠲᠤ ᠪᠠᠢᠴᠠᠭᠠᠬᠤ ᠬᠤᠷᠢᠶ᠎ᠠ ᠶᠢᠨ ᠬᠢᠨᠠᠨ ᠪᠠᠢᠴᠠᠭᠠᠬᠤ ᠵᠥᠪᠯᠡᠯ᠂ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ᠂ ᠰᠢᠭᠦᠬᠦ ᠬᠤᠷᠢᠶ᠎ᠠ᠂ ᠪᠠᠢᠴᠠᠭᠠᠬᠤ ᠬᠤᠷᠢᠶ᠎ᠠ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ᠂ ᠬᠠᠷ᠎ᠠ ᠪᠦᠯᠦᠭᠲᠡᠨ ᠢ ᠠᠷᠢᠯᠭᠠᠬᠤ ᠠᠯᠪᠠᠨ ᠭᠡᠷ ᠵᠠᠪᠠᠯ ᠮᠥᠷᠳᠡᠨ ᠱᠠᠯᠠᠪᠳᠠᠭᠤᠯᠤᠨ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠵᠤ᠂ ᠶᠡᠷᠦᠩᠬᠡᠶᠢᠯᠡᠨ ᠵᠣᠬᠢᠴᠠᠭᠤᠯᠬᠤ᠂ ᠱᠠᠯᠠᠪᠳᠠᠭᠤᠯᠤᠨ ᠵᠢᠯᠣᠭᠤᠳᠬᠤ᠂ ᠪᠠᠶᠢᠴᠠᠭᠠᠵᠤ ᠬᠢᠨᠠᠨ ᠰᠢᠯᠭᠠᠬᠤ᠂ ᠪᠣᠳᠠᠲᠠᠢ ᠠᠬᠢᠭᠤᠯᠬᠤ ᠦᠢᠯᠡᠳᠦᠯ ᠢᠶᠠᠨ ᠰᠠᠶᠢᠲᠤᠷ ᠪᠠᠳᠠᠷᠠᠭᠤᠯᠬᠤ ᠬᠡᠷᠡᠭᠲᠡᠢ᠃ ᠤᠬᠠᠭᠤᠯᠭ᠎ᠠ ᠬᠢᠵᠦ ᠬᠥᠲᠥᠯᠥᠨ ᠵᠢᠯᠣᠭᠤᠳᠬᠤ ᠶᠢ ᠤᠯᠠᠮ ᠨᠢᠭᠡ ᠠᠯᠬᠤᠮ ᠴᠢᠩᠭᠠᠳᠬᠠᠵᠤ᠂ ᠨᠡᠶᠢᠲᠡᠯᠢᠭ ᠬᠡᠷᠡᠭ ᠤᠨ ᠵᠢᠱᠢᠶ᠎ᠡ ᠶᠢ ᠲᠥᠪᠯᠡᠷᠡᠭᠦᠯᠦᠨ ᠨᠡᠶᠢᠲᠡᠯᠡᠵᠦ᠂ ᠲᠤᠰᠬᠠᠶ ᠲᠡᠮᠡᠴᠡᠯ ᠤᠨ ᠣᠯᠤᠭᠰᠠᠨ ᠴᠢᠬᠤᠯᠠ ᠶᠡᠭᠡ ᠦᠷ᠎ᠡ ᠪᠦᠲᠦᠭᠡᠯ ᠢ ᠤᠯᠠᠨ ᠠᠷᠭ᠎ᠠ ᠵᠠᠮ ᠢᠶᠠᠷ ᠮᠡᠳᠡᠭᠡᠯᠡᠵᠦ᠂ ᠶᠠᠷᠢᠶ᠎ᠠ ᠬᠡᠯᠡᠯᠴᠡᠭᠡᠨ ᠤ ᠭᠦᠨ ᠵᠤᠵᠠᠭᠠᠨ ᠠᠭᠤᠷ ᠠᠮᠢᠰᠬᠤᠯ ᠢ ᠬᠦᠴᠦᠯᠡᠨ ᠪᠣᠶ ᠪᠣᠯᠭᠠᠬᠤ ᠬᠡᠷᠡᠭᠲᠡᠶ᠃ ᠢᠯᠡᠴᠢᠯᠡᠨ ᠮᠡᠳᠡᠭᠦᠯᠦᠭᠰᠡᠳ ᠢ ᠱᠠᠩᠨᠠᠬᠤ ᠳᠦᠷᠢᠮ ᠢ ᠲᠠᠰᠤᠷᠠᠯᠲᠠ ᠦᠭᠡᠢ ᠲᠡᠭᠦᠯᠳᠡᠷᠵᠢᠭᠦᠯᠦᠨ ᠨᠠᠢᠳᠠᠪᠤᠷᠢᠵᠢᠭᠤᠯᠬᠤ᠂ ᠥᠷᠭᠡᠨ ᠤᠯᠠᠨ ᠺᠠᠳ᠋ᠷ ᠤᠯᠠᠨ ᠲᠦᠮᠡᠨ ᠤ ᠲᠤᠰᠬᠠᠶ ᠲᠡᠮᠡᠴᠡᠯ ᠳᠤ ᠣᠷᠣᠯᠴᠠᠬᠤ ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠶ᠃ ᠶᠡᠷᠦᠩᠬᠡᠶᠢᠯᠡᠭᠰᠡᠨ ᠠᠷᠭ᠎ᠠ ᠪᠣᠳᠣᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠶᠡᠷᠦᠩᠬᠡᠶᠢᠯᠡᠨ ᠵᠠᠰᠠᠬᠤ᠂ ᠡᠬᠢ ᠡᠭᠦᠰᠦᠯ ᠠᠴᠠ ᠨᠢ ᠵᠠᠰᠠᠬᠤ ᠶᠢ ᠠᠬᠢᠭᠤᠯᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠤ ᠡᠭᠦᠰᠬᠦ ᠬᠥᠷᠥᠰᠥ ᠰᠢᠷᠣᠢ ᠶᠢ ᠬᠦᠴᠦᠯᠡᠨ ᠠᠷᠢᠯᠭᠠᠬᠤ ᠬᠡᠷᠡᠭᠲᠡᠢ︔ ᠲᠤᠰᠬᠠᠶ ᠲᠡᠮᠡᠴᠡᠯ ᠢᠶᠠᠷ ᠬᠥᠲᠥᠯᠦᠮᠵᠢ ᠪᠣᠯᠭᠠᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠠᠵᠢᠯ ᠤᠨ ᠲᠠᠰᠤᠷᠠᠯᠲᠠ ᠥᠬᠡᠶ ᠭᠦᠨᠵᠡᠭᠡᠶᠢᠷᠡᠨ ᠬᠥᠭᠵᠢᠬᠦ ᠶᠢ ᠠᠬᠢᠭᠤᠯᠬᠤ ᠬᠡᠷᠡᠭᠲᠡᠶ ᠭᠡᠵᠦ ᠱᠠᠭᠠᠷᠳᠠᠪᠠ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1