ᠲᠥᠷᠥ ᠶᠢᠨ ᠶᠠᠪᠤᠳᠠᠯ ᠤᠨ ᠬᠤᠷᠢᠶᠠᠨ ᠤ ︽ᠢᠨᠲᠧᠷ ᠰᠦᠯᠵᠢᠶ᠎ᠡ + ᠰᠢᠮᠳᠠᠭᠤᠯᠤᠨ ᠪᠠᠢᠴᠠᠭᠠᠬᠤ︾ ᠲᠠᠪᠴᠠᠩ ᠲᠦᠷᠦᠭᠦᠬᠡᠨ ᠰᠦᠯᠵᠢᠶᠡᠨ ᠳᠡᠭᠡᠷᠡᠬᠢ ᠪᠠᠶᠢᠳᠠᠯ ᠢ ᠣᠶᠢᠯᠠᠭᠠᠵᠤ ᠰᠠᠨᠠᠭᠤᠯᠭ᠎ᠠ ᠶᠢ ᠰᠣᠨᠣᠰᠬᠤ ᠰᠦᠯᠵᠢᠶᠡᠨ ᠭᠠᠳᠠᠨᠠᠬᠢ ᠰᠢᠮᠳᠠᠭᠤᠯᠤᠨ ᠪᠠᠶᠢᠴᠠᠭᠠᠵᠤ ᠴᠡᠭᠴᠡᠯᠡᠨ ᠰᠠᠢᠵᠢᠷᠠᠭᠤᠯᠬᠤ ᠠᠵᠢᠯ ᠢ ᠨᠠᠶᠢᠳᠠᠪᠤᠷᠢᠵᠢᠭᠤᠯᠬᠤ ᠶᠢ ᠠᠬᠢᠭᠤᠯᠪᠠ
ᠨᠡᠶᠢᠲᠡᠯᠡᠭᠰᠡᠨ ᠴᠠᠭ᠄
2019-04-24
     ᠰᠢᠨᠬᠤᠸᠠ ᠬᠤᠷᠢᠶᠠᠨ ᠤ ᠪᠡᠭᠡᠵᠢᠩ ᠤᠨ 4 ᠰᠠᠷ᠎ᠠ ᠶᠢᠨ 22 ᠤᠨ ᠴᠠᠬᠢᠯᠭᠠᠨ ᠮᠡᠳᠡᠭᠡ ᠠᠴᠠ      ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠠᠬᠢᠭᠤᠯᠵᠤ᠂ ᠤᠯᠠᠨ ᠲᠦᠮᠡᠨ ᠤ ᠠᠩᠬᠠᠷᠤᠯ ᠲᠠᠯᠪᠢᠵᠤ‌‍ᠪᠠᠶᠢᠭ᠎ᠠ ᠠᠰᠠᠭᠤᠳᠠᠯ ᠳᠤ ᠳᠥᠭᠦᠮ ᠳᠥᠲᠡ ᠥᠨᠳᠥᠷ ᠪᠦᠲᠦᠮᠵᠢᠲᠡᠢ ᠬᠠᠷᠢᠭᠤᠯᠲᠠ ᠥᠭᠴᠦ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠶᠢᠨ ᠲᠥᠯᠥᠭᠡ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠲᠦᠷᠦᠭᠦᠬᠡᠨ ᠲᠥᠷᠥ ᠶᠢᠨ ᠶᠠᠪᠤᠳᠠᠯ ᠤᠨ ᠬᠤᠷᠢᠶᠠᠨ ᠤ ︽ᠢᠨᠲᠧᠷ ᠰᠦᠯᠵᠢᠶ᠎ᠡ + ᠰᠢᠮᠳᠠᠭᠤᠯᠤᠨ ᠪᠠᠢᠴᠠᠭᠠᠬᠤ︾ ᠲᠠᠪᠴᠠᠩ ᠢ ᠨᠡᠭᠡᠭᠡᠵᠦ᠂ ᠨᠡᠶᠢᠭᠡᠮ ᠠᠴᠠ ᠳᠥᠷᠪᠡᠨ ᠲᠠᠯ᠎ᠠ ᠶᠢᠨ ᠠᠰᠠᠭᠤᠳᠠᠯ ᠤᠨ ᠰᠦᠪᠡᠭᠴᠢ ᠪᠤᠶᠤ ᠰᠠᠨᠠᠯ ᠰᠠᠨᠠᠭᠤᠯᠭ᠎ᠠ ᠶᠢ ᠴᠤᠭᠯᠠᠭᠤᠯᠤᠨ᠎ᠠ᠄      ᠨᠢᠭᠡ ᠳᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠦᠬᠦᠢ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠣᠯᠤᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠦᠭᠡᠢ ᠪᠤᠶᠤ ᠲᠤᠯᠢᠪᠦᠷᠢᠳᠠᠢ ᠨᠠᠶᠢᠳᠠᠪᠤᠷᠢᠵᠢᠭᠤᠯᠤᠭᠰᠠᠨ ᠦᠭᠡᠢ ᠠᠰᠠᠭᠤᠳᠠᠯ ᠤᠨ ᠰᠦᠪᠡᠭᠴᠢ︔      ᠬᠤᠶᠠᠷ ᠲᠤ᠂ ᠵᠠᠰᠠᠭ ᠤᠨ ᠣᠷᠳᠣᠨ ᠵᠢᠴᠢ ᠲᠡᠭᠦᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠨᠢᠭᠡᠴᠢ ᠶᠢᠨ ᠡᠰᠡ ᠦᠢᠯᠡᠳᠬᠦᠢ᠂ ᠳᠤᠷ᠎ᠠ ᠪᠠᠷ ᠢᠶᠠᠨ ᠦᠢᠯᠡᠳᠬᠦᠢ ᠠᠰᠠᠭᠤᠳᠠᠯ ᠤᠨ ᠰᠦᠪᠡᠭᠴᠢ︔      ᠭᠤᠷᠪᠠ ᠳᠤ᠂ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢᠨ ᠵᠣᠬᠢᠴᠠᠩᠭᠤᠢ ᠪᠤᠰᠤ ᠢᠵᠢ ᠪᠦᠷᠢᠳᠦᠭᠰᠡᠨ ᠦᠭᠡᠢ ᠠᠴᠠ ᠪᠣᠯᠵᠤ ᠵᠠᠬ᠎ᠠ ᠳᠡᠯᠭᠡᠭᠦᠷ ᠤᠨ ᠭᠤᠣᠯ ᠴᠣᠭᠴᠠ ᠪᠠ ᠠᠷᠠᠳ ᠤᠯᠠᠨ ᠳᠤ ᠬᠦᠴᠢᠷᠳᠡᠯ ᠤᠴᠠᠷᠠᠭᠤᠯᠤᠭᠰᠠᠨ ᠠᠰᠠᠭᠤᠳᠠᠯ ᠤᠨ ᠰᠦᠪᠡᠭᠴᠢ︔      ᠳᠥᠷᠪᠡ ᠳᠤ᠂ ᠵᠠᠰᠠᠭ ᠣᠨ ᠣᠷᠳᠣᠨ ᠤ ᠠᠵᠢᠯ ᠢ ᠰᠠᠢᠵᠢᠷᠠᠭᠤᠯᠬᠤ ᠲᠤᠬᠠᠢ ᠰᠠᠨᠠᠯ ᠰᠠᠨᠠᠭᠤᠯᠭ᠎ᠠ ᠶᠢ ᠳᠤᠷᠠᠳᠤᠨ  ᠭᠠᠷᠭᠠᠬᠤ᠃ ᠠᠵᠤ ᠠᠬᠤᠢᠯᠠᠯ ᠪᠣᠯᠤᠨ ᠣᠯᠠᠨ ᠲᠦᠮᠡᠨ ᠳᠤᠮᠳᠠᠳᠤ ᠤᠯᠤᠰ ᠤᠨ ᠵᠠᠰᠠᠭ ᠤᠨ ᠣᠷᠳᠣᠨ ᠤ ᠰᠦᠯᠵᠢᠶ᠎ᠡ ᠳᠤ ᠭᠠᠷᠬᠤ ︵w w w . . g o v . c n︶ ᠡᠰᠡᠬᠦᠯ᠎ᠡ ᠲᠥᠷᠥ ᠶᠢᠨ ᠶᠠᠪᠤᠳᠠᠯ ᠤᠨ ᠬᠤᠷᠢᠶᠠᠨ ᠤ ᠰᠢᠯᠵᠢᠶ᠎ᠡ ᠪᠠᠭᠤᠯᠭᠠᠵᠤ᠂ ᠲᠥᠷᠥ ᠶᠢᠨ ᠶᠠᠪᠤᠳᠠᠯ ᠤᠨ ᠬᠤᠷᠢᠶᠠᠨ ᠤ ︽ᠢᠨᠲᠧᠷ ᠰᠦᠯᠵᠢᠶ᠎ᠡ + ᠰᠢᠮᠳᠠᠭᠤᠯᠤᠨ ᠪᠠᠢᠴᠠᠭᠠᠬᠤ︾ ᠲᠤᠰᠬᠠᠢ ᠪᠤᠯᠤᠩ ᠳᠤ ᠤᠷᠤᠬᠤ᠂ ᠳᠤᠮᠳᠠᠳᠤ ᠤᠯᠤᠰ ᠠᠴᠠ ᠵᠠᠰᠠᠭ ᠤᠨ ᠣᠷᠳᠣᠨ ᠤ ᠰᠦᠯᠵᠢᠶᠡᠨ ᠤ ᠵᠢᠷᠭᠢᠶ᠎ᠡ ᠶᠢᠨ ᠤᠯᠠᠨ ᠨᠡᠶᠢᠲᠡ ᠶᠢᠨ ᠲᠠᠪᠴᠠᠩ ᠢ ᠠᠩᠬᠠᠷᠴᠤ᠂ ᠲᠥᠷᠥ ᠶᠢᠨ ᠶᠠᠪᠤᠳᠠᠯ ᠤᠨ ᠬᠤᠷᠢᠶᠠᠨ ᠤ ︽ᠢᠨᠲᠧᠷ ᠰᠦᠯᠵᠢᠶ᠎ᠡ + ᠰᠢᠮᠳᠠᠭᠤᠯᠤᠨ ᠪᠠᠢᠴᠠᠭᠠᠬᠤ︾ ᠪᠠᠭ᠎ᠠ ᠵᠢᠷᠤᠮ ᠳᠤ ᠣᠷᠣᠵᠤ ᠰᠦᠪᠡᠭᠴᠢ ᠬᠠᠩᠭᠠᠵᠤ᠂ ᠠᠰᠠᠭᠤᠳᠠᠯ ᠢ ᠲᠤᠰᠬᠠᠵᠤ᠂ ᠰᠠᠨᠠᠭᠤᠯᠭ᠎ᠠ ᠳᠤᠷᠠᠳᠴᠤ ᠪᠣᠯᠤᠨ᠎ᠠ᠃ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠠᠴᠠ ᠬᠦᠯᠢᠶᠡᠨ ᠠᠪᠤᠭᠰᠠᠨ ᠠᠰᠠᠭᠤᠳᠠᠯ ᠤᠨ ᠰᠦᠪᠡᠭᠴᠢ ᠪᠠ ᠰᠠᠨᠠᠯ ᠰᠠᠨᠠᠭᠤᠯᠭ᠎ᠠ ᠶᠢ ᠬᠤᠷᠢᠶᠠᠩᠭᠤᠶᠢᠯᠠᠨ ᠡᠮᠬᠢᠳᠬᠡᠵᠦ᠂ ᠬᠤᠯᠪᠣᠭᠳᠠᠯ ᠪᠦᠬᠦᠢ ᠭᠠᠵᠠᠷ ᠣᠷᠣᠨ᠂ ᠰᠠᠯᠠᠭ᠎ᠠ ᠮᠥᠴᠢᠷ ᠢ ᠰᠢᠪᠠᠳᠠᠨ ᠰᠢᠢᠳᠪᠦᠷᠢᠯᠡᠭᠦᠯᠦᠨ᠎ᠡ᠃ ᠠᠵᠤ ᠠᠬᠤᠢᠯᠠᠯ ᠪᠠ ᠣᠯᠠᠨ ᠲᠦᠮᠡᠨ ᠤ ᠲᠤᠰᠬᠠᠯ ᠴᠢᠩᠭ᠎ᠠ᠂ ᠲᠦᠭᠡᠮᠡᠯ ᠴᠢᠨᠠᠷᠲᠠᠶ ᠴᠢᠬᠤᠯᠠ ᠠᠰᠠᠭᠤᠳᠠᠯ ᠤᠨ ᠰᠦᠪᠡᠭᠴᠢ ᠶᠢ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠰᠢᠮᠳᠠᠭᠤᠯᠤᠨ ᠪᠠᠢᠴᠠᠭᠠᠬᠤ ᠲᠠᠰᠤᠭ ᠠᠴᠠ ᠰᠢᠭᠤᠳ ᠬᠥᠮᠥᠨ ᠲᠣᠮᠢᠯᠠᠨ ᠰᠢᠮᠳᠠᠭᠤᠯᠤᠨ ᠪᠠᠢᠴᠠᠭᠠᠨ᠎ᠠ᠃ ᠦᠨᠡᠨ ᠪᠣᠳᠠᠲᠠᠢ᠂ ᠨᠡᠯᠢᠶᠡᠳ ᠨᠡᠶᠢᠲᠡᠯᠢᠭ ᠠᠰᠠᠭᠤᠳᠠᠯ ᠢ ᠪᠠᠢᠴᠠᠭᠠᠨ ᠲᠣᠳᠣᠯᠠᠭᠠᠳ ᠢᠯᠠ ᠪᠤᠯᠭᠠᠪᠠᠯ ᠴᠢᠩᠭ᠎ᠠ  ᠰᠢᠢᠳᠪᠦᠷᠢᠯᠡᠵᠦ ᠴᠤᠬᠢᠯᠳᠠ ᠦᠭᠭᠦᠨ᠎ᠡ᠃       ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ᠂ ᠡᠨᠡ ᠵᠢᠯ ᠤᠨ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠳᠤ ︽ᠢᠨᠲ᠋ᠧᠷ ᠰᠦᠯᠵᠢᠶ᠎ᠡ +  ᠰᠢᠮᠳᠠᠭᠤᠯᠤᠨ ᠪᠠᠢᠴᠠᠭᠠᠬᠤ︾ ᠶᠢ ᠬᠡᠷᠡᠭᠵᠢᠭᠦᠯᠬᠦ ᠠᠵᠢᠯ ᠢ ᠲᠣᠳᠣᠷᠬᠠᠢ ᠪᠠᠶᠢᠷᠢᠯᠠᠭᠤᠯᠵᠤ  ᠪᠠᠶᠢᠭ᠎ᠠ  ᠨᠢ ᠰᠢᠨ᠎ᠡ ᠴᠠᠭ ᠦᠶ᠎ᠡ ᠶᠢᠨ ᠬᠥᠭᠵᠢᠯᠲᠡ ᠶᠢᠨ ᠱᠠᠭᠠᠷᠳᠠᠯᠭ᠎ᠠ ᠳᠤ ᠨᠡᠶᠢᠴᠡᠭᠦᠯᠬᠦ᠂ ᠰᠢᠮᠳᠠᠭᠤᠯᠤᠨ ᠪᠠᠢᠴᠠᠭᠠᠬᠤ ᠠᠷᠭ᠎ᠠ ᠬᠡᠯᠪᠡᠷᠢ ᠶᠢ ᠰᠠᠶᠢᠵᠢᠷᠠᠭᠤᠯᠤᠨ ᠰᠢᠯᠢᠳᠡᠭᠵᠢᠭᠦᠯᠬᠦ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠢᠳᠡᠪᠬᠢᠲᠡᠢ ᠰᠦᠪᠡᠭᠴᠢᠯᠡᠯᠲᠡ ᠪᠣᠯᠬᠤ ᠪᠥᠭᠡᠳ ︽ᠡᠭᠦᠳᠡ ᠪᠠᠨ ᠨᠡᠭᠡᠭᠡᠵᠦ ᠰᠢᠮᠳᠠᠭᠤᠯᠤᠨ ᠪᠠᠢᠴᠠᠭᠠᠬᠤ︾ ᠣᠢᠯᠠᠭᠠᠭᠳᠠᠬᠤᠨ ᠢ ᠭᠦᠨᠵᠡᠭᠡᠶᠢᠷᠡᠭᠦᠯᠬᠦ᠂ ᠠᠷᠠᠳ ᠲᠦᠮᠡᠨ ᠤ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠬᠦ᠂ ᠦᠢᠯᠡᠴᠢᠯᠡᠭᠡᠨ ᠤ ᠬᠡᠯᠪᠡᠷᠢ ᠶᠢᠨ ᠵᠠᠰᠠᠭ ᠤᠨ ᠣᠷᠳᠣᠨ ᠢ ᠪᠠᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ ᠲᠥᠷᠥ ᠶᠢᠨ ᠶᠠᠪᠤᠳᠠᠯ ᠤᠨ ᠬᠤᠷᠢᠶᠠᠨ ᠤ ︽ᠢᠨᠲ᠋ᠧᠷ ᠰᠦᠯᠵᠢᠶ᠎ᠡ + ᠰᠢᠮᠳᠠᠭᠤᠯᠤᠨ ᠪᠠᠢᠴᠠᠭᠠᠬᠤ︾ ᠲᠠᠪᠴᠠᠩ ᠳᠤ ᠲᠦᠰᠢᠭᠯᠡᠨ᠂ ᠰᠢᠮᠳᠠᠭᠤᠯᠤᠨ ᠪᠠᠢᠴᠠᠭᠠᠬᠤ ᠬᠦᠴᠦᠨ ᠪᠠ ᠮᠡᠳᠡᠭᠡ ᠵᠠᠩᠭᠢ ᠶᠢᠨ ᠡᠬᠢ ᠪᠠᠶᠠᠯᠢᠭ ᠢ ᠪᠦᠲᠦᠮᠵᠢᠲᠡᠶ ᠡᠮᠬᠢᠯᠡᠨ ᠨᠡᠶᠢᠯᠡᠭᠦᠯᠵᠦ᠂ ᠰᠢᠮᠳᠠᠭᠤᠯᠤᠨ ᠪᠠᠢᠴᠠᠭᠠᠬᠤ ᠰᠦᠪᠡᠭᠴᠢ ᠶᠢ ᠰᠦᠯᠵᠢᠶᠡᠨ ᠳᠡᠭᠡᠷ᠎ᠡ ᠴᠠᠭ ᠲᠤᠬᠠᠶ ᠳᠤᠨᠢ ᠴᠤᠭᠯᠠᠭᠤᠯᠬᠤ᠂ ᠡᠭᠦᠯᠡᠨ ᠦᠵᠦᠭᠦᠷ ᠤᠨ ᠣᠶᠤᠨᠴᠢ ᠵᠠᠳᠠᠯᠤᠯᠲᠠ ᠬᠢᠬᠦ᠂ ᠰᠦᠯᠵᠢᠶᠡᠨ ᠳᠡᠭᠡᠷ᠎ᠡ ᠲᠥᠷᠥᠯ ᠬᠤᠪᠢᠶᠠᠨ ᠰᠢᠢᠳᠪᠦᠷᠢᠯᠡᠬᠦ᠂ ᠰᠦᠯᠵᠢᠶᠡᠨ ᠭᠠᠳᠠᠨ᠎ᠠ ᠰᠢᠮᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠠᠯᠬᠤᠮ ᠠᠯᠬᠤᠮ ᠢᠶᠠᠷ ᠪᠡᠶᠡᠯᠡᠭᠦᠯᠵᠦ᠂ ᠨᠢᠭᠡᠳᠦᠯᠲᠡᠶ ᠲᠥᠯᠥᠪᠯᠡᠬᠦ᠂ ᠵᠢᠷᠤᠮᠵᠢᠯ ᠲᠠᠢ᠂ ᠳᠥᠭᠦᠮ ᠳᠥᠲᠡ᠂ ᠥᠨᠳᠥᠷ ᠪᠦᠲᠦᠮᠵᠢᠲᠡᠶ ᠪᠠᠶᠢᠩᠭᠤ ᠶᠢᠨ ᠰᠢᠮᠳᠠᠭᠤᠯᠤᠨ ᠪᠠᠢᠴᠠᠭᠠᠬᠤ ᠰᠢᠨ᠎ᠡ ᠪᠠᠶᠢᠷᠢᠰᠢᠯ ᠢ ᠪᠦᠷᠢᠯᠳᠦᠭᠦᠯᠦᠨ᠎ᠡ᠃ ᠡᠨᠡ ᠨᠢ ᠠᠵᠤ ᠠᠬᠤᠢᠯᠠᠯ ᠪᠣᠯᠤᠨ ᠤᠯᠠᠨ ᠲᠦᠮᠡᠨ ᠤ ᠠᠩᠬᠠᠷᠴᠤ ᠪᠠᠶᠢᠭ᠎ᠠ ᠬᠦᠴᠢᠷ ᠠᠰᠠᠭᠤᠳᠠᠯ ᠪᠠ ᠲᠦᠭᠵᠢᠷᠡᠯ ᠤᠨ ᠠᠰᠠᠭᠤᠳᠠᠯ ᠢ ᠨᠠᠩ ᠪᠦᠬᠦ ᠲᠠᠯ᠎ᠠ ᠪᠠᠷ ᠣᠨᠣᠪᠴᠢᠲᠠᠢ ᠰᠢᠢᠳᠪᠦᠷᠢᠯᠡᠵᠦ᠂ ᠨᠠᠮ ᠪᠣᠯᠤᠨ ᠵᠠᠰᠠᠭ ᠤᠨ ᠣᠷᠳᠣᠨ ᠤ ᠠᠵᠤ ᠠᠬᠤᠢᠯᠠᠯ ᠳᠤ ᠠᠰᠢᠭᠲᠠᠢ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢᠨ ᠪᠣᠳᠠᠲᠠᠢ ᠳᠤ ᠨᠠᠶᠢᠳᠠᠪᠤᠷᠢᠵᠢᠭᠳᠠᠬᠤ ᠶᠢ ᠠᠬᠢᠭᠤᠯᠬᠤ ᠳᠤ ᠠᠰᠢᠭᠲᠠᠢ ᠮᠥᠷᠲᠡᠭᠡᠨ ᠲᠥᠪᠯᠡᠷᠡᠭᠦᠯᠦᠨ ᠰᠢᠮᠳᠠᠭᠤᠯᠤᠨ ᠪᠠᠢᠴᠠᠭᠠᠬᠤ ᠤᠳᠠᠭ᠎ᠠ ᠶᠢ ᠪᠠᠭᠠᠰᠬᠠᠵᠤ᠂ ᠰᠢᠮᠳᠠᠭᠤᠯᠤᠨ ᠪᠠᠶᠢᠴᠠᠭᠠᠬᠤ ᠶᠢᠨ ᠬᠠᠨᠳᠤᠯᠭᠠᠲᠤ ᠴᠢᠨᠠᠷ ᠪᠣᠯᠤᠨ ᠪᠣᠳᠠᠲᠤ ᠪᠦᠲᠦᠮᠵᠢ ᠶᠢᠨ ᠴᠢᠨᠠᠷ ᠢ ᠳᠡᠭᠡᠭᠰᠢᠯᠡᠭᠦᠯᠵᠦ᠂  ᠰᠢᠮᠳᠠᠭᠤᠯᠤᠨ ᠪᠠᠢᠴᠠᠭᠠᠬᠤ ᠠᠵᠢᠯ ᠤᠨ ᠦᠷ᠎ᠡ ᠠᠰᠢᠭ ᠢ ᠨᠡᠮᠡᠭᠳᠡᠭᠦᠯᠬᠦ ᠪᠠ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠶᠢ ᠵᠡᠷᠭᠡᠪᠡᠷ ᠠᠳᠬᠤᠬᠤ ᠶᠢ ᠪᠡᠶᠡᠯᠡᠭᠦᠯᠬᠦ ᠳᠤ ᠠᠰᠢᠭᠲᠠᠢ ᠶᠤᠮ᠃ ᠳᠠᠭᠠᠯᠳᠤᠭᠤᠯᠤᠯ᠄ ᠲᠥᠷᠥ ᠶᠢᠨ ᠶᠠᠪᠤᠳᠠᠯ ᠤᠨ ᠬᠤᠷᠢᠶᠠᠨ ᠤ ︽ᠢᠨᠲ᠋ᠧᠷ ᠰᠦᠯᠵᠢᠶ᠎ᠡ + ᠰᠢᠮᠳᠠᠭᠤᠯᠤᠨ ᠪᠠᠢᠴᠠᠭᠠᠬᠤ︾ ᠪᠠᠭ᠎ᠠ ᠫᠷᠤᠭ᠍ᠷᠠᠮ ᠤᠨ ᠺᠣᠳ᠋
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1