ᠲᠤᠭᠳᠠᠬᠤ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ ᠪᠠᠭ᠎ᠠ ᠰᠤᠷᠭᠠᠭᠤᠯᠢ ᠶᠢᠨ ᠥᠨᠳᠥᠷ ᠪᠦᠲᠦᠮᠵᠢᠲᠡᠢ ᠬᠢᠴᠢᠶᠡᠯ ᠤᠨ ᠲᠢᠩᠬᠢᠮ ᠤᠨ ᠪᠣᠯᠪᠠᠰᠤᠷᠠᠯ ᠢ ᠰᠤᠳᠤᠯᠤᠨ ᠶᠠᠷᠢᠯᠴᠠᠬᠤ ᠰᠢᠷᠢᠰ ᠠᠵᠢᠯᠯᠠᠭ᠎ᠠ ᠡᠷᠬᠢᠯᠡᠪᠡ
ᠨᠡᠶᠢᠲᠡᠯᠡᠭᠰᠡᠨ ᠴᠠᠭ᠄
2019-04-19
      ᠲᠤᠭᠳᠠᠬᠤ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ ᠪᠠᠭ᠎ᠠ ᠰᠤᠷᠭᠠᠭᠤᠯᠢ ᠶᠢᠨ ᠥᠨᠳᠥᠷ ᠪᠦᠲᠦᠮᠵᠢᠲᠡᠢ ᠬᠢᠴᠢᠶᠡᠯ ᠤᠨ ᠲᠢᠩᠬᠢᠮ ᠤᠨ ᠪᠣᠯᠪᠠᠰᠤᠷᠠᠯ ᠢ ᠰᠤᠳᠤᠯᠤᠨ ᠶᠠᠷᠢᠯᠴᠠᠬᠤ ᠰᠢᠷᠢᠰ ᠠᠵᠢᠯᠯᠠᠭ᠎ᠠ ᠡᠷᠬᠢᠯᠡᠪᠡ    ᠪᠥᠬᠦ ᠰᠢᠶᠠᠨ ᠤ ᠪᠠᠭ᠎ᠠ ᠰᠤᠷᠭᠠᠭᠤᠯᠢ ᠶᠢᠨ ᠪᠠᠭᠰᠢ ᠶᠢᠨ ᠵᠢᠭᠠᠬᠤ ᠮᠠᠲ᠋ᠧᠷᠢᠶᠠᠯ ᠢ ᠡᠵᠡᠮᠳᠡᠬᠦ᠂ ᠬᠢᠴᠢᠶᠡᠯ ᠤᠨ ᠲᠢᠩᠬᠢᠮ ᠢ ᠡᠵᠡᠮᠳᠡᠬᠦ ᠴᠢᠳᠠᠪᠤᠷᠢ ᠶᠢ ᠳᠡᠭᠡᠭᠰᠢᠯᠡᠭᠦᠯᠵᠦ᠂ ᠬᠢᠴᠢᠶᠡᠯ ᠤᠨ ᠲᠢᠩᠬᠢᠮ ᠤᠨ ᠵᠢᠭᠠᠨ ᠰᠤᠷᠭᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠪᠠᠭ᠎ᠠ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠶᠠᠰᠤ ᠴᠢᠨᠠᠷ ᠢ ᠯᠠᠪᠳᠠᠭᠤᠨ ᠢᠶᠠᠷ ᠲᠡᠭᠡᠭᠰᠢᠯᠡᠭᠦᠯᠬᠦ ᠶᠢᠨ ᠲᠦᠯᠦᠭᠡ ᠲᠤᠭᠳᠠᠬᠤ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ 4 ᠳ᠋ᠤᠭᠡᠷ ᠰᠠᠷ᠎ᠠ ᠳᠤ ᠪᠦᠬᠦ ᠰᠢᠶᠠᠨ ᠤ ᠪᠠᠭ᠎ᠠ ᠰᠤᠷᠭᠠᠭᠤᠯᠢ ᠶᠢᠨ ᠥᠨᠳᠥᠷ ᠪᠦᠲᠦᠮᠵᠢᠲᠡᠶ ᠬᠢᠴᠢᠶᠡᠯ ᠤᠨ ᠲᠢᠩᠬᠢᠮ ᠤᠨ ᠪᠣᠯᠪᠠᠰᠤᠷᠠᠯ ᠢ ᠰᠤᠳᠤᠯᠤᠨ ᠶᠠᠷᠢᠯᠴᠠᠬᠤ ᠰᠢᠷᠢᠰ ᠠᠵᠢᠯᠯᠠᠭ᠎ᠠ ᠡᠷᠬᠢᠯᠡᠵᠦ᠂ 4 ᠰᠠᠷ᠎ᠠ ᠶᠢᠨ 12 ᠤᠨ ᠡᠳᠦᠷ ᠠᠩᠬ᠎ᠠ ᠤᠳᠠᠭᠠᠨ ᠤ ᠠᠵᠢᠯᠯᠠᠭ᠎ᠠ - ᠪᠠᠭ᠎ᠠ ᠰᠤᠷᠭᠠᠭᠤᠯᠢ ᠶᠢᠨ ᠬᠡᠯᠡ ᠪᠢᠴᠢᠭ ᠤᠨ ᠲᠤᠰᠬᠠᠶ ᠲᠠᠯᠠᠪᠤᠷ ᠢ ᠦᠨᠳᠦᠰᠦᠲᠡᠨ ᠤ ᠪᠠᠭ᠎ᠠ ᠰᠤᠷᠭᠠᠭᠤᠯᠢ ᠳᠤ ᠠᠮᠵᠢᠯᠲᠠ ᠲᠠᠢ ᠡᠷᠬᠢᠯᠡᠵᠦ᠂ ᠲᠤᠰ ᠰᠢᠷᠢᠰ ᠠᠵᠢᠯᠯᠠᠭ᠎ᠠ ᠶᠢ ᠪᠦᠬᠦ ᠲᠠᠯ᠎ᠠ ᠪᠠᠷ ᠡᠬᠢᠯᠡᠭᠦᠯᠪᠡ᠃      ᠲᠤᠰ ᠤᠳᠠᠭᠠᠨ ᠤ ᠪᠣᠯᠪᠠᠰᠤᠷᠠᠯ ᠤᠨ ᠠᠵᠢᠯᠯᠠᠭ᠎ᠠ ᠨᠢ ᠮᠠᠨ ᠤ ᠰᠢᠶᠠᠨ ᠤ ᠬᠡᠯᠡ ᠪᠢᠴᠢᠭ ᠤᠨ ᠪᠠᠭᠰᠢᠨᠠᠷ ᠤᠨ ᠬᠠᠷᠠᠭ᠎ᠠ ᠪᠠᠨ ᠤᠯᠠᠮ ᠨᠢᠭᠡ ᠠᠯᠬᠤᠮ ᠥᠷᠭᠡᠳᠬᠡᠵᠦ᠂ ᠮᠡᠳᠡᠯᠭᠡ ᠪᠠᠨ ᠨᠡᠮᠡᠭᠳᠡᠭᠦᠯᠦᠨ᠂ ᠰᠡᠳᠬᠢᠬᠦᠶ ᠪᠠᠨ ᠬᠥᠭᠵᠢᠭᠡᠭᠰᠡᠨ ᠪᠣᠯᠬᠤᠷ ᠪᠠᠭ᠎ᠠ ᠰᠤᠷᠭᠠᠭᠤᠯᠢ ᠶᠢᠨ ᠬᠡᠯᠡ ᠪᠢᠴᠢᠭ ᠤᠨ ᠵᠢᠭᠠᠨ ᠰᠤᠷᠭᠠᠯᠲᠠ ᠶᠢᠨ ᠶᠠᠰᠤ ᠴᠢᠨᠠᠷ ᠢ ᠰᠢᠨ᠎ᠡ ᠳᠡᠭᠲᠡᠷ ᠲᠤ ᠭᠠᠷᠭᠠᠬᠤ ᠶᠢ ᠠᠬᠢᠭᠤᠯᠬᠤ ᠨᠢ ᠯᠠᠪᠲᠠᠶ ᠶᠤᠮ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1