ᠲᠣᠭᠲᠠᠬᠤ ᠰᠢᠶᠠᠨ ᠤ ᠱᠤᠸᠠᠩ ᠾᠧ ᠪᠠᠯᠭᠠᠰᠤ ᠨᠡᠭᠦᠷᠡᠰᠦ ᠲᠡᠭᠡᠭᠡᠪᠦᠷᠢᠯᠡᠬᠦ ᠲᠤᠰᠬᠠᠢ ᠱᠤᠭᠤᠮ ᠤᠨ ᠣᠷᠴᠢᠨ ᠲᠣᠭᠤᠷᠢᠨ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠵᠦ ᠬᠥᠳᠡᠭᠡ ᠲᠣᠰᠬᠤᠨ ᠤ ᠰᠠᠭᠤᠭᠠᠯᠢ ᠠᠷᠠᠳ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠪᠦᠬᠦ ᠬᠦᠴᠦᠨ ᠢᠶᠠᠷ  ᠢᠶᠠᠨ ᠰᠠᠶᠢᠵᠢᠷᠠᠭᠤᠯᠪᠠ
ᠨᠡᠶᠢᠲᠡᠯᠡᠭᠰᠡᠨ ᠴᠠᠭ᠄
2019-04-19
      ᠲᠣᠭᠲᠠᠬᠤ ᠰᠢᠶᠠᠨ ᠤ ᠱᠤᠸᠠᠩ ᠾᠧ ᠪᠠᠯᠭᠠᠰᠤ ᠨᠡᠭᠦᠷᠡᠰᠦ ᠲᠡᠭᠡᠭᠡᠪᠦᠷᠢᠯᠡᠬᠦ ᠲᠤᠰᠬᠠᠢ ᠱᠤᠭᠤᠮ ᠤᠨ ᠣᠷᠴᠢᠨ ᠲᠣᠭᠤᠷᠢᠨ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠵᠦ ᠬᠥᠳᠡᠭᠡ ᠲᠣᠰᠬᠤᠨ ᠤ ᠰᠠᠭᠤᠭᠠᠯᠢ ᠠᠷᠠᠳ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠪᠦᠬᠦ ᠬᠦᠴᠦᠨ ᠢᠶᠠᠷ ᠢᠶᠠᠨ ᠰᠠᠶᠢᠵᠢᠷᠠᠭᠤᠯᠪᠠ     ᠤᠶᠢᠷ᠎ᠠ ᠳᠤ᠂ ᠲᠣᠭᠲᠠᠬᠤ ᠰᠢᠶᠠᠨ ᠤ ᠱᠤᠸᠠᠩ ᠾᠧ ᠪᠠᠯᠭᠠᠰᠤ ᠵᠠᠭᠤ ᠭᠠᠷᠤᠢ ᠠᠵᠢᠯᠲᠠᠨ ᠢ ᠵᠣᠬᠢᠶᠠᠨ ᠪᠠᠢᠭᠤᠯᠵᠤ ᠨᠡᠭᠦᠷᠡᠰᠦ ᠲᠡᠭᠡᠭᠡᠪᠦᠷᠢᠯᠡᠬᠦ ᠲᠤᠰᠬᠠᠢ ᠱᠤᠭᠤᠮ ᠤᠨ ᠣᠷᠴᠢᠨ ᠲᠣᠭᠤᠷᠢᠨ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠨᠢᠭᠡ ᠰᠠᠷ᠎ᠠ ᠶᠢᠨ ᠬᠤᠭᠤᠴᠠᠭ᠎ᠠ ᠲᠠᠢ ᠥᠷᠨᠢᠭᠦᠯᠵᠦ᠂ ᠵᠠᠮ ᠳᠠᠭᠠᠤ ᠵᠢᠵᠢᠭ ᠲᠠᠷᠠᠬᠠᠢ ᠪᠣᠬᠢᠷᠲᠤᠯ᠂ ᠠᠮᠢᠳᠤᠷᠠᠯ ᠤᠨ ᠬᠤᠭ ᠨᠣᠪᠰᠢ ᠣᠪᠣᠭᠠᠯᠠᠬᠤ᠂ ᠲᠠᠷᠢᠶᠠᠯᠠᠩ ᠤᠨ ᠬᠠᠶᠠᠭᠳᠠᠮᠠᠯ ᠪᠣᠳᠠᠰ ᠵᠡᠷᠭᠡ ᠶᠢ ᠭᠤᠣᠯᠳᠠᠯᠭ᠎ᠠ ᠲᠠᠢ ᠴᠡᠭᠴᠡᠯᠡᠨ ᠵᠠᠰᠠᠪᠠ᠃ ᠴᠡᠭᠴᠡᠯᠡᠨ ᠵᠠᠰᠠᠬᠤ ᠠᠵᠢᠯ ᠢ ᠥᠷᠨᠢᠭᠦᠯᠦᠭᠰᠡᠨ ᠠᠴᠠ ᠨᠠᠰᠢ᠂ ᠢᠯᠡᠳᠲᠡ ᠦᠷ᠎ᠡ ᠪᠦᠲᠦᠮᠵᠢ ᠣᠯᠵᠤ᠂ ᠵᠠᠮ ᠳᠠᠭᠠᠤ ᠶᠢᠨ ᠣᠯᠠᠨ ᠲᠦᠮᠡᠨ ᠳᠤ ᠭᠦᠨ ᠮᠡᠳᠡᠷᠡᠭᠳᠡᠪᠡ᠃      ᠤᠶᠢᠷ᠎ᠠ ᠶᠢᠨ ᠵᠢᠯ ᠠᠴᠠ᠂ ᠲᠣᠭᠲᠠᠬᠤ ᠰᠢᠶᠠᠨ ᠤ ᠱᠤᠸᠠᠩ ᠾᠧ ᠪᠠᠯᠭᠠᠰᠤ ᠶᠢᠨ ᠬᠢᠨ ᠰᠠᠭᠤᠭᠠᠯᠢ ᠠᠷᠠᠳ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠴᠢᠬᠤᠯᠠ ᠭᠠᠷᠳᠠᠴᠠ ᠪᠣᠯᠭᠠᠵᠤ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠠᠵᠢᠯ ᠤᠨ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠰᠡᠳᠬᠢᠯᠭᠡ ᠪᠠ ᠲᠤᠯᠭᠠᠮ᠎ᠠ ᠰᠡᠳᠬᠢᠯᠭᠡ ᠪᠠᠨ ᠴᠢᠩᠭᠠᠳᠬᠠᠵᠤ᠂ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠢᠭᠤᠯᠵᠤ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠪᠦᠬᠦ ᠲᠠᠯ᠎ᠠ ᠪᠠᠷ ᠴᠡᠭᠴᠡᠯᠡᠨ ᠵᠠᠰᠠᠬᠤ ᠠᠵᠢᠯ ᠢ ᠪᠦᠬᠦ ᠲᠠᠯ᠎ᠠ ᠪᠠᠷ ᠥᠷᠨᠢᠭᠦᠯᠵᠡᠢ᠃      ᠳᠠᠷᠠᠭᠠᠴᠢ ᠶᠢᠨ ᠱᠠᠲᠤᠨ ᠳᠤ᠂ ᠱᠤᠸᠠᠩ ᠾᠧ ᠪᠠᠯᠭᠠᠰᠤ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠲᠣᠭᠤᠷᠢᠨ ᠤ ︽ᠪᠤᠵᠠᠷ ᠰᠠᠮᠠᠭᠤᠨ ᠠᠨᠠᠢ︾ ᠵᠡᠷᠭᠡ ᠲᠣᠪᠦ᠋ᠮ᠎ᠠ ᠠᠰᠠᠭᠤᠳᠠᠯ ᠢ ᠰᠢᠢᠳᠪᠦᠷᠢᠯᠡᠬᠦ ᠪᠠᠷ ᠭᠤᠣᠯᠳᠠᠯᠭ᠎ᠠ ᠪᠣᠯᠭᠠᠵᠤ᠂ ᠬᠥᠳᠡᠭᠡ ᠲᠣᠰᠬᠤᠨ ᠤ ᠬᠤᠭ ᠨᠣᠪᠰᠢ᠂ ᠵᠣᠷᠯᠣᠩ ᠤᠨ ᠪᠣᠬᠢᠷᠲᠤᠯ ᠪᠣᠯᠤᠨ ᠲᠣᠰᠬᠤᠨ ᠤ ᠳᠦᠷᠰᠦ ᠪᠠᠢᠳᠠᠯ ᠵᠡᠷᠭᠡ ᠠᠰᠠᠭᠤᠳᠠᠯ ᠢ ᠴᠡᠭᠴᠡᠯᠡᠨ ᠵᠠᠰᠠᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠪᠦᠬᠦ ᠬᠦᠴᠦᠨ ᠢᠶᠠᠷ ᠢᠶᠠᠨ ᠰᠠᠶᠢᠵᠢᠷᠠᠭᠤᠯᠤᠨ᠎ᠠ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1