ᠲᠤᠭᠳᠠᠬᠤ ᠰᠢᠶᠠᠨ ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2019-04-18
      4 ᠰᠠᠷ᠎ᠠ ᠶᠢᠨ 15 ᠤ ᠡᠳᠦᠷ ᠪᠣᠯ ᠮᠠᠨ ᠤ ᠤᠯᠤᠰ ᠠᠴᠠ ᠳᠥᠷᠪᠡᠳᠦᠭᠡᠷ ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠪᠣᠯᠤᠨ᠎ᠠ᠃ ᠡᠨᠡ ᠡᠳᠦᠷ᠂ ᠲᠤᠭᠳᠠᠬᠤ ᠰᠢᠶᠠᠨ ᠤ ᠶᠦᠨ ᠵᠦᠩ ᠰᠣᠶᠣᠯ ᠤᠨ ᠣᠷᠳᠣᠨ ᠤ ᠠᠭᠤᠳᠠᠮ ᠲᠠᠯᠠᠪᠠᠢ ᠳᠤ ︽ᠤᠯᠤᠰ ‍ᠤᠨ‌ᠠᠮᠤᠷ ᠲᠦᠪᠰᠢᠨ ᠢ ᠤᠬᠠᠮᠰᠠᠷ‌ᠡᠴᠡ ᠪᠠᠨ ᠴᠢᠩᠭᠠᠳᠬᠠᠵᠤ᠂ ᠤᠯᠤᠰ ᠤᠨ ᠥᠨᠢ ᠤᠳᠠᠭᠠᠨ ᠠᠮᠤᠷ ᠲᠦᠪᠰᠢᠨ ᠢ ᠪᠠᠲᠤᠯᠠᠬᠤ︾ ᠭᠤᠣᠯ ᠰᠡᠳᠦᠪ ᠪᠣᠯᠭᠠᠭᠰᠠᠨ ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠡᠢ᠃      ᠲᠤᠭᠳᠠᠬᠤ ᠰᠢᠶᠠᠨ ᠤ ᠤᠳᠤᠷᠢᠳᠤᠯᠭ᠎ᠠ ᠭᠦᠸᠧ ᠮᠧᠢ ᠲᠣᠤ᠂ ᠾᠧᠦ ᠯᠢᠨ ᠹᠧᠩ᠂ ᠸᠧᠢ ᠰᠢᠶᠣᠤ ᠳ᠋ᠦᠩ ᠠᠵᠢᠯᠯᠠᠭ᠎ᠠ ᠳᠤ ᠣᠷᠣᠯᠴᠠᠵᠠᠢ᠃ ᠠᠵᠢᠯᠯᠠᠭ᠎ᠠ ᠶᠢᠨ ᠳᠤᠮᠳᠠ ᠰᠢᠶᠠᠨ ᠤ ᠨᠠᠮ ᠤᠨ ᠬᠤᠷᠢᠶᠠᠨ ᠤ ᠠᠯᠪᠠᠨ ᠭᠡᠷ᠂ ᠤᠬᠠᠭᠤᠯᠬᠤ ᠬᠡᠯᠲᠡᠰ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ᠂ ᠰᠢᠶᠠᠨ ᠤ ᠤᠯᠤᠰ ᠤᠨ ᠨᠢᠭᠤᠴᠠ ᠶᠢ ᠬᠠᠮᠠᠭᠠᠯᠠᠬᠤ ᠲᠣᠪᠴᠢᠶ᠎ᠠ᠂ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ ᠵᠡᠷᠭᠡ ᠠᠷᠪᠠ ᠭᠠᠷᠤᠶ ᠨᠢᠭᠡᠴᠡ ᠶᠢᠨ ᠠᠵᠢᠯᠲᠠᠳ ᠦᠵᠡᠭᠦᠯᠦᠯᠭᠡ ᠶᠢᠨ ᠰᠠᠮᠪᠠᠷ᠎ᠠ ᠲᠠᠯᠪᠢᠬᠤ᠂ ᠡᠯᠭᠦᠭᠡ ᠪᠢᠴᠢᠭᠡᠰᠦ ᠲᠠᠯᠪᠢᠬᠤ᠂ ᠷᠠᠳᠢᠣ᠋ ᠨᠡᠪᠲᠡᠷᠡᠭᠦᠯᠭᠡ ᠨᠡᠪᠲᠡᠷᠡᠭᠦᠯᠬᠦ᠂ ᠵᠥᠪᠯᠡᠯᠭᠡ ᠥᠭᠬᠦ ᠲᠠᠪᠴᠠᠩ ᠭᠠᠷᠭᠠᠬᠤ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠭᠡ ᠠᠷᠭ᠎ᠠ ᠬᠡᠯᠪᠡᠷᠢ ᠪᠠᠷ ᠨᠠᠰᠢ ᠴᠠᠰᠢ ᠶᠠᠪᠤᠵᠤ ᠪᠠᠶᠢᠭ᠎ᠠ ᠣᠯᠠᠨ ᠲᠦᠮᠡᠨ ᠳᠤ ︽ᠤᠯᠤᠰ ᠤᠨ ᠠᠮᠤᠷ ᠲᠦᠪᠰᠢᠨ ᠤ ᠬᠠᠤᠯᠢ︾᠂ ︽ᠲᠠᠩᠨᠠᠭᠤᠯ ᠢ ᠡᠰᠡᠷᠭᠦᠴᠡᠬᠦ ᠬᠠᠤᠯᠢ︾᠂ ︽ᠰᠦᠯᠵᠢᠶᠡᠨ ᠤ ᠠᠮᠤᠷ ᠲᠦᠪᠰᠢᠨ ᠤ ᠬᠠᠤᠯᠢ︾ ᠵᠡᠷᠭᠡ ᠤᠯᠤᠰ ᠤᠨ ᠠᠮᠤᠷ ᠲᠦᠪᠰᠢᠨ ᠤ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ᠂ ᠤᠯᠤᠰ ᠤᠨ ᠨᠢᠭᠤᠴᠠ ᠶᠢ ᠬᠠᠮᠠᠭᠠᠯᠠᠬᠤ ᠬᠤᠯᠪᠣᠭᠳᠠᠯ ᠪᠦᠬᠦᠢ ᠬᠠᠤᠯᠢ ᠴᠠᠭᠠᠵᠠ ᠶᠢᠨ ᠲᠣᠭᠲᠠᠭᠠᠯ ᠢ ᠤᠬᠠᠭᠤᠯᠤᠨ ᠲᠦᠭᠡᠮᠡᠯᠵᠢᠭᠦᠯᠵᠦ᠂ ᠠᠷᠠᠳ ᠣᠯᠠᠨ ᠤ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠪᠠ᠃      ᠲᠤᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠨᠢ ᠨᠡᠶᠢᠲᠡ 3000 ᠭᠠᠷᠤᠶ ᠬᠤᠪᠢ ᠡᠯ᠎ᠡ ᠲᠥᠷᠥᠯ ᠤᠨ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠠᠷᠠᠳ ᠣᠯᠠᠨ ᠤ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠮᠡᠳᠡᠯᠭᠡ ᠶᠢᠨ ᠲᠤᠬᠠᠢ ᠣᠶᠢᠯᠠᠭᠠᠯᠲᠠ ᠶᠢ ᠭᠦᠨᠵᠡᠭᠡᠶᠢᠷᠡᠭᠦᠯᠵᠦ᠂ ︽ᠤᠯᠤᠰ ᠤᠨ ᠠᠮᠤᠷ ᠲᠦᠪᠰᠢᠨ ᠳᠤ ᠬᠥᠮᠥᠨ ᠪᠦᠬᠦᠨ ᠬᠠᠷᠢᠭᠤᠴᠠᠯᠭ᠎ᠠ ᠲᠠᠢ︾ ᠪᠠᠶᠢᠬᠤ ᠰᠠᠢᠨ ᠰᠠᠢᠬᠠᠨ ᠠᠭᠤᠷ ᠠᠮᠢᠰᠬᠤᠯ ᠢ ᠪᠤᠢ ᠪᠣᠯᠭᠠᠭᠰᠠᠨ ᠪᠠᠢᠨ᠎ᠠ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1