ᠲᠣᠭᠲᠠᠬᠤ ᠰᠢᠶᠠᠨ ᠤ ᠬᠢᠨ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠵᠠᠪᠠᠯ ᠲᠡᠮᠡᠴᠡᠨ ᠤᠯᠬᠤ ᠪᠠᠷ ᠴᠢᠮᠠᠶᠢᠵᠦ ᠪᠠᠶᠢᠨ᠎ᠠ
ᠨᠡᠶᠢᠲᠡᠯᠡᠭᠰᠡᠨ ᠴᠠᠭ᠄
2019-05-29
      ᠬᠠᠮᠢᠶᠠᠷᠤᠭᠴᠢ      ᠲᠤᠰ ᠤᠳᠠᠭᠠᠨ ᠤ ᠰᠤᠷᠪᠤᠯᠵᠢᠯᠠᠭ᠎ᠠ ᠪᠣᠯ ᠬᠦᠬᠡᠬᠤᠳᠠ ᠶᠢᠨ ᠵᠠᠰᠠᠭ ᠤᠨ ᠣᠷᠳᠣᠨ ᠤ ᠰᠦᠯᠵᠢᠶ᠎ᠡ ᠪᠣᠯᠤᠨ ᠬᠦᠬᠡᠬᠤᠳᠠ ᠶᠢᠨ ᠷᠠᠳᠢᠣ᠋ ᠲᠧᠯᠸᠢᠰ ᠬᠤᠷᠢᠶᠠᠨ ᠤ ᠤᠳᠬ᠎ᠠ ᠤᠷᠠᠯᠢᠭ ᠤᠨ ᠷᠠᠳᠢᠣ᠋ ᠨᠡᠪᠲᠡᠷᠡᠭᠦᠯᠭᠡ ᠶᠢᠨ ᠬᠠᠮᠲᠤᠷᠠᠭᠰᠠᠨ ᠲᠤᠰᠬᠠᠶ ᠰᠤᠷᠪᠤᠯᠵᠢᠯᠠᠭ᠎ᠠ ᠪᠣᠯᠤᠨ᠎ᠠ᠂ ᠰᠦᠯᠵᠢᠶᠡᠨ ᠤ ᠨᠠᠶᠢᠵᠠ ᠨᠠᠷ ᠰᠦᠯᠵᠢᠶᠡᠨ ᠳᠡᠭᠡᠷ᠎ᠡ ᠦᠭᠡ ᠦᠯᠡᠳᠡᠭᠡᠵᠦ ᠡᠷᠬᠢᠮ ᠵᠣᠴᠢᠳ ᠲᠠᠢ ᠰᠠᠨᠠᠯ ᠢᠶᠠᠨ ᠰᠣᠯᠢᠯᠴᠠᠵᠤ ᠪᠣᠯᠤᠨ᠎ᠠ᠂ ᠰᠦᠯᠵᠢᠶᠡᠨ ᠤ ᠠᠨᠳᠠ ᠨᠠᠷ ᠤᠨ ᠢᠳᠡᠪᠬᠢᠲᠡᠶ ᠣᠷᠣᠯᠴᠠᠬᠤ ᠶᠢ ᠪᠠᠶᠠᠷᠯᠠᠨ ᠤᠭᠲᠤᠵᠤ ᠪᠠᠶᠢᠨ᠎ᠠ᠃      ᠬᠥᠲᠥᠯᠥᠭᠴᠢ ︽ᠨᠠᠷᠢᠯᠢᠭ ᠣᠨᠣᠴᠠᠲᠠᠶ ᠪᠠᠷ ᠶᠠᠳᠠᠭᠤ ᠶᠢ ᠲᠡᠳᠬᠦᠬᠦ᠂ ᠨᠠᠷᠢᠯᠢᠭ ᠣᠨᠣᠴᠠᠲᠠᠶ ᠪᠠᠷ ᠶᠠᠳᠠᠭᠤ  ᠠᠴᠠ ᠠᠩᠭᠢᠵᠢᠷᠠᠭᠤᠯᠬᠤ︾ ᠭᠡᠳᠡᠭ ᠨᠢ ᠣᠳᠣᠬᠠᠨ ᠤ ᠠᠷᠠᠳ ᠣᠯᠠᠨ ᠤ ᠲᠤᠶᠢᠯ ᠢᠶᠠᠷ ᠠᠩᠬᠠᠷᠴᠤ ᠪᠠᠶᠢᠭ᠎ᠠ ᠬᠠᠯᠠᠮᠰᠢᠯ ᠦᠭᠡ ᠪᠣᠯᠵᠠᠶ᠂ ᠲᠣᠭᠲᠠᠬᠤ ᠰᠢᠶᠠᠨ ᠤ ᠶᠠᠳᠠᠭᠤ ᠶᠢ ᠲᠡᠳᠬᠦᠬᠦ ᠠᠵᠢᠯ ᠤᠨ ᠦᠨᠳᠦᠰᠦᠨ ᠪᠠᠶᠢᠳᠠᠯ ᠢ ᠲᠠ ᠪᠢᠳᠡᠨ ᠳᠤ ᠲᠠᠨᠢᠯᠴᠠᠭᠤᠯᠤᠭᠠᠳ ᠥᠭᠭᠦᠨ᠎ᠡ ᠦᠦ︖      ᠲᠣᠭᠲᠠᠬᠤ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠵᠣᠣ ᠯᠢ ᠮᠢᠨ      ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠲᠥᠷᠥ ᠶᠢ ᠵᠠᠰᠠᠵᠤ ᠵᠠᠰᠠᠭ ᠢ ᠡᠷᠬᠢᠯᠡᠬᠦ ᠴᠢᠬᠤᠯᠠ ᠪᠠᠶᠢᠷᠢᠨ ᠳᠤ ᠲᠠᠯᠪᠢᠵᠤ᠂ ᠵᠤᠷᠰᠢᠯ ᠠᠴᠠ ᠳᠠᠪᠠᠭᠰᠠᠨ ᠠᠷᠭ᠎ᠠ ᠬᠡᠮᠵᠢᠶ᠎ᠡ ᠠᠪᠴᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠪᠦᠬᠦ ᠲᠠᠯ᠎ᠠ ᠪᠠᠷ ᠥᠷᠨᠢᠭᠦᠯᠵᠡᠢ᠃ ᠤᠶᠢᠷ᠎ᠠ ᠶᠢᠨ ᠵᠢᠯ ᠠᠴᠠ᠂ ᠲᠣᠭᠲᠠᠬᠤ ᠰᠢᠶᠠᠨ ᠶᠡᠷᠦᠩᠬᠡᠢ ᠱᠦᠵᠢ ᠰᠢ ᠶᠢᠨ ᠫᠢᠩ ᠤᠨ ᠶᠠᠳᠠᠭᠤ  ᠶᠢ ᠲᠡᠳᠬᠦᠵᠦ ᠨᠡᠭᠡᠭᠡᠨ ᠬᠥᠭᠵᠢᠭᠦᠯᠬᠦ ᠴᠢᠬᠤᠯᠠ ᠪᠠᠶᠢᠯᠳᠤᠬᠤ ᠪᠣᠳᠣᠯᠭ᠎ᠠ ᠶᠢᠨ ᠦᠵᠡᠯ ᠰᠠᠨᠠᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠢᠳᠠᠪᠤᠷᠢᠵᠢᠭᠤᠯᠬᠤ᠂ ᠲᠥᠪ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ  ᠶᠢᠨ ᠨᠠᠮ ᠤᠨ ᠬᠤᠷᠢᠶ᠎ᠠ ᠶᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠤᠬᠠᠢ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠢᠳᠠᠪᠤᠷᠢᠵᠢᠭᠤᠯᠬᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠠᠷ ᠬᠠᠮᠤᠭ ᠤᠨ ᠶᠡᠭᠡ ᠤᠯᠤᠰ ᠲᠥᠷᠥ ᠶᠢᠨ ᠡᠭᠦᠷᠭᠡ ᠪᠠ ᠠᠷᠠᠳ ᠤᠨ ᠠᠮᠢᠳᠤᠷᠠᠯ ᠤᠨ ᠲᠡᠷᠢᠭᠦᠨ ᠢᠨᠵᠧᠨᠧᠷᠢᠩ ᠪᠣᠯᠭᠠᠬᠤ ᠶᠢ ᠢᠮᠠᠭᠲᠠ ᠪᠠᠷᠢᠮᠲᠠᠯᠠᠵᠤ᠂ ᠨᠡᠭᠡᠭᠡᠨ ᠬᠥᠭᠵᠢᠭᠦᠯᠬᠦ ᠮᠠᠶ᠋ᠢᠭ ᠤᠨ ᠶᠠᠳᠠᠭᠤ ᠶᠢ ᠲᠡᠳᠬᠦᠬᠦ ᠴᠢᠭᠯᠡᠯᠲᠡ ᠶᠢ ᠪᠠᠷᠢᠮᠲᠠᠯᠠᠵᠤ᠂ ᠶᠠᠳᠠᠭᠤ ᠬᠦᠴᠢᠷᠳᠡᠯᠲᠡᠢ ᠬᠥᠮᠥᠨ ᠠᠮᠠ ᠶᠢ ᠶᠠᠳᠠᠭᠤ ᠠᠴᠠ ᠠᠩᠭᠢᠵᠢᠷᠠᠭᠤᠯᠬᠤ ᠪᠠᠷ ᠬᠠᠷᠠᠯᠲᠠ ᠪᠣᠯᠭᠠᠪᠠ᠃ ᠡᠯ᠎ᠡ ᠵᠦᠢᠯ ᠤᠨ ᠶᠠᠳᠠᠭᠤ ᠶᠢ ᠲᠡᠳᠬᠦᠬᠦ ᠲᠥᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠢᠳᠠᠪᠤᠷᠢᠵᠢᠭᠤᠯᠬᠤ ᠪᠠᠷ ᠭᠠᠷᠳᠠᠴᠠ ᠪᠣᠯᠭᠠᠵᠤ᠂ ᠶᠠᠳᠠᠭᠤ ᠠᠴᠠ ᠠᠩᠭᠢᠵᠢᠷᠠᠭᠤᠯᠬᠤ ᠠᠵᠤ ᠦᠢᠯᠡᠰ ᠤᠨ ᠬᠥᠭᠵᠢᠯᠲᠡ ᠶᠢ ᠲᠡᠳᠬᠦᠬᠦ ᠪᠠᠷ ᠰᠢᠪᠲᠤᠯᠤᠯᠲᠠ ᠶᠢᠨ ᠴᠡᠭ ᠪᠣᠯᠭᠠᠵᠤ᠂ ᠪᠦᠬᠦ ᠰᠢᠶᠠᠨ ᠤ ᠡᠯ᠎ᠡ ᠱᠠᠲᠤᠨ ᠤ ᠺᠠᠳ᠋ᠷ ᠤᠯᠠᠨ ᠲᠦᠮᠡᠨ ᠤ ᠦᠵᠡᠯ ᠰᠠᠨᠠᠭ᠎ᠠ ᠲᠠᠨᠢᠯᠲᠠ ᠶᠢ ᠲᠠᠰᠤᠷᠠᠯᠲᠠ ᠦᠭᠡᠢ ᠨᠢᠭᠡᠳᠬᠡᠵᠦ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠡᠯ᠎ᠡ ᠲᠠᠯ᠎ᠠ ᠶᠢᠨ ᠬᠦᠴᠦᠨ ᠢ ᠨᠢᠭᠲᠠᠷᠠᠭᠤᠯᠵᠤ᠂ ᠨᠠᠮ ᠪᠣᠯᠤᠨ ᠠᠷᠠᠳ ᠲᠦᠮᠡᠨ ᠳᠤ ᠲᠡᠭᠡᠳᠦ ᠬᠡᠮᠵᠢᠶ᠎ᠡ ᠪᠠᠷ ᠬᠠᠷᠢᠭᠤᠴᠠᠬᠤ ᠣᠪᠣᠷ ᠢᠶᠠᠷ ᠲᠡᠭᠡᠳᠦ ᠬᠡᠮᠵᠢᠶᠡᠨ ᠤ ᠤᠯᠤᠰ ᠲᠥᠷᠥ  ᠶᠢᠨ ᠬᠠᠷᠢᠭᠤᠴᠠᠯᠭᠠᠲᠤ ᠰᠡᠳᠬᠢᠯᠭᠡ ᠪᠣᠯᠤᠨ ᠡᠭᠦᠷᠭᠡᠲᠦ ᠰᠡᠳᠬᠢᠯᠭᠡ ᠪᠠᠷ᠂ ᠴᠠᠭ ᠪᠢᠳᠡᠨ ᠢ ᠬᠦᠯᠢᠶᠡᠬᠦ ᠦᠭᠡᠢ᠂ ᠥᠷᠯᠥᠭᠡ ᠦᠳᠡᠰᠢ ᠶᠢ ᠲᠡᠮᠡᠴᠡᠬᠦ ᠵᠣᠷᠢᠭ ᠰᠠᠨᠠᠭ᠎ᠠ ᠪᠠᠷ᠂ ᠬᠠᠷᠠᠯᠲᠠ ᠪᠠᠨ ᠰᠤᠯᠠᠷᠠᠭᠤᠯᠤᠯ ᠦᠭᠡᠢ ᠪᠠᠷᠢᠮᠲᠠᠯᠠᠵᠤ᠂ ᠪᠦᠬᠦ ᠬᠦᠴᠦᠨ ᠢᠶᠠᠷ ᠢᠶᠠᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠬᠤ ᠡᠨᠡ ᠬᠦ ᠬᠠᠲᠠᠭᠤ ᠳᠠᠶᠢᠯᠠᠯᠳᠤᠭᠠᠨ ᠢ ᠴᠢᠨᠠᠷ ᠰᠠᠶᠢᠲᠠᠢ ᠰᠠᠶᠢᠲᠤᠷ ᠬᠢᠬᠦ ᠶᠢ ᠦᠨᠡᠨᠬᠦ  ᠪᠠᠳᠤᠯᠠᠵᠦ ᠪᠠᠶᠢᠨ᠎ᠠ᠃ ᠪᠦᠬᠦ ᠰᠢᠶᠠᠨ ᠤ ᠶᠠᠳᠠᠭᠤ ᠬᠦᠴᠢᠷᠳᠡᠯ ᠲᠠᠢ ᠬᠥᠮᠥᠨ ᠠᠮᠠ 2014 ᠣᠨ ᠳᠤ 5727 ᠪᠠᠶᠢᠭᠰᠠᠨ ᠠᠴᠠ ᠪᠠᠨ ᠣᠳᠣ 44 ᠬᠥᠮᠥᠨ ᠪᠣᠯᠵᠤ ᠪᠠᠭᠠᠰᠴᠠᠢ᠂ ᠪᠦᠬᠦ ᠰᠢᠶᠠᠨ ᠤ ᠶᠠᠳᠠᠭᠤ ᠬᠦᠴᠢᠷᠳᠡᠯ ᠲᠠᠢ ᠬᠥᠮᠥᠨ ᠠᠮᠠ ᠶᠢᠨ ᠶᠠᠳᠠᠭᠤ ᠠᠴᠠ ᠠᠩᠭᠢᠵᠢᠷᠠ ᠴᠢᠨᠡᠭᠡᠯᠢᠭᠵᠢᠬᠦ ᠠᠯᠬᠤᠴᠠ ᠶᠢ ᠦᠨᠡᠨ ᠬᠦ ᠲᠦᠷᠭᠡᠳᠬᠡᠵᠦ᠂ ᠬᠥᠳᠡᠭᠡ ᠲᠣᠰᠬᠤᠨ ᠤ ᠬᠥᠭᠵᠢᠯᠲᠡ ᠶᠢ ᠠᠬᠢᠭᠤᠯᠪᠠ᠃ ᠬᠥᠲᠥᠯᠥᠭᠴᠢ       ︽ᠲᠠᠪᠤᠨ ᠨᠢᠭᠡ ᠪᠦᠯᠦᠭ︾ ᠤᠨ ᠠᠬᠢᠭᠤᠯᠤᠭᠰᠠᠨ ᠪᠠᠶᠢᠳᠠᠯ ᠤᠨ ᠲᠤᠬᠠᠢ ᠲᠤᠭᠳᠠᠬᠤ ᠰᠢᠶᠠᠨ ᠬᠡᠷᠬᠢᠨ ᠠᠵᠢᠯᠯᠠᠭᠰᠠᠨ ᠢ ᠶᠠᠷᠢᠭᠠᠳ ᠦᠭᠭᠦᠨᠦ︖ ᠲᠣᠭᠲᠠᠬᠤ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠵᠣᠣ ᠯᠢ ᠮᠢᠨ      2018 ᠣᠨ ᠳᠤ᠂ ᠲᠤᠭᠳᠠᠬᠤ ᠰᠢᠶᠠᠨ ᠠᠩᠬᠠᠷᠤᠯ ᠢᠶᠠᠨ ᠲᠥᠪᠯᠡᠷᠡᠭᠦᠯᠦᠨ ᠬᠦᠴᠦᠨ ᠢᠶᠠᠨ ᠲᠥᠪᠯᠡᠷᠡᠭᠦᠯᠬᠦ ᠬᠠᠷᠠᠯᠲᠠ ᠡᠭᠦᠷᠭᠡ ᠶᠢ ᠪᠠᠷᠢᠮᠲᠠᠯᠠᠵᠤ᠂ ︽ᠵᠢᠷᠭᠤᠭᠠᠨ ᠤᠨᠢᠨ ᠳᠡᠭᠡᠷ᠎ᠡ ᠨᠢ ᠪᠠᠶᠢᠯᠭᠠᠬᠤ︾᠂ ︽ᠲᠠᠪᠤᠨ ᠨᠢᠭᠡ ᠪᠦᠯᠦᠭ︾ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠢᠳᠠᠪᠤᠷᠢᠵᠢᠭᠤᠯᠬᠤ᠂ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠶᠢ ᠲᠣᠪᠦ᠋ᠯᠭᠠᠵᠤ᠂ ᠰᠤᠷᠭᠠᠨ ᠬᠥᠮᠦᠵᠢᠯ᠂ ᠡᠮ ᠡᠮᠨᠡᠯᠭᠡ᠂ ᠮᠥᠩᠭᠦᠨ ᠭᠦᠢᠯᠭᠡᠭᠡ᠂ ᠠᠵᠢᠯ ᠣᠯᠭᠤᠯᠲᠠ᠂ ᠨᠡᠢᠭᠡᠮ ᠤᠨ ᠠᠪᠤᠷᠠᠨ ᠲᠤᠰᠠᠯᠠᠯᠲᠠ ᠵᠡᠷᠭᠡ ᠡᠯ᠎ᠡ ᠵᠦᠢᠯ ᠤᠨ ᠶᠠᠳᠠᠭᠤ ᠶᠢ ᠲᠡᠳᠬᠦᠬᠦ ᠲᠥᠷᠥ ᠶᠢᠨ ᠪᠣᠳᠣᠯᠭ᠎ᠠ ᠶᠢ ᠶᠡᠷᠦᠩᠬᠡᠶᠢᠯᠡᠨ ᠬᠡᠷᠡᠭᠯᠡᠵᠦ᠂ ᠬᠥᠮᠥᠨ ᠪᠠ ᠡᠷᠦᠬᠡ ᠳᠤ ᠲᠤᠬᠢᠷᠠᠭᠤᠯᠤᠨ ᠬᠠᠨᠳᠤᠯᠭ᠎ᠠ ᠲᠠᠢ ᠪᠠᠷ ᠵᠠᠰᠠᠵᠤ᠂ ᠶᠠᠳᠠᠭᠤ  ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠶᠠᠳᠠᠭᠤ ᠬᠦᠴᠢᠷᠳᠡᠯᠲᠡᠢ ᠤᠯᠠᠨ ᠲᠦᠮᠡᠨ ᠤ ᠪᠡᠶ᠎ᠡ ᠳᠡᠭᠡᠷ᠎ᠡ ᠪᠦᠬᠦ ᠲᠠᠯ᠎ᠠ ᠪᠠᠷ ᠨᠠᠢᠳᠠᠪᠤᠷᠢᠵᠢᠭᠤᠯᠬᠤ᠂ ᠵᠢᠯ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠡᠯ᠎ᠡ ᠵᠦᠢᠯ ᠤᠨ ᠬᠠᠷᠠᠯᠲᠠ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠵᠦ᠂ ᠪᠦᠬᠦ ᠵᠢᠯ ᠳᠤ  ᠨᠡᠶᠢᠳᠡ 456 ᠡᠷᠦᠬᠡ 1020 ᠬᠥᠮᠦᠨ ᠢ ᠶᠠᠳᠠᠭᠤ ᠠᠴᠠ ᠠᠩᠭᠢᠵᠢᠷᠠᠭᠤᠯᠪᠠ᠂ ᠡᠭᠦᠨ ᠳᠤ᠄ ᠦᠢᠯᠡᠳᠪᠦᠷᠢᠯᠡᠯ ᠢ ᠬᠥᠭᠵᠢᠭᠦᠯᠬᠦ ᠪᠠᠷ ᠳᠠᠮᠵᠢᠭᠤᠯᠤᠨ ᠶᠠᠳᠠᠭᠤ ᠠᠴᠠ ᠠᠩᠵᠢᠷᠠᠭᠰᠠᠨ 235 ᠡᠷᠦᠬᠡ 494 ᠬᠥᠮᠥᠨ ᠪᠣᠶ︔ ᠠᠮᠢ ᠠᠬᠤᠢ ᠶᠢᠨ ᠨᠥᠬᠦᠪᠥᠷᠢ ᠥᠭᠬᠦ ᠪᠠᠷ ᠳᠠᠮᠵᠢᠭᠤᠯᠤᠨ᠂ ᠬᠥᠳᠡᠯᠮᠦᠷᠢᠯᠡᠬᠦ ᠴᠢᠳᠠᠪᠤᠷᠢ ᠲᠠᠢ ᠶᠠᠳᠠᠭᠤ ᠬᠦᠴᠢᠷᠳᠡᠯᠲᠡᠢ ᠬᠥᠮᠥᠨ ᠠᠮᠠ ᠶᠢ 15 ᠡᠷᠦᠬᠡ 40 ᠬᠥᠮᠥᠨ ᠢ ᠶᠠᠳᠠᠭᠤ ᠠᠴᠠ ᠠᠩᠭᠢᠵᠢᠷᠠᠭᠤᠯᠪᠠ︔ ᠰᠤᠷᠭᠠᠨ ᠬᠥᠮᠦᠵᠢᠯ ᠢᠶᠠᠷ ᠶᠠᠳᠠᠭᠤ ᠶᠢ ᠲᠡᠳᠬᠦᠬᠦ ᠪᠠᠷ ᠳᠠᠮᠵᠢᠭᠤᠯᠤᠨ 27 ᠡᠷᠦᠬᠡ 84 ᠬᠥᠮᠦᠨ ᠢ ᠶᠠᠳᠠᠭᠤ ᠠᠴᠠ ᠠᠩᠭᠢᠵᠢᠷᠠᠭᠤᠯᠪᠠ︔ ᠨᠡᠢᠭᠡᠮ ᠤᠨ ᠪᠠᠲᠤᠯᠠᠭ᠎ᠠ ᠪᠠᠷ ᠲᠠᠮᠵᠢᠭᠤᠯᠤᠨ42 ᠡᠷᠦᠬᠡ 86 ᠬᠥᠮᠦᠨ ᠢ ᠶᠠᠳᠠᠭᠤ ᠠᠴᠠ ᠠᠩᠭᠢᠵᠢᠷᠠᠭᠤᠯᠪᠠ︔ ᠴᠡᠪᠡᠷᠯᠡᠭᠴᠢ ᠶᠢᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢ ᠲᠣᠬᠢᠷᠠᠭᠤᠯᠬᠤ ᠪᠠᠷ ᠳᠠᠮᠵᠢᠭᠤᠯᠤᠨ 111 ᠡᠷᠦᠬᠡ 245 ᠬᠥᠮᠦᠨ ᠢ ᠶᠠᠳᠠᠭᠤ ᠠᠴᠠ ᠠᠩᠭᠢᠵᠢᠷᠠᠭᠤᠯᠪᠠ ; ᠡᠷᠡᠭᠦᠯ ᠮᠡᠨᠳᠦ ᠪᠠᠷ ᠶᠠᠳᠠᠭᠤ ᠶᠢ ᠲᠡᠳᠬᠦᠵᠦ  26 ᠡᠷᠦᠬᠡ 71 ᠬᠥᠮᠦᠨ ᠢ ᠶᠠᠳᠠᠭᠤ ᠠᠴᠠ ᠠᠩᠭᠢᠵᠢᠷᠠᠭᠤᠯᠪᠠ᠃ ᠣᠳᠣ ᠶᠠᠳᠠᠭᠤ ᠠᠴᠠ ᠠᠩᠭᠢᠵᠢᠷᠠᠭᠠᠳᠤᠢ ᠶᠠᠳᠠᠭᠤ ᠬᠦᠴᠢᠷᠳᠡᠯᠲᠡᠢ ᠡᠷᠦᠬᠡ 16 ᠡᠷᠦᠬᠡ 44 ᠬᠥᠮᠥᠨ᠂ ᠶᠠᠳᠠᠭᠤ ᠠᠴᠠ ᠠᠩᠭᠢᠵᠢᠷᠠᠬᠤ ᠲᠥᠷᠥ ᠶᠢᠨ ᠪᠣᠳᠣᠯᠭ᠎ᠠ ᠶᠢ ᠡᠳ᠋ᠯᠡᠬᠦ ᠡᠷᠦᠬᠡ 744 ᠡᠷᠦᠬᠡ 1659 ᠬᠥᠮᠥᠨ ᠪᠠᠶᠢᠵᠤ᠂ ᠰᠢᠨ᠎ᠡ ᠪᠠᠷ ᠢᠯᠭᠠᠨ ᠲᠠᠨᠢᠭᠰᠠᠨ ᠶᠠᠳᠠᠭᠤ ᠬᠦᠴᠢᠷᠳᠡᠯᠲᠡᠢ ᠡᠷᠦᠬᠡ ᠪᠠᠶᠢᠬᠤ ᠦᠭᠡᠢ᠃ ᠠᠵᠤ ᠦᠶᠯᠡᠰ ᠢᠶᠠᠷ ᠶᠠᠳᠠᠭᠤ ᠶᠢ ᠲᠡᠳᠬᠦᠬᠦ ᠲᠠᠯ᠎ᠠ ᠪᠠᠷ᠄ ᠨᠢᠭᠡ ᠳᠤ᠂ ᠠᠵᠤ ᠦᠢᠯᠡᠰ ᠤᠨ ᠲᠥᠷᠥᠯ ᠵᠦᠶᠯ ᠢ ᠠᠬᠢᠭᠤᠯᠤᠨ᠎ᠠ᠃ 1970 ᠲᠦᠮᠡᠨ ᠲᠥᠭᠦᠷᠢᠭ ᠪᠡᠯᠡ ᠣᠷᠣᠭᠤᠯᠵᠤ᠂ 24 ᠠᠵᠤ ᠦᠢᠯᠡᠰ ᠤᠨ ᠲᠥᠷᠥᠯ ᠵᠦᠢᠯ ᠢ ᠬᠡᠷᠡᠭᠵᠢᠭᠦᠯᠵᠦ᠂ ᠳᠠᠩᠰᠠ ᠡᠪᠬᠡᠮᠡᠯ ᠪᠠᠢᠭᠤᠯᠤᠨ ᠺᠠᠷᠲᠯᠠᠭᠰᠠᠨ ᠶᠠᠳᠠᠭᠤ ᠬᠦᠴᠢᠷᠳᠡᠯᠲᠡᠢ ᠡᠷᠦᠬᠡ ᠨᠡᠶᠢᠳᠡ 905 ᠡᠷᠦᠬᠡ 2067 ᠬᠥᠮᠥᠨ ︵ᠡᠭᠦᠨ ᠳᠤ ᠶᠠᠳᠠᠭᠤ ᠬᠦᠴᠢᠷᠳᠡᠯᠲᠡᠢ ᠡᠷᠦᠬᠡ 475 ᠡᠷᠦᠬᠡ᠂ 1073 ᠬᠥᠮᠥᠨ ᠪᠠᠶᠢᠵᠦ᠂ ᠶᠠᠳᠠᠭᠤ ᠠᠴᠠ ᠠᠩᠭᠢᠵᠢᠷᠠᠬᠤ ᠲᠥᠷᠥ ᠶᠢᠨ ᠪᠣᠳᠣᠯᠭ᠎ᠠ ᠶᠢ ᠡᠳ᠋ᠯᠡᠬᠦ ᠡᠷᠦᠬᠡ 430 ᠡᠷᠦᠬᠡ 994 ᠬᠥᠮᠥᠨ ᠪᠣᠶ︶ ᠳᠤ ᠠᠰᠢᠭ ᠬᠦᠷᠲᠡᠭᠡᠪᠡ᠃ ᠬᠤᠶᠠᠷ ᠲᠤ᠂ ᠡᠷᠦᠬᠡ ᠳᠤ ᠬᠤᠯᠪᠣᠭᠳᠠᠬᠤ ᠠᠵᠤ ᠦᠢᠯᠡᠰ ᠤᠨ ᠵᠦᠢᠯᠡᠰ ᠢ ᠬᠡᠷᠡᠭᠵᠢᠭᠦᠯᠦᠨ᠎ᠡ᠃ 298 ᠲᠦᠮᠡᠨ ᠲᠥᠭᠦᠷᠢᠭ ᠪᠡᠯᠡ ᠣᠷᠣᠭᠤᠯᠵᠤ᠂ ᠬᠥᠳᠡᠯᠮᠦᠷᠢᠯᠡᠬᠦ ᠴᠢᠳᠠᠪᠤᠷᠢ ᠲᠠᠢ ᠶᠠᠳᠠᠭᠤ ᠬᠦᠴᠢᠷᠳᠡᠯᠲᠡᠢ ᠡᠷᠦᠬᠡ ᠳᠤ ᠲᠤᠰ ᠪᠡᠶ᠎ᠡ  ᠶᠢᠨ ᠬᠢᠨᠢ ᠣᠨᠴᠠᠯᠢᠭ ᠲᠤ ᠲᠣᠬᠢᠷᠠᠭᠰᠠᠨ ᠪᠡᠶ᠎ᠡ ᠪᠠᠨ ᠳᠠᠭᠠᠭᠠᠵᠤ ᠡᠵᠡᠩᠨᠡᠬᠦ ᠲᠥᠷᠥᠯ ᠵᠦᠢᠯ ᠢ ᠲᠡᠳᠬᠦᠨ ᠬᠥᠭᠵᠢᠭᠦᠯᠵᠦ᠂ ᠬᠥᠳᠡᠯᠮᠦᠷᠢᠯᠡᠬᠦ ᠴᠢᠳᠠᠪᠤᠷᠢ ᠦᠭᠡᠢ ᠶᠠᠳᠠᠭᠤ ᠬᠦᠴᠢᠷᠳᠡᠯᠲᠡᠢ ᠡᠷᠦᠬᠡ ᠳᠤ ᠬᠤᠪᠢ ᠣᠷᠣᠵᠤ ᠠᠰᠢᠭ ᠬᠤᠪᠢᠶᠠᠬᠤ ᠵᠡᠷᠭᠡ ᠠᠷᠭ᠎ᠠ ᠬᠡᠯᠪᠡᠷᠢ ᠪᠠᠷ ᠡᠳ᠋ ᠬᠥᠷᠥᠩᠭᠡ ᠶᠢᠨ ᠠᠰᠢᠭ ᠣᠯᠵᠠᠪᠤᠷᠢ ᠶᠢᠨ ᠴᠢᠨᠠᠷᠲᠠᠢ ᠲᠥᠷᠥᠯ ᠵᠦᠢᠯ  ᠢ ᠬᠡᠷᠡᠭᠵᠢᠭᠦᠯᠵᠦ᠂ 474 ᠶᠠᠳᠠᠭᠤ ᠬᠦᠴᠢᠷᠳᠡᠯᠲᠡᠢ ᠡᠷᠦᠬᠡ ᠳᠤ 2341 ᠬᠤᠨᠢ᠂ 46 ᠦᠬᠡᠷ᠂ 309 ᠭᠠᠭ᠋ᠠᠢ ᠵᠡᠷᠭᠡ ᠶᠢ ᠬᠤᠳᠠᠯᠳᠤᠨ ᠠᠪᠴᠤ ᠥᠭᠴᠡᠢ᠃ ᠭᠤᠷᠪᠠ ᠳᠤ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢᠨ ᠵᠦᠢᠯᠡᠰ ᠢ ᠪᠠᠢᠭᠤᠯᠤᠨ᠎ᠠ᠃ 430 ᠶᠠᠳᠠᠭᠤ ᠬᠦᠴᠢᠷᠳᠡᠯ ᠲᠠᠢ ᠡᠷᠦᠬᠡ ᠶᠢ ᠰᠣᠩᠭᠤᠵᠤ ᠴᠡᠪᠡᠷᠯᠡᠭᠴᠢ ᠪᠣᠯᠭᠠᠵᠤ᠂ 30 ᠶᠠᠳᠠᠭᠤ ᠬᠦᠴᠢᠷᠳᠡᠯ ᠲᠠᠢ ᠡᠷᠦᠬᠡ ᠶᠢ ᠤᠢ ᠰᠢᠭᠤᠶ ᠬᠠᠮᠠᠭᠠᠯᠠᠭᠴᠢ ᠪᠣᠯᠭᠠᠪᠠ᠃ ᠡᠷᠡᠭᠦᠯ ᠡᠩᠬᠡ  ᠪᠠᠷ ᠶᠠᠳᠠᠭᠤ ᠶᠢ ᠲᠡᠳᠬᠦᠬᠦ ᠲᠠᠯ᠎ᠠ ᠪᠠᠷ᠄ 200 ᠲᠦᠮᠡᠨ ᠲᠥᠭᠦᠷᠢᠭ ᠣᠷᠣᠭᠤᠯᠵᠤ᠂ ᠡᠷᠡᠭᠦᠯ ᠡᠩᠬᠡ ᠪᠠᠷ ᠶᠠᠳᠠᠭᠤ  ᠶᠢ ᠲᠡᠳᠬᠦᠬᠦ ᠦᠨᠳᠦᠰᠦᠨ ᠵᠦᠶᠯ ᠢ ᠪᠠᠲᠤᠯᠠᠬᠤ ᠰᠠᠭᠤᠷᠢ ᠮᠥᠩᠭᠦ ᠪᠠᠢᠭᠤᠯᠵᠤ᠂ ︽ᠭᠤᠷᠪᠠᠨ ᠨᠢᠭᠡ ᠪᠦᠯᠦᠭ︾ ᠤᠨ ᠲᠥᠯᠥᠪᠯᠡᠭᠡ ᠶᠢ ᠬᠡᠷᠡᠭᠵᠢᠭᠦᠯᠦᠨ᠂ ︽ᠬᠤᠶᠠᠷ ᠢ ᠳᠡᠭᠡᠭᠰᠢᠯᠡᠭᠦᠯᠵᠦ᠂ ᠬᠤᠶᠠᠷ ᠢ ᠪᠠᠭᠤᠷᠠᠭᠤᠯᠬᠤ︾ ᠳᠠᠩᠰᠠ ᠲᠠᠶᠢᠯᠬᠤ ᠬᠡᠯᠪᠡᠶᠢᠯᠲᠡ ᠶᠢᠨ ᠲᠥᠷᠥ ᠶᠢᠨ ᠪᠣᠳᠣᠯᠭ᠎ᠠ ᠶᠢ ᠬᠢᠨᠠᠮᠠᠭᠠᠶ ᠨᠠᠢᠳᠠᠪᠤᠷᠢᠵᠢᠭᠤᠯᠬᠤ᠂ ᠶᠠᠳᠠᠭᠤ ᠬᠦᠴᠢᠷᠳᠡᠯᠲᠡᠶ ᠬᠥᠮᠦᠰ ᠤᠨ ᠡᠮᠨᠡᠯᠭᠡ ᠳᠤ ᠰᠠᠭᠤᠵᠤ ᠳᠠᠩᠰᠠ ᠲᠠᠶᠢᠯᠬᠤ ᠵᠠᠷᠤᠳᠠᠯ ᠤᠨ ᠬᠠᠷᠢᠴᠠᠯ ᠢ ᠶᠡᠷᠦᠩᠬᠡᠶ ᠵᠠᠷᠤᠳᠠᠯ ᠤᠨ90 % ᠳᠤ ᠬᠦᠷᠭᠡᠬᠦ ᠶᠢ ᠦᠨᠡᠨᠬᠦ ᠪᠠᠲᠤᠯᠠᠨ᠎ᠠ᠃ 46 ᠲᠦᠮᠡᠨ ᠲᠥᠭᠦᠷᠢᠭ ᠤᠨ ᠪᠠᠯᠠ ᠣᠷᠣᠭᠤᠯᠵᠤ᠂ ᠳᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯᠲᠡᠶ ᠬᠥᠮᠥᠨ ᠠᠮᠠ ᠳᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠬᠤᠪᠢ ᠬᠥᠮᠦᠨ ᠤ ᠰᠦᠢᠳᠬᠡᠯ ᠲᠤᠰᠢᠶᠠᠬᠤ ᠬᠡᠰᠡᠭ ᠢ ᠣᠷᠣᠯᠠᠨ ᠲᠤᠰᠢᠶᠠᠵᠤ ᠥᠭᠭᠦᠨ᠎ᠡ᠃ 65 ᠲᠦᠮᠡᠨ ᠲᠥᠭᠦᠷᠢᠭ ᠤᠨ ᠪᠠᠯᠠ ᠣᠷᠣᠭᠤᠯᠵᠤ᠂ ᠰᠢᠶᠠᠨ ᠤ ᠡᠮᠨᠡᠯᠭᠡ ᠶᠢᠨ ᠬᠤᠷᠢᠶᠠᠨ ᠤ ︽ᠨᠢᠭᠡ ᠯᠠ ᠥᠷᠲᠡᠭᠡᠨ ᠤ ᠮᠠᠶ᠋ᠢᠭ︾ ᠤᠨ ᠶᠡᠷᠦᠩᠬᠡᠶᠢᠯᠡᠭᠰᠡᠨ ᠦᠶᠯᠡᠴᠢᠯᠡᠭᠡᠨ ᠤ ᠴᠣᠩᠬᠤ ᠪᠠ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ ᠵᠥᠭᠡᠯᠡᠨ ᠲᠣᠨᠤᠭ ᠤᠨ ᠲᠠᠪᠴᠠᠩ ᠢ ᠪᠠᠶᠢᠭᠤᠯᠪᠠ᠃ 20 ᠲᠦᠮᠡᠨ ᠲᠥᠭᠦᠷᠢᠭ ᠪᠠᠯᠠ ᠣᠷᠣᠭᠤᠯᠵᠤ᠂ ᠶᠠᠳᠠᠭᠤ ᠬᠦᠴᠢᠷᠳᠡᠯᠲᠡᠶ ᠬᠥᠮᠥᠨ ᠠᠮᠠ ᠶᠢᠨ ᠤᠳᠠᠭᠠᠨ ᠴᠢᠨᠠᠷᠲᠠᠶ ᠡᠪᠡᠳᠴᠢᠨ ᠳᠤ ᠨᠡᠷᠪᠡᠭᠳᠡᠭᠰᠡᠳ ᠲᠤ ︽ᠡᠮᠴᠢ ᠡᠮ ᠬᠦᠷᠭᠡᠬᠦ︾ ᠳᠤ ᠬᠡᠷᠡᠭᠯᠡᠨ᠎ᠡ᠃ 141 ᠲᠦᠮᠡᠨ ᠲᠥᠭᠦᠷᠢᠭ ᠪᠠᠯᠠ ᠣᠷᠣᠭᠤᠯᠵᠤ᠂ ᠶᠠᠳᠠᠭᠤ ᠬᠦᠴᠢᠷᠳᠡᠯᠲᠡᠶ ᠬᠥᠮᠥᠨ ᠠᠮᠠ ᠳᠤ ᠬᠤᠳᠠᠯᠳᠤᠭᠠᠨ ᠤ ᠡᠮ ᠡᠮᠨᠡᠯᠭᠡ ᠶᠢᠨ ᠨᠥᠬᠦᠪᠥᠷᠢ ᠳᠠᠭᠠᠳᠬᠠᠯ ᠪᠠ ᠭᠡᠷ ᠪᠦᠯᠢ ᠶᠢᠨ ᠡᠳ᠋ ᠬᠥᠷᠥᠩᠭᠡ ᠶᠢᠨ ᠳᠠᠭᠠᠳᠬᠠᠯ ᠬᠤᠳᠠᠯᠳᠤᠨ ᠠᠪᠴᠤ ᠥᠭᠪᠡ᠃ ᠭᠡᠷ ᠲᠡᠭᠡᠨ ᠪᠠᠶᠢᠭ᠎ᠠ 2080 ᠶᠠᠳᠠᠭᠤ ᠬᠦᠴᠢᠷᠳᠡᠯᠲᠡᠶ ᠣᠯᠠᠨ ᠲᠦᠮᠡᠨ ᠳᠤ ᠰᠦᠢᠳᠬᠡᠯ ᠬᠤᠷᠢᠶᠠᠬᠤ ᠥᠬᠡᠶ ᠡᠷᠡᠭᠦᠯ ᠮᠡᠨᠳᠦ ᠶᠢᠨ ᠪᠡᠶ᠎ᠡ ᠶᠢᠨ ᠪᠠᠢᠴᠠᠭᠠᠯᠲᠠ ᠬᠢᠵᠦ᠂ 919 ᠶᠠᠳᠠᠭᠤ ᠬᠦᠴᠢᠷᠳᠡᠯᠲᠡᠶ ᠡᠷᠦᠬᠡ ᠳᠤ ᠵᠢᠵᠢᠭ ᠡᠮ ᠤᠨ ᠬᠠᠶᠢᠷᠴᠠᠭ ᠣᠯᠭᠤᠵᠤ᠂ ᠭᠡᠷ᠎ᠡ ᠲᠣᠭᠲᠠᠬᠤ ᠦᠶᠯᠡᠴᠢᠯᠡᠭᠡ ᠶᠢ ᠬᠡᠷᠡᠭᠵᠢᠭᠦᠯᠪᠡ᠃ ᠶᠠᠳᠠᠭᠤ ᠬᠦᠴᠢᠷᠳᠡᠯᠲᠡᠶ ᠬᠥᠮᠦᠰ ᠤᠨ ᠡᠮᠨᠡᠯᠭᠡ ᠳᠤ ᠰᠠᠭᠤᠵᠤ ᠳᠠᠩᠰᠠ ᠲᠠᠶᠢᠯᠬᠤ ᠬᠠᠷᠢᠴᠠᠯ ᠢ 90 % ᠠᠴᠠ ᠳᠡᠭᠡᠭᠰᠢ ᠳᠤ ᠬᠦᠷᠦᠭᠦᠯᠦᠨ᠎ᠡ᠃ ᠰᠤᠷᠭᠠᠨ ᠬᠥᠮᠦᠵᠢᠯ ᠢᠶᠠᠷ ᠶᠠᠳᠠᠭᠤ ᠶᠢ ᠲᠡᠳᠬᠦᠬᠦ ᠲᠠᠯ᠎ᠠ ᠪᠠᠷ᠄ ᠤᠯᠤᠰ᠂ ᠥᠪᠡᠷᠲᠡᠭᠡᠨ ᠵᠠᠰᠠᠬᠤ ᠣᠷᠣᠨ᠂ ᠬᠥᠬᠡᠬᠤᠲᠠ ᠬᠤᠲᠠ ᠶᠢᠨ ᠡᠯ᠎ᠡ ᠵᠦᠶᠯ ᠤᠨ ᠲᠤᠰᠠᠯᠠᠬᠤ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠭᠰᠠᠨ ᠰᠠᠭᠤᠷᠢᠨ ᠳᠡᠭᠡᠷ᠎ᠡ᠂ ︽4334︾ ᠢᠨᠵᠧᠨᠧᠷᠢᠩ ᠢ ᠡᠬᠢᠯᠡᠭᠦᠯᠦᠨ ᠬᠡᠷᠡᠭᠵᠢᠭᠦᠯᠵᠦ᠂ ᠳᠠᠩᠰᠠ ᠡᠪᠬᠡᠮᠡᠯ ᠪᠠᠶᠢᠭᠤᠯᠤᠨ ᠺᠠᠷᠲ ᠠᠪᠤᠭᠰᠠᠨ ᠶᠠᠳᠠᠭᠤ ᠬᠦᠴᠢᠷᠳᠡᠯᠲᠡᠶ ᠭᠡᠷ ᠪᠦᠯᠢ ᠶᠢᠨ ᠰᠤᠷᠤᠭᠴᠢᠳ ᠢ ᠲᠤᠰᠠᠯᠠᠬᠤ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠪᠠ᠃ ᠪᠠᠯᠴᠢᠷ ᠬᠡᠦᠬᠡᠳ ᠤᠨ ᠬᠥᠮᠥᠨ ᠪᠦᠷᠢ ᠰᠤᠷᠤᠯᠭ᠎ᠠ ᠶᠢᠨ ᠵᠢᠯ ᠪᠦᠷᠢ 4000 ᠲᠥᠭᠦᠷᠢᠭ᠂ ᠪᠠᠭ᠎ᠠ ᠰᠤᠷᠭᠠᠭᠤᠯᠢ ᠶᠢᠨ ᠰᠤᠷᠤᠭᠴᠢ ᠨᠢᠭᠡᠪᠦᠷᠢ ᠰᠤᠷᠤᠯᠭ᠎ᠠ  ᠶᠢᠨ ᠵᠢᠯ ᠪᠦᠷᠢ 3000 ᠲᠥᠭᠦᠷᠢᠭ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠭᠴᠢ ᠨᠢᠭᠡᠪᠦᠷᠢ ᠰᠤᠷᠤᠯᠭ᠎ᠠ ᠶᠢᠨ ᠵᠢᠯ ᠪᠦᠷᠢ 3000 ᠲᠥᠭᠦᠷᠢᠭ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠭᠴᠢ ᠨᠢᠭᠡᠪᠦᠷᠢ ᠰᠤᠷᠤᠯᠭ᠎ᠠ ᠶᠢᠨ ᠵᠢᠯ ᠪᠦᠷᠢ 4000 ᠲᠥᠭᠦᠷᠢᠭ ᠪᠠᠶᠬᠤ ᠪᠠᠷᠢᠮᠵᠢᠶ᠎ᠠ ᠶᠣᠰᠣᠭᠠᠷ ᠨᠥᠬᠦᠪᠥᠷᠢ ᠥᠭᠬᠦ ᠶᠢᠨ ᠬᠠᠮᠲᠤ ᠰᠤᠷᠤᠯᠭ᠎ᠠ ᠲᠡᠳᠬᠦᠬᠦ ᠲᠥᠷᠥ ᠶᠢᠨ ᠪᠣᠳᠣᠯᠭ᠎ᠠ ᠶᠢ 10000 ᠲᠥᠭᠦᠷᠢᠭ ᠬᠦᠷᠲᠡᠭᠰᠡᠨ ᠥᠬᠡᠶ ᠳᠠᠩᠰᠠ ᠡᠪᠬᠡᠮᠡᠯ  ᠪᠠᠶᠢᠭᠤᠯᠤᠨ ᠺᠠᠷᠲ ᠠᠪᠤᠭᠰᠠᠨ ᠭᠡᠷ ᠪᠦᠯᠢ ᠶᠢᠨ ᠣᠶᠤᠲᠠᠨ ᠳᠤ ᠬᠥᠮᠥᠨ ᠪᠦᠷᠢ ᠵᠢᠯ ᠳᠤ 10000 ᠲᠥᠭᠦᠷᠢᠭ ᠤᠨ ᠨᠥᠬᠦᠪᠥᠷᠢ ᠣᠯᠭᠤᠨ᠎ᠠ᠃ 2018 ᠣᠨ ᠳᠤ ᠡᠪᠬᠡᠮᠡᠯ ᠪᠠᠶᠢᠭᠤᠯᠵᠦ ᠺᠠᠷᠲᠯᠠᠨ ᠳᠠᠩᠰᠠᠯᠠᠭᠰᠠᠨ ᠶᠠᠳᠠᠭᠤ ᠬᠦᠴᠢᠷᠳᠡᠯᠲᠡᠶ ᠰᠤᠷᠤᠭᠴᠢ ᠶᠢ ᠨᠡᠶᠢᠲᠡ 422 ᠬᠥᠮᠥᠨ ᠤᠳᠠᠭ᠎ᠠ ᠲᠤᠰᠠᠯᠠᠵᠤ᠂ ᠲᠡᠳᠬᠦᠮᠵᠢ ᠶᠢᠨ ᠮᠥᠩᠭᠦ ᠣᠯᠭᠤᠪᠠ᠃  2018 ᠣᠨ ᠳᠤ ᠳᠠᠩᠰᠠᠯᠠᠨ ᠺᠠᠷᠲᠯᠠᠭᠰᠠᠨ ᠶᠠᠳᠠᠭᠤ ᠬᠦᠴᠢᠷᠳᠡᠯᠲᠡᠶ ᠰᠤᠷᠤᠭᠴᠢ ᠶᠢ ᠨᠡᠶᠢᠲᠡ 422 ᠬᠥᠮᠥᠨ ᠤᠳᠠᠭ᠎ᠠ ᠲᠤᠰᠠᠯᠠᠵᠤ᠂ 90 . 35 ᠲᠦᠮᠡᠨ ᠲᠥᠭᠦᠷᠢᠭ ᠤᠨ ᠪᠠᠯᠠ ᠮᠥᠩᠭᠦ ᠶᠢᠨ ᠲᠤᠰᠠᠯᠠᠮᠵᠢ  ᠶᠢᠨ ᠮᠥᠩᠭᠦ ᠲᠠᠷᠬᠠᠭᠠᠪᠠ᠃ ᠳᠠᠯᠠᠢ ᠲᠠᠩᠭᠢᠰ ᠢ ᠥᠷᠭᠡᠳᠬᠡᠬᠦ ᠲᠥᠯᠥᠪᠯᠡᠭᠡ ᠶᠢ ᠬᠡᠷᠡᠭᠵᠢᠭᠦᠯᠵᠦ᠂  ᠨᠡᠶᠢᠳᠡ 19 ᠶᠠᠳᠠᠭᠤ ᠬᠦᠴᠢᠷᠳᠡᠯ ᠲᠠᠢ ᠰᠤᠷᠤᠭᠴᠢ ᠶᠢ ᠲᠡᠳᠬᠦᠨ ᠲᠤᠰᠠᠯᠠᠵᠤ᠂ 9.5 ᠲᠦᠮᠡᠨ ᠲᠥᠭᠦᠷᠢᠭ ᠤᠨ ᠪᠡᠯᠡ ᠮᠥᠩᠭᠦ ᠲᠠᠷᠬᠠᠭᠠᠪᠠ᠃ 19 ᠶᠠᠳᠠᠭᠤ ᠬᠦᠴᠢᠷᠳᠡᠯ ᠲᠠᠢ ᠭᠡᠷ ᠪᠦᠯᠢ ᠶᠢᠨ ᠶᠡᠭᠡ ᠰᠤᠷᠭᠠᠭᠤᠯᠢ ᠶᠢᠨ ᠰᠢᠨ᠎ᠡ ᠰᠤᠷᠤᠭᠴᠢᠳ ᠲᠤ ᠬᠥᠮᠥᠨ ᠪᠦᠷᠢ ᠵᠢᠯ ᠳᠤ 10000 ᠲᠥᠭᠦᠷᠢᠭ ᠤᠨ ᠨᠥᠬᠦᠪᠥᠷᠢ 19 ᠬᠥᠮᠥᠨ ᠣᠯᠭᠤᠵᠤ᠂ ᠨᠡᠶᠢᠳᠡ19 ᠲᠦᠮᠡᠨ ᠲᠥᠭᠦᠷᠢᠭ ᠤᠨ ᠪᠡᠯᠡ ᠮᠥᠩᠭᠦ ᠲᠠᠷᠬᠠᠭᠠᠪᠠ᠃ ᠨᠡᠢᠭᠡᠮ ᠤᠨ ᠦᠨᠳᠦᠰᠦᠨ ᠵᠦᠶᠯ ᠢ ᠪᠠᠲᠤᠯᠠᠬᠤ ᠲᠠᠯ᠎ᠠ ᠪᠠᠷ᠄ ︽ᠨᠠᠭᠠᠳᠤ ᠵᠠᠬ᠎ᠠ ᠶᠢᠨ ᠪᠠᠲᠤᠯᠠᠭ᠎ᠠ ᠶᠢᠨ ᠡᠲᠡᠭᠡᠳ ᠢ ᠮᠠᠭᠠᠳᠯᠠᠨ ᠲᠣᠭᠲᠠᠭᠠᠬᠤ ᠬᠡᠷᠡᠭᠵᠢᠭᠦᠯᠬᠦ ᠰᠠᠨᠠᠯ︾ ᠢ ᠲᠣᠭᠲᠠᠭᠠᠵᠤ᠂ ᠨᠥᠬᠦᠴᠡᠯ ᠳᠤ ᠨᠡᠢᠴᠡᠬᠦ ᠳᠠᠩᠰᠠᠯᠠᠨ ᠺᠠᠷᠲᠯᠠᠭᠰᠠᠨ ᠶᠠᠳᠠᠭᠤ ᠬᠦᠴᠢᠷᠳᠡᠯᠲᠡᠶ ᠡᠷᠦᠬᠡ ᠶᠢ ᠴᠠᠭ ᠲᠤᠬᠠᠶ  ᠳᠤᠨᠢ ᠬᠥᠳᠡᠭᠡ ᠲᠣᠰᠬᠤᠨ ᠤ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠬᠡᠪᠴᠢᠶᠡᠨ ᠳᠤ ᠣᠷᠣᠭᠤᠯᠵᠤ᠂ ᠪᠥᠬᠦ ᠰᠢᠶᠠᠨ  ᠤ ᠳᠠᠩᠰᠠᠯᠠᠨ ᠺᠠᠷᠲᠯᠠᠭᠰᠠᠨ ᠶᠠᠳᠠᠭᠤ ᠬᠦᠴᠢᠷᠳᠡᠯᠲᠡᠶ ᠡᠷᠦᠬᠡ ᠪᠠ ᠶᠠᠳᠠᠭᠤ ᠠᠴᠠ ᠠᠩᠭᠢᠵᠢᠷᠠᠭᠤᠯᠬᠤ ᠲᠥᠷᠥ ᠶᠢᠨ ᠪᠣᠳᠣᠯᠭ᠎ᠠ ᠶᠢᠨ ᠡᠷᠦᠬᠡ ᠶᠢᠨ ᠳᠣᠲᠣᠷ᠎ᠠ 486 ᠡᠷᠦᠬᠡ 974 ᠬᠥᠮᠥᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠬᠠᠷᠠᠭᠠᠯᠵᠠᠯ ᠬᠦᠷᠲᠡᠵᠦ᠂ 25 ᠡᠷᠦᠬᠡ 25 ᠬᠥᠮᠥᠨ ᠲᠠᠪᠤᠨ ᠪᠠᠲᠤᠯᠠᠭ᠎ᠠ ᠶᠢᠨ ᠬᠠᠷᠠᠭᠠᠯᠵᠠᠯ ᠬᠦᠷᠲᠡᠵᠦ᠂ 1 ᠬᠥᠮᠥᠨ ᠥᠨᠥᠴᠢᠨ ᠬᠡᠦᠬᠡᠳ ᠤᠨ ᠬᠠᠷᠠᠭᠠᠯᠵᠠᠯ ᠬᠦᠷᠲᠡᠵᠦ᠂ ᠨᠡᠶᠢᠲᠡ 316 . 46 ᠲᠦᠮᠡᠨ ᠲᠥᠭᠦᠷᠢᠭ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠮᠥᠩᠭᠦ ᠣᠯᠭᠤᠭᠰᠠᠨ ᠪᠠᠢᠨ᠎ᠠ᠃ ᠵᠡᠮᠳᠡᠭᠴᠦᠳ ᠤᠨ ᠬᠤᠶᠠᠷ ᠵᠦᠶᠯ ᠤᠨ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠢᠳᠠᠪᠤᠷᠢᠵᠢᠭᠤᠯᠬᠤ᠂ ᠨᠡᠶᠢᠲᠡ 215 ᠬᠥᠮᠥᠨ ᠵᠡᠮᠳᠡᠭ ᠤᠨ ᠨᠥᠬᠦᠪᠥᠷᠢ ᠶᠢ ᠬᠦᠷᠲᠡᠵᠦ᠂ ᠨᠡᠶᠢᠲᠡ 34 . 49 ᠲᠦᠮᠡᠨ ᠲᠥᠭᠦᠷᠢᠭ ᠤᠨ ᠪᠠᠯᠠ ᠮᠥᠩᠭᠦ ᠲᠠᠷᠬᠠᠭᠠᠪᠠ ᠃ ᠮᠥᠩᠭᠦᠨ ᠭᠦᠶᠯᠭᠡᠭᠡᠨ ᠢᠶᠠᠷ ᠶᠠᠳᠠᠭᠤ ᠶᠢ ᠲᠡᠳᠬᠦᠬᠦ ᠲᠠᠯ᠎ᠠ ᠪᠠᠷ᠄ 600 ᠲᠦᠮᠡᠨ ᠲᠥᠭᠦᠷᠢᠭ ᠣᠷᠣᠭᠤᠯᠵᠤ᠂ ᠵᠢᠭᠡᠯᠡᠯᠭᠡ ᠲᠠᠯᠪᠢᠬᠤ ᠬᠡᠪᠴᠢᠶ᠎ᠡ ᠶᠢ 5000 ᠲᠦᠮᠡ ᠳᠤ ᠬᠦᠷᠦᠭᠦᠯᠵᠦ᠂ ᠶᠠᠳᠠᠭᠤ ᠬᠦᠴᠢᠷᠳᠡᠯᠲᠡᠶ ᠡᠷᠦᠬᠡ ᠶᠢᠨ ᠵᠢᠭᠡᠯᠡᠯᠭᠡ ᠳᠤ ︽ᠪᠠᠷᠢᠴᠠᠭᠠᠨ ᠤ ᠮᠥᠩᠭᠦ ᠶᠢ ᠬᠡᠯᠲᠦᠷᠢᠭᠦᠯᠬᠦ᠂ ᠳᠠᠭᠠᠭᠠᠯᠲᠠ ᠬᠢᠬᠦ ᠶᠢ ᠬᠡᠯᠲᠦᠷᠢᠭᠦᠯᠬᠦ᠂ ᠵᠠᠰᠠᠭ ᠤᠨ ᠣᠷᠳᠣᠨ ᠤ ᠳᠡᠮ ᠬᠦᠦ ᠥᠭᠬᠦ︾ ᠶᠢ ᠬᠡᠷᠡᠭᠵᠢᠭᠦᠯᠦᠨ᠎ᠡ᠃ 2018 ᠣᠨ ᠤ ᠪᠥᠬᠦ ᠵᠢᠯ ᠳᠤ ᠮᠥᠩᠭᠦᠨ ᠭᠦᠶᠯᠭᠡᠭᠡᠨ  ᠤ ᠨᠠᠷᠢᠯᠢᠭ ᠣᠨᠣᠴᠠᠲᠠᠶ ᠪᠠᠷ ᠶᠠᠳᠠᠭᠤ ᠶᠢ ᠲᠡᠳᠬᠦᠬᠦ ᠢᠲᠡᠭᠡᠮᠵᠢᠲᠦ ᠵᠢᠭᠡᠯᠡᠯᠭᠡ ᠶᠢᠨ ᠪᠠᠯᠠ ᠮᠥᠩᠭᠦ ᠶᠢ ᠨᠡᠶᠢᠲᠡ 945 ᠲᠦᠮᠡᠨ ᠲᠥᠭᠦᠷᠢᠭ ᠲᠠᠷᠬᠠᠭᠠᠪᠠ᠂ ᠡᠭᠦᠨ ᠳᠤ ᠶᠠᠳᠠᠭᠤ ᠬᠦᠴᠢᠷᠳᠡᠯᠲᠡᠶ ᠡᠷᠦᠬᠡ ᠶᠢᠨ ᠪᠠᠭ᠎ᠠ ᠲᠣᠭᠠᠨ ᠤ ᠵᠢᠭᠡᠯᠡᠯᠭᠡ 645 ᠲᠦᠮᠡᠨ ᠲᠥᠭᠦᠷᠢᠭ ᠪᠠᠶᠢᠵᠤ᠂ ᠳᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯᠲᠡᠶ ᠡᠷᠦᠬᠡ ᠶᠢᠨ 161 ᠡᠷᠦᠬᠡ ᠳᠤ ᠬᠤᠯᠪᠣᠭᠳᠠᠵᠠᠶ︔ ᠶᠠᠳᠠᠭᠤ ᠶᠢ ᠲᠡᠳᠬᠦᠵᠦ ᠬᠠᠪᠰᠤᠷᠤᠨ ᠲᠡᠳᠬᠦᠬᠦ ᠠᠵᠤ ᠠᠬᠤᠢᠯᠠᠯ ︵ᠥᠪᠥᠷ ᠮᠣᠩᠭᠤᠯ ᠤᠨ ᠾᠧᠩ ᠹᠦ᠋ ᠲᠡᠵᠢᠭᠡᠯ ᠪᠣᠷᠳᠣᠭᠠᠨ ᠤ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ︶ ᠳᠤ 300 ᠲᠦᠮᠡᠨ ᠲᠥᠭᠦᠷᠢᠭ ᠤᠨ ᠵᠢᠭᠡᠯᠡᠯᠭᠡ ᠲᠠᠯᠪᠢᠪᠠ᠃ ᠣᠷᠣᠨ ᠰᠠᠭᠤᠴᠠ ᠶᠢᠨ ᠠᠮᠤᠷ ᠲᠦᠪᠰᠢᠨ ᠤ ᠲᠠᠯ᠎ᠠ ᠪᠠᠷ᠂ ᠪᠥᠬᠦ ᠰᠢᠶᠠᠨ ᠤ 120 ᠵᠠᠰᠠᠭ ᠵᠠᠬᠢᠷᠭᠠᠨ ᠤ ᠲᠣᠰᠬᠤᠨ ᠤ 39556 ᠡᠷᠦᠬᠡ  ᠶᠢᠨ ᠭᠡᠷ ᠪᠠᠶᠢᠰᠢᠩ ᠢ ᠵᠢᠭᠰᠠᠭᠠᠨ ᠪᠠᠶᠢᠴᠠᠭᠠᠵᠤ ᠮᠠᠭᠠᠳᠯᠠᠨ ᠲᠣᠭᠲᠠᠭᠠᠵᠤ᠂ ᠰᠢᠰᠲ᠋ᠧᠮ ᠳᠤ ᠲᠣᠳᠣᠷᠬᠠᠶᠢᠯᠠᠭᠰᠠᠨ 21 ᠶᠠᠳᠠᠭᠤ ᠬᠦᠴᠢᠷᠳᠡᠯᠲᠡᠶ ᠡᠷᠦᠬᠡ ᠶᠢᠨ ᠨᠤᠷᠠᠬᠤ ᠠᠶᠤᠯᠲᠠᠶ ᠭᠡᠷ ᠪᠠᠶᠢᠰᠢᠩ ᠤᠨ ᠠᠰᠠᠭᠤᠳᠠᠯ ᠢ ᠨᠢᠭᠡᠨᠲᠡ ᠪᠦᠬᠦᠨ  ᠢ ᠰᠢᠶᠳᠪᠦᠷᠢᠯᠡᠪᠡ᠃ ᠨᠡᠢᠭᠡᠮ ᠤᠨ ᠶᠠᠳᠠᠭᠤ ᠶᠢ ᠲᠡᠳᠬᠦᠬᠦ ᠲᠠᠯ᠎ᠠ ᠪᠠᠷ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠢᠶᠠᠨ ᠤ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠪᠠᠯᠭᠠᠰᠤ ᠶᠢ ᠳᠠᠭᠠᠭᠠᠴᠢᠯᠠᠬᠤ᠂ ᠰᠢᠶᠠᠨ ᠤ ᠭᠠᠵᠠᠷ ᠤᠨ ᠲᠠᠰ ᠤᠨ ᠤᠳᠤᠷᠢᠳᠤᠯᠭ᠎ᠠ ᠪᠠ ᠰᠠᠯᠠᠭᠠᠨ ᠲᠠᠰ ᠤᠨ  ᠤᠳᠤᠷᠢᠳᠤᠯᠭ᠎ᠠ ᠭᠠᠴᠠᠭ᠎ᠠ  ︵ᠨᠡᠶᠢᠭᠡᠮ ᠲᠣᠭᠤᠷᠢᠭ︶ ᠶᠢ ᠳᠠᠭᠠᠭᠠᠴᠢᠯᠠᠬᠤ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ 6 ᠬᠥᠮᠥᠨ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ 5 ᠪᠠᠯᠭᠠᠰᠤ᠂ ᠾᠧ ᠺᠸᠦ ᠶᠢᠨ ᠬᠠᠮᠢᠶᠠᠷᠤᠯᠲᠠ ᠶᠢᠨ ᠵᠥᠪᠯᠡᠯ 1 ᠬᠥᠮᠥᠨ᠂ ᠰᠢᠶᠠᠨ ᠭᠠᠵᠠᠷ ᠤᠨ ᠲᠠᠰ ᠤᠨ ᠤᠳᠤᠷᠢᠳᠤᠯᠭ᠎ᠠ 33 ᠬᠥᠮᠥᠨ᠂ 118 ᠨᠢᠭᠡᠴᠢ ᠪᠦᠬᠦ ᠰᠢᠶᠠᠨ ᠤ 120 ᠵᠠᠰᠠᠭ ᠵᠠᠬᠢᠷᠭᠠᠨ ᠤ ᠲᠣᠰᠬᠤᠨ ᠢ ᠳᠠᠭᠠᠭᠠᠴᠢᠯᠠᠭᠤᠯᠬᠤ ᠪᠠᠷ ᠲᠣᠬᠢᠷᠠᠭᠤᠯᠪᠠ᠃ ︽ᠵᠠᠭᠤᠨ ᠠᠵᠤ ᠠᠬᠤᠢᠯᠠᠯ ᠨᠢ ᠵᠠᠭᠤᠨ ᠲᠣᠰᠬᠤᠨ ᠲᠠᠢ ᠬᠤᠯᠪᠣᠭᠠᠯᠠᠬᠤ︾ ᠶᠠᠳᠠᠭᠤ ᠶᠢ ᠲᠡᠳᠬᠦᠬᠦ ᠢᠨᠵᠧᠨᠧᠷᠢᠩ ᠢ ᠪᠦᠬᠦ ᠲᠠᠯ᠎ᠠ ᠪᠠᠷ ᠡᠬᠢᠯᠡᠭᠦᠯᠵᠦ᠂ ︽ᠲᠣᠭᠲᠠᠬᠤ ᠰᠢᠶᠠᠨ  ᠤ ︿ᠵᠠᠭᠤᠨ ᠠᠵᠤ ᠠᠬᠤᠢᠯᠠᠯ ᠨᠢ ᠵᠠᠭᠤᠨ ᠲᠣᠰᠬᠤᠨ ᠲᠠᠢ ᠬᠤᠯᠪᠣᠭᠠᠯᠠᠬᠤ﹀ ᠤᠨᠢᠨ ᠳᠡᠭᠡᠷ᠎ᠡ ᠨᠢ ᠶᠠᠳᠠᠭᠤ ᠶᠢ ᠲᠡᠳᠬᠦᠬᠦ ᠬᠡᠷᠡᠭᠵᠢᠭᠦᠯᠬᠦ ᠲᠥᠰᠦᠯ︾ ᠢ ᠲᠣᠭᠲᠠᠭᠠᠵᠤ᠂ ᠬᠤᠲᠠ᠂ ᠰᠢᠶᠠᠨ ᠬᠤᠶᠠᠷ ᠱᠠᠲᠤᠨ ᠤ ᠬᠢᠨ 100 ᠠᠵᠤ ᠠᠬᠤᠢᠯᠠᠯ ᠢ ᠵᠣᠬᠢᠶᠠᠨ ᠪᠠᠶᠢᠭᠤᠯᠤᠨ ᠲᠠᠶᠢᠴᠢᠯᠠᠵᠦ᠂ ᠠᠵᠤ ᠠᠬᠤᠢᠯᠠᠯ ᠢᠶᠠᠷ ᠬᠠᠪᠰᠤᠷᠤᠨ ᠲᠡᠳᠬᠦᠬᠦ᠂ ᠶᠠᠳᠠᠭᠤ ᠬᠦᠴᠢᠷᠳᠡᠯᠲᠡᠢ ᠬᠥᠮᠥᠨ ᠠᠮᠠ ᠲᠠᠢ ᠭᠠᠴᠠᠭ᠎ᠠ ᠪᠣᠯᠤᠨ ᠳᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯᠲᠡᠢ ᠡᠷᠦᠬᠡ  ᠪᠠᠷ ᠬᠠᠪᠰᠤᠷᠤᠨ ᠲᠡᠳᠬᠦᠬᠦ ᠡᠲᠡᠭᠡᠳ ᠪᠣᠯᠭᠠᠵᠤ᠂ ᠭᠡᠷ᠎ᠡ ᠲᠣᠭᠲᠠᠵᠤ ᠬᠤᠣᠰᠯᠠᠬᠤ᠂ ᠲᠣᠰᠬᠤᠨ ᠤ ᠠᠵᠤ ᠠᠬᠤᠢᠯᠠᠯ ᠬᠠᠮᠲᠤᠪᠠᠷ ᠪᠠᠶᠢᠭᠤᠯᠬᠤ ᠪᠠᠷ ᠭᠤᠣᠯ ᠬᠡᠯᠪᠡᠷᠢ ᠪᠣᠯᠭᠠᠵᠤ᠂ ᠪᠦᠬᠦ ᠰᠢᠶᠠᠨ ᠤ ᠶᠠᠳᠠᠭᠤ ᠬᠦᠴᠢᠷᠳᠡᠯᠲᠡᠢ ᠬᠥᠮᠥᠨ ᠠᠮᠠ  ᠲᠠᠢ 85 ᠭᠠᠴᠠᠭ᠎ᠠ ᠵᠢᠴᠢ ᠶᠠᠳᠠᠭᠤ ᠬᠦᠴᠢᠷᠳᠡᠯᠲᠡᠢ ᠡᠷᠦᠬᠡ ᠶᠢᠨ ᠶᠠᠳᠠᠭᠤ ᠠᠴᠠ ᠠᠩᠭᠢᠵᠢᠷᠠᠭᠤᠯᠬᠤ ᠬᠡᠷᠡᠭᠴᠡᠭᠡ ᠳᠤ ᠴᠢᠭᠯᠡᠭᠦᠯᠦᠨ᠂ ᠬᠠᠪᠰᠤᠷᠤᠨ ᠲᠡᠳᠬᠦᠬᠦ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠵᠦ᠂ ᠳᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯᠲᠡᠢ ᠡᠷᠦᠬᠡ ᠶᠢᠨ ᠶᠠᠳᠠᠭᠤ ᠠᠴᠠ ᠠᠩᠭᠢᠵᠢᠷᠠᠬᠤ ᠠᠬᠢᠴᠠ ᠶᠢ ᠲᠦᠷᠭᠡᠳᠬᠡᠪᠡ᠃ 2018 ᠣᠨ  ᠳᠤ ᠨᠡᠶᠢᠲᠡ 801 . 09 ᠲᠦᠮᠡᠨ ᠲᠥᠭᠦᠷᠢᠭ ᠤᠨ ᠨᠡᠶᠢᠭᠡᠮ ᠤᠨ ᠶᠠᠳᠠᠭᠤ ᠶᠢ ᠲᠡᠳᠬᠦᠬᠦ ᠪᠠᠯᠠ ᠮᠥᠩᠭᠦ ᠲᠠᠲᠠᠵᠤ᠂ ᠡᠭᠦᠨ ᠳᠤ ᠬᠤᠲᠠ᠂ ᠰᠢᠶᠠᠨ ᠤ ᠨᠢᠭᠡᠴᠡ 543 . 69 ᠲᠦᠮᠡᠨ ᠲᠥᠭᠦᠷᠢᠭ ᠢ ᠬᠠᠪᠰᠤᠷᠤᠨ ᠲᠡᠳᠬᠦᠵᠦ᠂ ︽ᠵᠠᠭᠤᠨ ᠠᠵᠤ ᠠᠬᠤᠢᠯᠠᠯ ᠨᠢ ᠵᠠᠭᠤᠨ ᠲᠣᠰᠬᠤᠨ ᠲᠠᠢ ᠬᠤᠯᠪᠣᠭᠠᠯᠠᠬᠤ︾ 257 . 4 ᠲᠦᠮᠡᠨ ᠲᠥᠭᠦᠷᠢᠭ ᠢ ᠬᠠᠪᠰᠤᠷᠤᠨ ᠲᠡᠳᠬᠦᠪᠡ      ᠬᠥᠲᠥᠯᠥᠭᠴᠢ      ᠰᠢ ᠶᠢᠨ ᠫᠢᠩ ᠶᠡᠷᠦᠩᠬᠡᠶ ᠱᠦᠵᠢ ᠴᠢᠬᠤᠯᠠᠴᠢᠯᠠᠬᠤ ᠳᠠᠭᠠᠨ᠂ ᠶᠠᠳᠠᠭᠤ ᠠᠴᠠ ᠠᠩᠭᠢᠵᠢᠷᠠ ᠪᠠᠶᠠᠵᠢᠬᠤ ᠨᠢ ᠡᠴᠦᠰ ᠲᠡᠭᠡᠨ ᠶᠠᠳᠠᠭᠤ ᠬᠦᠴᠢᠷᠳᠡᠯᠲᠡᠶ ᠣᠯᠠᠨ ᠲᠦᠮᠡᠨ ᠤ ᠥᠪᠡᠷ ᠤᠨ ᠰᠢᠷᠭᠠᠭᠤ ᠬᠥᠳᠡᠯᠮᠦᠷᠢ ᠪᠠᠷ ᠢᠶᠠᠨ ᠪᠡᠶᠡᠯᠡᠭᠳᠡᠬᠦ ᠳᠤ ᠲᠦᠰᠢᠭᠯᠡᠬᠦ ᠬᠡᠷᠡᠭᠲᠡᠶ ᠭᠡᠵᠡᠶ᠃ ᠲᠣᠭᠲᠠᠬᠤ ᠰᠢᠶᠠᠨ ᠤ ᠶᠠᠳᠠᠭᠤ ᠬᠦᠴᠢᠷᠳᠡᠯᠲᠡᠢ ᠡᠷᠦᠬᠡ ᠬᠤᠶᠢᠨ᠎ᠠ ᠬᠤᠶᠢᠨ᠎ᠠ ᠠᠴᠠ ᠪᠠᠨ ︽ᠮᠠᠯᠠᠭᠠᠢ ᠪᠠᠨ ᠠᠪᠴᠤ ᠬᠠᠶᠠᠬᠤ︾ ᠠᠮᠢᠳᠤᠯᠢᠭ ᠪᠣᠳᠠᠲᠤ ᠪᠠᠶᠢᠳᠠᠯ ᠨᠢ ᠲᠠᠷᠢᠶᠠᠴᠢᠳ ᠢ ᠤᠨᠢᠨ ᠳᠡᠭᠡᠷ᠎ᠡ ᠨᠢ ᠶᠠᠳᠠᠭᠤ ᠠᠴᠠ ᠠᠩᠭᠢᠵᠢᠷᠠᠭᠤᠯᠬᠤ ᠣᠨᠣᠪᠴᠢᠲᠠᠢ ᠵᠠᠮ ᠢ ᠭᠡᠷᠡᠴᠢᠯᠡᠵᠦ ᠪᠠᠶᠢᠨ᠎ᠠ᠃ ᠲᠠ ᠡᠨᠡ ᠲᠠᠯ᠎ᠠ ᠶᠢᠨ ᠪᠠᠶᠢᠳᠠᠯ ᠢ ᠶᠠᠷᠢᠵᠤ ᠦᠭᠭᠦᠨᠦ︖      ᠲᠣᠭᠲᠠᠬᠤ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠣᠨ ᠣᠷᠳᠣᠨ ᠤ ᠳᠡᠳ᠋ ᠳᠠᠷᠤᠭ᠎ᠠ ᠵᠤᠤ ᠯᠢ ᠮᠢᠨ      ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠰᠠᠶᠢᠲᠤᠷ ᠬᠢᠬᠦ ᠳᠤ ᠶᠠᠳᠠᠭᠤ ᠬᠦᠴᠢᠷᠳᠡᠯᠲᠡᠢ ᠤᠯᠠᠨ ᠲᠦᠮᠡᠨ ᠢ ᠲᠥᠷᠥᠯ ᠰᠠᠳᠤᠨ‌ᠮᠡᠳᠦ ᠬᠠᠶᠢᠷᠠᠯᠠᠨ ᠬᠦᠨᠳᠦᠳᠬᠡᠬᠦ ᠴᠢᠬᠤᠯᠠᠲᠠᠢ᠃ ᠲᠣᠭᠲᠠᠬᠤ ᠰᠢᠶᠠᠨ ︽ᠶᠠᠳᠠᠭᠤ ᠶᠢ ᠲᠡᠳᠬᠦᠵᠦ ᠣᠶᠣᠨ ᠢ ᠲᠡᠳᠬᠦᠵᠦ ᠡᠷᠴᠢ ᠵᠣᠷᠢᠭ ᠢ ᠲᠡᠳᠬᠦᠬᠦ︾ ᠶᠢ ᠬᠦᠴᠦ ᠲᠠᠯᠪᠢᠨ ᠪᠣᠳᠣᠯᠬᠢᠯᠠᠵᠤ᠂ ᠵᠥᠪᠬᠡᠨ ᠭᠠᠳᠠᠨ᠎ᠠ ᠠᠴᠠ ᠬᠠᠪᠰᠤᠷᠤᠨ ᠲᠡᠳᠬᠦᠬᠦ ᠳᠤ ᠲᠦᠰᠢᠭᠯᠡᠵᠦ᠂ ᠶᠠᠳᠠᠭᠤ ᠬᠦᠴᠢᠷᠳᠡᠯᠲᠡᠢ ᠤᠯᠠᠨ ᠲᠦᠮᠡᠨ ᠤ ᠢᠳᠡᠪᠬᠢᠵᠢᠯ᠂ ᠰᠠᠨᠠᠭᠠᠴᠢᠯᠠᠭᠠᠲᠤ ᠴᠢᠨᠠᠷ ᠪᠣᠯᠤᠨ ᠪᠦᠲᠦᠭᠡᠯᠴᠢ ᠴᠢᠨᠠᠷ ᠢ ᠴᠢᠷᠮᠠᠶᠢᠨ ᠳᠠᠢᠴᠢᠯᠠᠵᠤ᠂ ᠶᠠᠳᠠᠭᠤ ᠬᠦᠴᠢᠷᠳᠡᠯᠲᠡᠢ ᠤᠯᠠᠨ ᠲᠦᠮᠡᠨ ᠤ ᠲᠠᠷᠢᠶᠠᠯᠠᠩ ᠡᠷᠬᠢᠯᠡᠵᠦ ᠬᠤᠳᠠᠯᠳᠤᠭ᠎ᠠ ᠡᠷᠬᠢᠯᠡᠬᠦ ᠦᠨᠳᠦᠰᠦᠨ ᠤᠷ᠎ᠠ ᠴᠢᠳᠠᠪᠤᠷᠢ  ᠶᠢ ᠬᠥᠮᠦᠵᠢᠭᠦᠯᠬᠦ ᠶᠢ ᠴᠢᠬᠤᠯᠠᠴᠢᠯᠠᠵᠤ᠂ ᠤᠯᠠᠨ ᠲᠦᠮᠡᠨ ᠳᠤ ᠪᠠᠶᠠᠵᠢᠨ ᠴᠢᠨᠡᠭᠡᠯᠢᠭᠵᠢᠬᠦ ᠦᠵᠡᠯ ᠰᠠᠨᠠᠭ᠎ᠠ ᠪᠣᠯᠤᠨ ᠵᠠᠮ ᠢ ᠬᠠᠩᠭᠠᠵᠤ᠂ ᠠᠵᠢᠯᠴᠢ ᠬᠥᠳᠡᠯᠮᠦᠷᠢᠴᠢ ᠪᠠᠷ ᠪᠠᠶᠠᠵᠢᠨ ᠴᠢᠨᠡᠭᠡᠯᠢᠭᠵᠢᠬᠦ ᠶᠢ ᠰᠠᠨᠠᠭᠠᠴᠢᠯᠠᠬᠤ ᠳᠤᠮᠳᠠᠳᠤ ᠶᠢᠨ ᠤᠯᠠᠮᠵᠢᠯᠠᠯᠲᠤ  ᠰᠠᠶᠢᠨ ᠰᠠᠢᠬᠠᠨ ᠰᠤᠷᠲᠠᠯ ᠢ ᠪᠠᠳᠠᠷᠠᠭᠤᠯᠵᠤ᠂ ᠤᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠰᠢᠨᠵᠢᠯᠡᠬᠦ ᠤᠬᠠᠭᠠᠨᠴᠢ ᠵᠥᠪ ᠣᠨᠣᠪᠴᠢᠲᠠᠢ ᠶᠠᠳᠠᠭᠤ ᠠᠴᠠ ᠠᠩᠭᠢᠵᠢᠷᠠ ᠴᠢᠨᠡᠭᠡᠯᠢᠭᠵᠢᠬᠦ ᠵᠠᠮ ᠢᠶᠠᠷ ᠵᠠᠮᠨᠠᠭᠤᠯᠬᠤ ᠬᠡᠷᠡᠭᠲᠡᠢ᠃ ᠨᠢᠭᠡ ᠳᠤ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠤᠨ᠎ᠠ᠃ ᠲᠣᠭᠲᠠᠭᠠᠨ ᠨᠡᠢᠲᠡᠯᠡᠭᠰᠡᠨ ᠡᠷᠡᠭᠦᠯ ᠮᠡᠨᠳᠦ᠂ ᠰᠤᠷᠭᠠᠨ ᠬᠥᠮᠦᠵᠢᠯ᠂ ᠠᠷᠠᠳ ᠤᠨ ᠶᠠᠪᠤᠳᠠᠯ ᠵᠡᠷᠭᠡ ᠶᠠᠳᠠᠭᠤ ᠶᠢ ᠲᠡᠳᠬᠦᠬᠦ ᠲᠥᠷᠥ ᠶᠢᠨ ᠪᠣᠳᠣᠯᠭ᠎ᠠ ᠶᠢ ᠢᠯᠠ ᠺᠠᠷᠲ ᠲᠠᠢ ᠴᠤᠭᠭᠠᠷ ᠬᠡᠷᠡᠮ ᠳᠡᠭᠡᠷ᠎ᠡ ᠭᠠᠷᠭᠠᠬᠤ  ᠶᠢᠨ ᠬᠠᠮᠲᠤ ᠶᠠᠳᠠᠭᠤ ᠬᠦᠴᠢᠷᠳᠡᠯᠲᠡᠶ ᠡᠷᠦᠬᠡ ᠨᠢᠭᠡᠪᠦᠷᠢ ᠳᠤ ︽ᠨᠠᠷᠢᠯᠢᠭ ᠣᠨᠣᠴᠠᠲᠠᠶ ᠪᠠᠷ ᠶᠠᠳᠠᠭᠤ ᠶᠢ ᠲᠡᠳᠬᠦᠵᠦ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠶᠳᠪᠦᠷᠢᠯᠡᠬᠦ ᠬᠥᠳᠡᠯᠦᠩᠭᠦᠶ ᠬᠠᠮᠢᠶᠠᠷᠤᠯᠲᠠ ᠶᠢᠨ ᠠᠵᠢᠯ ᠤᠨ ᠤᠬᠠᠭᠤᠯᠭ᠎ᠠ ᠶᠢᠨ ᠭᠠᠷ ᠳᠡᠪᠲᠡᠷ︾ ︽ᠨᠠᠷᠢᠯᠢᠭ ᠣᠨᠣᠴᠠᠲᠠᠶ ᠪᠠᠷ ᠶᠠᠳᠠᠭᠤ ᠶᠢ ᠲᠡᠳᠬᠦᠬᠦ ᠠᠵᠢᠯ ᠤᠨ ᠤᠬᠠᠭᠤᠯᠭ᠎ᠠ  ᠶᠢᠨ ᠭᠠᠷ ᠳᠡᠪᠲᠡᠷ︾ ᠵᠡᠷᠭᠡ ᠲᠥᠷᠥ ᠶᠢᠨ ᠪᠣᠳᠣᠯᠭ᠎ᠠ ᠶᠢᠨ ᠮᠠᠲ᠋ᠧᠷᠢᠶᠠᠯ ᠢ ᠣᠯᠭᠤᠵᠤ᠂ ᠶᠠᠳᠠᠭᠤ ᠬᠦᠴᠢᠷᠳᠡᠯᠲᠡᠶ ᠣᠯᠠᠨ ᠲᠦᠮᠡᠨ ᠳᠤ ᠶᠠᠳᠠᠭᠤ ᠶᠢ ᠲᠡᠳᠬᠦᠬᠦ ᠡᠯ᠎ᠡ ᠵᠦᠶᠯ ᠤᠨ ᠲᠥᠷᠥ ᠶᠢᠨ ᠪᠣᠳᠣᠯᠭ᠎ᠠ ᠶᠢ ᠴᠠᠭ ᠲᠤᠬᠠᠶ ᠳᠤᠨᠢ ᠰᠤᠷᠤᠯᠴᠠᠨ ᠣᠢᠯᠠᠭᠠᠭᠤᠯᠤᠨ᠎ᠠ᠃ ᠶᠠᠳᠠᠭᠤ ᠶᠢ ᠲᠡᠳᠬᠦᠬᠦ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ  ᠪᠠᠨ ᠴᠢᠩᠭᠠᠳᠬᠠᠵᠤ᠂ ᠪᠠᠯᠭᠠᠰᠤᠨ ᠤ ᠲᠣᠰᠬᠤᠨ ᠤ ᠺᠠᠳ᠋ᠷ᠂ ᠬᠠᠪᠰᠤᠷᠤᠨ ᠲᠡᠳᠬᠦᠬᠦ ᠬᠠᠷᠢᠭᠤᠴᠠᠯᠭᠠᠲᠠᠨ᠂ ᠲᠣᠰᠬᠤᠨ ᠳᠤ ᠰᠠᠭᠤᠬᠤ ᠠᠵᠢᠯᠯᠠᠬᠤ ᠠᠩᠭᠢ ᠶᠢ ᠵᠣᠬᠢᠶᠠᠨ ᠪᠠᠶᠢᠭᠤᠯᠵᠦ ᠲᠣᠭᠲᠠᠮᠠᠯ ᠬᠤᠭᠤᠴᠠᠭ᠎ᠠ ᠲᠠᠢ ᠪᠠᠷ ᠡᠷᠦᠬᠡ  ᠳᠤ ᠬᠦᠷᠴᠦ ᠰᠤᠷᠪᠤᠯᠵᠢᠯᠠᠨ᠂ ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠬᠤ ᠪᠠ ᠤᠬᠠᠭᠤᠯᠤᠨ ᠲᠠᠶᠢᠯᠪᠤᠷᠢᠯᠠᠬᠤ ᠠᠵᠢᠯ ᠢ ᠰᠠᠶᠢᠲᠤᠷ ᠬᠢᠨ᠎ᠡ᠃ ᠤᠬᠠᠭᠤᠯᠬᠤ ᠠᠷᠭ᠎ᠠ ᠮᠠᠶ᠋ᠢᠭ ᠤᠨ ᠲᠠᠯ᠎ᠠ ᠪᠠᠷ ᠰᠢᠨ᠎ᠡ ᠶᠢ ᠡᠭᠦᠳᠴᠦ᠂ ᠲᠥᠪᠯᠡᠷᠡᠭᠦᠯᠦᠨ ᠤᠬᠠᠭᠤᠯᠤᠨ ᠲᠠᠶᠢᠯᠪᠤᠷᠢᠯᠠᠬᠤ᠂ ᠭᠠᠴᠠᠭ᠎ᠠ ᠪᠣᠯᠭᠠᠨ ᠳᠤ ᠷᠠᠳᠢᠣ᠋ ᠨᠡᠪᠲᠡᠷᠡᠭᠦᠯᠬᠦ᠂ ᠭᠠᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠢ ᠬᠤᠷᠠᠯᠳᠤᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠶᠠᠳᠠᠭᠤ ᠬᠦᠴᠢᠷᠳᠡᠯᠲᠡᠶ ᠡᠷᠦᠬᠡ ᠪᠠ ᠡᠩ ᠤᠨ ᠲᠠᠷᠢᠶᠠᠴᠢᠨ ᠡᠷᠦᠬᠡ ᠶᠢ ᠵᠣᠬᠢᠶᠠᠨ ᠪᠠᠶᠢᠭᠤᠯᠵᠦ ᠪᠠᠶᠢᠭᠠᠳ ᠶᠠᠳᠠᠭᠤ  ᠶᠢ ᠲᠡᠳᠬᠦᠬᠦ ᠲᠥᠷᠥ ᠶᠢᠨ ᠪᠣᠳᠣᠯᠭ᠎ᠠ ᠶᠢ ᠰᠢᠰᠲ᠋ᠧᠮ ᠲᠠᠢ ᠰᠤᠷᠤᠯᠴᠠᠨ ᠣᠶᠢᠯᠠᠭᠠᠪᠠ᠃ ᠬᠤᠶᠠᠷ ᠲᠤ᠂ ᠬᠠᠪᠰᠤᠷᠤᠯᠴᠠᠭ᠎ᠠ ᠪᠠᠢᠭᠤᠯᠵᠤ ᠬᠠᠪᠰᠤᠷᠤᠨ ᠲᠡᠳᠬᠦᠬᠦ ᠠᠵᠢᠯ ᠢ ᠴᠢᠩᠭᠠᠳᠬᠠᠨ᠎ᠠ᠃ ᠰᠢᠯᠢᠳᠡᠭ ᠢ ᠨᠢ ᠰᠣᠩᠭᠤᠵᠤ ᠬᠦᠴᠦᠷᠬᠡᠭ ᠢ ᠨᠢ ᠲᠣᠬᠢᠷᠠᠭᠤᠯᠵᠤ ᠬᠠᠪᠰᠤᠷᠤᠨ ᠲᠡᠳᠬᠦᠬᠦ ᠬᠦᠴᠦᠨ ᠢ ᠪᠦᠷᠢᠯᠳᠦᠭᠦᠯᠵᠦ᠂ ᠪᠦᠬᠦ ᠰᠢᠶᠠᠨ ᠤ ᠶᠠᠳᠠᠭᠤ ᠬᠦᠴᠢᠷᠳᠡᠯᠲᠡᠢ ᠬᠥᠮᠥᠨ ᠠᠮᠠ ᠲᠠᠢ 85 ᠲᠣᠰᠬᠤᠨ ᠳᠤ ᠲᠣᠰᠬᠤᠨ ᠳᠤ ᠰᠠᠭᠤᠭ᠎ᠠ ᠠᠵᠢᠯ ᠤᠨ ᠠᠩᠭᠢ ᠶᠢᠨ ᠳᠠᠷᠤᠭ᠎ᠠ 85 ︵ᠡᠭᠦᠨ ᠤ ᠳᠣᠲᠣᠷ᠎ᠠ᠂ ᠬᠤᠳᠠ ᠶᠢᠨ ᠲᠣᠮᠢᠯᠠᠭᠰᠠᠨ 23 ᠬᠥᠮᠥᠨ᠂ ᠰᠢᠶᠠᠨ ᠤ ᠲᠣᠮᠢᠯᠠᠭᠰᠠᠨ 62 ᠬᠥᠮᠥᠨ ᠪᠣᠶ︶᠂ ᠠᠩᠭᠢ ᠶᠢᠨ ᠭᠡᠰᠢᠭᠦᠨ 170 ᠬᠥᠮᠥᠨ᠂ 940 ᠺᠠᠳ᠋ᠷ ᠢ ᠰᠣᠩᠭᠤᠨ ᠲᠣᠮᠢᠯᠠᠵᠤ ᠳᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯᠲᠡᠢ ᠡᠷᠦᠬᠡ ︵ᠡᠭᠦᠨ ᠳᠤ᠂ ᠬᠤᠳᠠ ᠶᠢᠨ ᠲᠣᠮᠢᠯᠠᠭᠰᠠᠨ 561 ᠬᠥᠮᠥᠨ᠂ ᠰᠢᠶᠠᠨ ᠤ ᠲᠣᠮᠢᠯᠠᠭᠰᠠᠨ 379 ᠬᠥᠮᠥᠨ ᠪᠣᠶ︶ ᠶᠢ ᠰᠣᠩᠭᠤᠨ ᠲᠣᠮᠢᠯᠠᠵᠠᠢ᠃ ᠰᠤᠷᠤᠯᠴᠠᠯᠭ᠎ᠠ ᠪᠣᠯᠪᠠᠰᠤᠷᠠᠭᠤᠯᠤᠯ ᠢ ᠴᠢᠩᠭᠠᠳᠬᠠᠵᠤ᠂ ᠲᠤᠰᠬᠠᠶ ᠮᠡᠷᠭᠡᠵᠢᠯᠲᠡᠨ ᠢ ᠤᠷᠢᠵᠤ ᠬᠢᠴᠢᠶᠡᠯ ᠵᠢᠭᠠᠬᠤ᠂ ᠠᠯᠤᠰ ᠵᠠᠶ ᠶᠢᠨ ᠰᠤᠷᠭᠠᠨ ᠬᠥᠮᠦᠵᠢᠯ ᠪᠣᠯᠪᠠᠰᠤᠷᠠᠭᠤᠯᠤᠯ ᠤᠨ ᠲᠠᠪᠴᠠᠩ ᠢ ᠲᠥᠪᠯᠡᠷᠡᠭᠦᠯᠦᠨ ᠪᠣᠯᠪᠠᠰᠤᠷᠠᠭᠤᠯᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠡᠯ᠎ᠡ ᠪᠠᠯᠭᠠᠰᠤ᠂ ᠡᠯ᠎ᠡ ᠰᠠᠯᠠᠭ᠎ᠠ ᠮᠥᠴᠢᠷ᠂ ᠭᠠᠴᠠᠭᠠᠨ ᠤ ︽ᠬᠤᠶᠠᠷ ᠵᠥᠪᠯᠡᠯ︾᠂ ᠲᠣᠰᠬᠤᠨ ᠳᠤ ᠰᠠᠭᠤᠭ᠎ᠠ ᠠᠵᠢᠯᠯᠠᠬᠤ ᠠᠩᠭᠢ᠂ ᠪᠠᠶᠠᠵᠢᠯ ᠤᠨ ᠳᠠᠭᠠᠭᠤᠯᠤᠭᠴᠢ ᠶᠢᠨ ᠬᠥᠮᠦᠵᠢᠯ ᠪᠣᠯᠪᠠᠰᠤᠷᠠᠭᠤᠯᠤᠯ ᠢ ᠴᠢᠩᠭᠠᠳᠬᠠᠵᠤ᠂ ᠲᠥᠪᠯᠡᠷᠡᠭᠦᠯᠦᠨ ᠪᠣᠯᠪᠠᠰᠤᠷᠠᠭᠤᠯᠬᠤ ᠠᠵᠢᠯ ᠢ ᠨᠡᠶᠢᠲᠡ 17 ᠤᠳᠠᠭ᠎ᠠ ᠵᠣᠬᠢᠶᠠᠨ ᠪᠠᠶᠢᠭᠤᠯᠵᠦ ᠥᠷᠨᠢᠭᠦᠯᠦᠨ᠂ ᠪᠣᠯᠪᠠᠰᠤᠷᠠᠭᠤᠯᠬᠤ ᠬᠥᠮᠦᠨ ᠤ ᠲᠤᠭ᠎ᠠ 4732 ᠬᠥᠮᠥᠨ ᠤᠳᠠᠭ᠎ᠠ ᠳᠤ ᠬᠦᠷᠴᠦ᠂ ᠬᠠᠪᠰᠤᠷᠤᠨ ᠲᠡᠳᠬᠦᠬᠦ ᠠᠵᠢᠯ ᠤᠨ ᠬᠠᠨᠳᠤᠯᠭᠠᠲᠤ ᠴᠢᠨᠠᠷ ᠪᠠ ᠪᠦᠳᠦᠮᠵᠢᠳᠦ ᠴᠢᠨᠠᠷ ᠢ ᠦᠨᠡᠨ ᠬᠦ ᠳᠡᠭᠡᠭᠰᠢᠯᠡᠭᠦᠯᠪᠡ᠃ ᠭᠤᠷᠪᠠ ᠳᠤ᠂ ᠡᠷᠴᠢ ᠵᠣᠷᠢᠭ ᠢ ᠲᠡᠳᠬᠦᠬᠦ ᠪᠠ ᠣᠶᠣᠨ ᠤᠬᠠᠭᠠᠨ ᠢ ᠲᠡᠳᠬᠦᠬᠦ ᠶᠢ ᠵᠡᠷᠭᠡᠪᠡᠷ ᠴᠢᠬᠤᠯᠠᠴᠢᠯᠠᠬᠤ ᠶᠢ ᠪᠠᠷᠢᠮᠲᠠᠯᠠᠨ᠎ᠠ᠃ ︽ᠶᠠᠳᠠᠭᠤ ᠶᠢ ᠲᠡᠳᠬᠦᠬᠦ ᠵᠣᠷᠢᠭ ᠢ ᠲᠡᠳᠬᠦᠬᠦ ᠣᠶᠣᠨ ᠤᠬᠠᠭᠠᠨ ᠢ ᠲᠡᠳᠬᠦᠬᠦ ᠠᠵᠢᠯ ᠤᠨ ᠬᠡᠷᠡᠭᠵᠢᠭᠦᠯᠬᠦ ᠲᠥᠰᠦᠯ︾ ᠢ ᠲᠣᠭᠲᠠᠭᠠᠵᠤ᠂ ᠨᠡᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠶᠢᠨ ᠪᠠᠶᠢᠭᠤᠯᠤᠯᠳᠠ᠂ ᠶᠣᠰᠣ ᠰᠤᠷᠲᠠᠬᠤᠨ ᠤ ᠬᠥᠮᠦᠵᠢᠯ᠂ ᠪᠣᠯᠪᠠᠰᠤᠨ ᠢ ᠡᠭᠦᠳᠦᠨ ᠪᠠᠶᠢᠭᠤᠯᠬᠤ᠂ ᠬᠡᠪ ᠵᠠᠩᠰᠢᠯ ᠢ ᠥᠭᠡᠷᠡᠴᠢᠯᠡᠬᠦ᠂ ᠨᠡᠶᠢᠲᠡ ᠶᠢᠨ ᠠᠰᠠᠷᠠᠮᠵᠢ ᠶᠢᠨ ᠠᠪᠤᠷᠠᠨ ᠲᠤᠰᠠᠯᠠᠬᠤ ᠵᠡᠷᠭᠡ ᠠᠵᠢᠯ ᠢ ᠭᠦᠨᠵᠡᠭᠡᠢ ᠠᠬᠢᠭᠤᠯᠵᠤ᠂ ᠳᠣᠲᠣᠭᠠᠳᠤ ᠬᠥᠳᠡᠯᠭᠡᠬᠦ ᠬᠦᠴᠦᠨ ᠢ ᠪᠦᠬᠦ ᠲᠠᠯ᠎ᠠ  ᠪᠠᠷ ᠬᠥᠭᠵᠢᠭᠡᠪᠡ᠃ ᠪᠠᠯᠭᠠᠰᠤᠨ ᠤ ᠺᠠᠳ᠋ᠷ᠂ ᠬᠠᠪᠰᠤᠷᠤᠨ ᠲᠡᠳᠬᠦᠬᠦ ᠬᠠᠷᠢᠭᠤᠴᠠᠯᠭᠠᠲᠠᠨ᠂ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠶᠢ ᠵᠣᠬᠢᠶᠠᠨ ᠪᠠᠶᠢᠭᠤᠯᠤᠨ ᠲᠣᠭᠲᠠᠮᠠᠯ ᠬᠤᠭᠤᠴᠠᠭ᠎ᠠ ᠲᠠᠢ ᠪᠠᠷ ᠭᠡᠷ ᠪᠦᠯᠢ ᠳᠤ ᠬᠦᠷᠴᠦ ᠰᠤᠷᠪᠤᠯᠵᠢᠯᠠᠭᠤᠯᠵᠤ᠂ ᠦᠨᠡᠨ ᠰᠡᠳᠬᠢᠯ ᠠᠴᠠ ᠪᠠᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠰᠠᠶᠢᠲᠤᠷ ᠬᠢᠵᠦ᠂ ᠶᠠᠳᠠᠭᠤ ᠬᠦᠴᠢᠷᠳᠡᠯᠲᠡᠶ ᠣᠯᠠᠨ ᠲᠦᠮᠡᠨ ᠲᠠᠢ ᠨᠢᠭᠤᠷᠲᠠᠨ ᠰᠣᠯᠢᠯᠴᠠᠵᠤ᠂ ᠶᠠᠳᠠᠭᠤ ᠬᠦᠴᠢᠷᠳᠡᠯᠲᠡᠶ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠠᠵᠢᠯᠴᠢ ᠬᠥᠳᠡᠯᠮᠦᠷᠢᠴᠢ ᠠᠷᠪᠢᠴᠢ ᠭᠠᠮᠲᠠᠶ ᠪᠠᠶᠢᠬᠤ᠂ ᠪᠡᠶ᠎ᠡ ᠪᠠᠨ ᠳᠠᠭᠠᠭᠠᠨ ᠥᠪᠡᠷ ᠢ ᠪᠠᠨ ᠬᠦᠴᠦᠷᠬᠡᠭᠵᠢᠭᠦᠯᠬᠦ ᠤᠬᠠᠮᠰᠠᠷ ᠢ ᠪᠤᠢ ᠪᠣᠯᠭᠠᠵᠤ᠂ ᠦᠵᠡᠯ ᠰᠠᠨᠠᠭ᠎ᠠ ᠦᠵᠡᠯᠲᠡ ᠪᠠᠨ ᠦᠨᠡᠨ ᠬᠦ ᠬᠤᠪᠢᠷᠠᠭᠤᠯᠵᠤ᠂ ᠥᠪᠡᠷ ᠤᠨ ᠴᠢᠷᠮᠠᠶᠢᠯᠭ᠎ᠠ ᠪᠠᠷ ᠢᠶᠠᠨ ᠳᠠᠮᠵᠢᠭᠤᠯᠤᠨ᠂ ︽ᠴᠢᠰᠤ ᠶᠡᠭᠦᠯᠡᠬᠦ︾ ᠶᠢ ︽ᠴᠢᠰᠤ ᠪᠦᠲᠦᠭᠡᠬᠦ︾ ᠪᠣᠯᠭᠠᠨ ᠬᠤᠪᠢᠷᠠᠭᠤᠯᠵᠤ᠂ ᠡᠳ᠋ ᠪᠣᠳᠠᠰ ᠪᠠ ᠣᠶᠤᠨ ᠰᠠᠨᠠᠭᠠᠨ ᠤ ︽ᠬᠤᠶᠠᠷ ᠢ ᠶᠠᠳᠠᠭᠤ  ᠠᠴᠠ ᠠᠩᠭᠢᠵᠢᠷᠠᠭᠤᠯᠬᠤ︾ ᠶᠢ ᠪᠡᠶᠡᠯᠡᠭᠦᠯᠦᠨ᠎ᠡ᠃      ᠬᠥᠲᠥᠯᠥᠭᠴᠢ      ᠣᠳᠣᠬᠠᠨ ᠤ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠶᠳᠪᠦᠷᠢᠯᠡᠬᠦ ᠡᠭᠦᠷᠭᠡ ᠪᠠᠰᠠ ᠮᠠᠰᠢ ᠪᠡᠷᠬᠡ ᠬᠠᠲᠠᠭᠤᠵᠢᠯᠲᠠᠶ‌‍ᠪᠠᠶᠢᠨ᠎ᠠ᠂ 2019 ᠣᠨ ᠪᠣᠯ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠶᠳᠪᠦᠷᠢᠯᠡᠬᠦ ᠲᠠᠶᠢᠨ ᠳᠤ ᠢᠯᠠᠯᠲᠠ ᠣᠯᠬᠤ ᠲᠦᠢᠯ ᠤᠨ ᠵᠠᠩᠭᠢᠯᠠᠭ᠎ᠠ ᠶᠢᠨ ᠨᠢᠭᠡ ᠵᠢᠯ ᠮᠥᠨ᠂ ᠲᠠ ᠲᠣᠭᠲᠠᠬᠤ ᠰᠢᠶᠠᠨ ᠤ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠶᠳᠪᠦᠷᠢᠯᠡᠬᠦ ᠠᠵᠢᠯ ᠤᠨ ᠰᠢᠨ᠎ᠡ ᠨᠢᠭᠡ ᠵᠢᠯ ᠳᠤ ᠶᠠᠮᠠᠷ ᠲᠥᠯᠥᠪᠯᠡᠭᠡ ᠲᠠᠢ ᠪᠠᠶᠢᠬᠤ ᠲᠤᠬᠠᠢ ᠶᠠᠷᠢᠭᠠᠳ ᠦᠭᠭᠦᠨᠦ︖        ᠲᠣᠭᠲᠠᠬᠤ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠣᠨ ᠣᠷᠳᠣᠨ ᠤ ᠳᠡᠳ᠋ ᠳᠠᠷᠤᠭ᠎ᠠ ᠵᠣᠣ ᠯᠢ ᠮᠢᠨ      2019 ᠣᠨ ᠪᠣᠯ ᠰᠢᠨ᠎ᠡ ᠳᠤᠮᠳᠠᠳᠤ ᠤᠯᠤᠰ ᠪᠠᠢᠭᠤᠯᠤᠭᠳᠠᠭᠰᠠᠨ 70 ᠵᠢᠯ ᠤᠨ ᠤᠢ ᠪᠣᠯᠤᠨ᠎ᠠ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠣᠯᠬᠤ ᠠᠩᠬᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢᠨ ᠵᠠᠩᠭᠢᠯᠠᠭ᠎ᠠ ᠶᠢᠨ ᠵᠢᠯ ᠪᠣᠯᠤᠨ᠎ᠠ᠃ ᠰᠢᠨ᠎ᠡ ᠨᠢᠭᠡ ᠵᠢᠯ ᠳᠤ᠂ ᠪᠢᠳᠡ ᠶᠡᠷᠦᠩᠬᠡᠢ ᠱᠦᠵᠢ ᠰᠢ ᠶᠢᠨ ᠫᠢᠩ ᠤᠨ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠲᠤᠬᠠᠢ ᠪᠠᠶᠢᠯᠳᠤᠬᠤ ᠪᠣᠳᠣᠯᠭ᠎ᠠ ᠶᠢᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ‌‍ᠲ᠋ᠤᠭᠤᠰᠢᠯᠠᠭᠤᠯᠵᠦ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ  ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ ᠶᠢᠨ ᠰᠢᠨ᠎ᠡ ᠪᠠᠶᠢᠷᠢᠯᠠᠭᠤᠯᠤᠯᠲᠠ᠂ ᠰᠢᠨ᠎ᠡ ᠱᠠᠭᠠᠷᠳᠠᠯᠭ᠎ᠠ ᠶᠣᠰᠣᠭᠠᠷ᠂ ᠠᠪᠴᠤ ᠪᠣᠯᠬᠤ ᠠᠷᠭ᠎ᠠ ᠬᠡᠮᠵᠢᠶ᠎ᠡ ᠪᠦᠬᠦᠨ ᠢ ᠠᠪᠴᠤ᠂ ᠳᠠᠢᠴᠢᠯᠠᠵᠤ ᠪᠣᠯᠬᠤ ᠡᠬᠢ ᠪᠠᠶᠠᠯᠢᠭ ᠪᠦᠬᠦᠨ ᠢ ᠨᠢᠭᠡᠳᠭᠡᠨ ᠲᠠᠶᠢᠴᠢᠯᠠᠵᠦ᠂ ᠬᠡᠷᠡᠭᠯᠡᠵᠦ ᠪᠣᠯᠬᠤ ᠠᠷᠭ᠎ᠠ ᠪᠦᠬᠦᠨ ᠢ ᠰᠦᠪᠡᠭᠴᠢᠯᠡᠵᠦ᠂ ᠠᠭᠤᠯᠠ ᠳᠠᠭᠠᠷᠠᠪᠠᠯ ᠵᠠᠮ ᠨᠡᠭᠡᠭᠡᠵᠦ᠂ ᠤᠰᠤ ᠳᠠᠭᠠᠷᠠᠪᠠᠯ ᠬᠥᠭᠦᠷᠭᠡ ᠲᠠᠯᠪᠢᠬᠤ ᠲᠡᠮᠡᠴᠡᠯ ᠤᠨ ᠵᠣᠷᠢᠭ ᠰᠠᠨᠠᠭ᠎ᠠ ᠪᠠᠷ᠂ ᠡᠯ᠎ᠡ ᠵᠦᠢᠯ ᠤᠨ ᠠᠵᠢᠯ  ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠡᠨᠡ ᠬᠦ ᠬᠠᠲᠠᠭᠤ ᠳᠠᠶᠢᠯᠠᠯᠳᠤᠭᠠᠨ ᠢ ᠡᠷᠡᠰ ᠰᠠᠶᠢᠲᠤᠷ ᠬᠢᠵᠦ᠂ ᠨᠠᠮ ᠪᠣᠯᠤᠨ ᠠᠷᠠᠳ ᠲᠦᠮᠡᠨ ᠳᠤ ᠬᠠᠨᠤᠮᠵᠢᠲᠠᠢ ᠬᠠᠷᠢᠭᠤᠯᠲᠠ ᠶᠢᠨ ᠬᠠᠭᠤᠳᠠᠰᠤ ᠲᠤᠰᠢᠶᠠᠨ᠎ᠠ᠃ ᠤᠨᠢᠨ ᠳᠡᠭᠡᠷ᠎ᠡ ᠨᠢ ᠶᠠᠳᠠᠭᠤ ᠶᠢ ᠲᠡᠳᠬᠦᠬᠦ᠂ ᠤᠨᠢᠨ ᠳᠡᠭᠡᠷ᠎ᠡ ᠨᠢ ᠶᠠᠳᠠᠭᠤ ᠠᠴᠠ ᠠᠩᠭᠢᠵᠢᠷᠠᠭᠤᠯᠬᠤ ᠦᠨᠳᠦᠰᠦᠨ ᠠᠷᠭ᠎ᠠ ᠪᠣᠳᠣᠯᠭ᠎ᠠ ᠶᠢ ᠪᠠᠷᠢᠮᠲᠠᠯᠠᠵᠤ᠂ ᠨᠢᠭᠡ ᠯᠠ ᠬᠥᠭ ᠢᠶᠠᠷ ᠬᠢᠵᠦ ᠂ ᠣᠳᠣ ᠶᠢᠨ ᠬᠡᠷᠡᠭᠵᠢᠭᠦᠯᠵᠦ ᠪᠠᠶᠢᠭ᠎ᠠ ᠪᠠᠷᠢᠮᠵᠢᠶ᠎ᠠ ᠠᠴᠠ ᠳᠣᠣᠷ᠎ᠠ ᠪᠦᠬᠦ ᠰᠢᠶᠠᠨ ᠤ 16 ᠡᠷᠦᠬᠡ 44 ᠶᠠᠳᠠᠭᠤ ᠬᠦᠴᠢᠷᠳᠡᠯᠲᠡᠢ ᠬᠥᠮᠥᠨ ᠠᠮᠠ ᠶᠢ ᠡᠨᠡ ᠵᠢᠯ ᠪᠦᠬᠦᠨ ᠢ ᠶᠠᠳᠠᠭᠤ ᠠᠴᠠ ᠠᠩᠭᠢᠵᠢᠷᠠᠭᠤᠯᠬᠤ ᠶᠢ ᠪᠠᠳᠤᠯᠠᠨ᠎ᠠ᠃ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠨᠠᠩ ᠴᠢᠬᠤᠯᠠᠴᠢᠯᠠᠵᠤ᠂ ᠠᠵᠢᠯ ᠲᠥᠷᠥᠯ ᠢᠶᠠᠷ ᠶᠠᠳᠠᠭᠤ ᠶᠢ ᠲᠡᠳᠬᠦᠬᠦ᠂ ᠨᠡᠶᠢᠭᠡᠮ ᠠᠴᠠ ᠶᠠᠳᠠᠭᠤ ᠶᠢ ᠲᠡᠳᠬᠦᠬᠦ ᠪᠠ ᠲᠣᠰᠬᠤᠨ ᠳᠤ ᠰᠠᠭᠤᠵᠤ ᠬᠠᠪᠰᠤᠷᠤᠨ ᠲᠡᠳᠬᠦᠬᠦ ᠶᠢ ᠯᠠᠪᠳᠠᠭᠤᠨ ᠪᠠᠲᠤᠲᠠᠢ ᠠᠬᠢᠭᠤᠯᠵᠤ᠂ ᠬᠤᠣᠰᠯᠠᠨ ᠬᠠᠪᠰᠤᠷᠤᠨ ᠲᠡᠳᠬᠦᠬᠦ ᠶᠢ ᠭᠦᠨᠵᠡᠭᠡᠢ ᠥᠷᠨᠢᠭᠦᠯᠵᠦ᠂ ᠴᠡᠭ ᠳᠡᠭᠡᠷ᠎ᠡ ᠨᠢ ᠲᠡᠳᠬᠦᠵᠦ᠂ ᠦᠨᠳᠦᠰᠦ ᠳᠡᠭᠡᠷ᠎ᠡ ᠨᠢ ᠲᠡᠳᠬᠦᠬᠦ ᠶᠢ ᠪᠠᠳᠤᠯᠠᠨ᠎ᠠ᠃ ᠤᠨᠢᠨ ᠳᠡᠭᠡᠷ᠎ᠡ ᠨᠢ ᠠᠷᠭ᠎ᠠ ᠪᠣᠳᠣᠯᠭ᠎ᠠ ᠬᠡᠷᠡᠭᠵᠢᠭᠦᠯᠬᠦ ᠶᠢ ᠨᠠᠩ ᠴᠢᠬᠤᠯᠠᠴᠢᠯᠠᠵᠤ᠂ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠶᠢ ᠲᠣᠪᠦ᠋ᠯᠭᠠᠵᠤ᠂ ᠰᠤᠷᠭᠠᠨ ᠬᠥᠮᠦᠵᠢᠯ᠂ ᠡᠮ ᠡᠮᠨᠡᠯᠭᠡ᠂ ᠮᠥᠩᠭᠦᠨ ᠭᠦᠢᠯᠭᠡᠭᠡ᠂ ᠠᠵᠢᠯ ᠣᠯᠭᠤᠯᠲᠠ᠂ ᠨᠡᠶᠢᠭᠡᠮ ᠤᠨ ᠠᠪᠤᠷᠠᠨ ᠲᠤᠰᠠᠯᠠᠯᠲᠠ ᠵᠡᠷᠭᠡ ᠠᠷᠭ᠎ᠠ ᠬᠡᠮᠵᠢᠶ᠎ᠡ ᠶᠢ ᠶᠡᠷᠦᠩᠬᠡᠶᠢᠯᠡᠨ ᠬᠡᠷᠡᠭᠯᠡᠵᠦ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠲᠡᠷᠡ ᠬᠡᠪ ᠢᠶᠠᠷ ᠨᠢ ᠬᠦᠴᠢᠷᠳᠡᠯᠲᠡᠢ ᠤᠯᠠᠨ ᠲᠦᠮᠡᠨ ᠤ ᠪᠡᠶ᠎ᠡ ᠳᠡᠭᠡᠷ᠎ᠡ ᠨᠠᠶᠢᠳᠠᠪᠤᠷᠢᠵᠢᠭᠤᠯᠬᠤ ᠶᠢ ᠪᠠᠳᠤᠯᠠᠨ᠎ᠠ᠃ ᠶᠠᠳᠠᠭᠤ ᠠᠴᠠ ᠠᠩᠭᠢᠵᠢᠷᠠᠭᠤᠯᠬᠤ ᠶᠠᠰᠤ ᠴᠢᠨᠠᠷ ᠢ ᠳᠡᠭᠡᠭᠰᠢᠯᠡᠭᠦᠯᠬᠦ ᠶᠢ ᠨᠠᠩ ᠴᠢᠬᠤᠯᠠᠴᠢᠯᠠᠵᠤ᠂ ᠶᠠᠳᠠᠭᠤ ᠠᠴᠠ ᠠᠩᠭᠢᠵᠢᠷᠠᠭᠤᠯᠬᠤ ᠲᠥᠷᠥ ᠶᠢᠨ ᠪᠣᠳᠣᠯᠭ᠎ᠠ ᠶᠢ ᠡᠳ᠋ᠯᠡᠭᠰᠡᠨ 744 ᠡᠷᠦᠬᠡ 1659 ᠶᠠᠳᠠᠭᠤ ᠬᠦᠴᠢᠷᠳᠡᠯᠲᠡᠢ ᠬᠥᠮᠥᠨ ᠠᠮᠠ ᠦᠷᠭᠦᠯᠵᠢᠯᠡᠨ ᠡᠷᠴᠢᠮ ᠢᠶᠠᠨ ᠪᠠᠲᠤᠯᠠᠵᠤ᠂ ᠶᠠᠳᠠᠭᠤ ᠠᠴᠠ ᠠᠩᠭᠢᠵᠢᠷᠠᠭᠤᠯᠬᠤ ᠦᠷ᠎ᠡ ᠪᠦᠲᠦᠭᠡᠯ ᠢᠶᠠᠨ ᠦᠷᠭᠦᠯᠵᠢᠯᠡᠨ ᠪᠠᠬᠢᠵᠢᠭᠦᠯᠦᠨ᠎ᠡ᠃ ᠪᠡᠯᠡ ᠮᠥᠩᠭᠦ ᠶᠢ ᠬᠡᠷᠡᠭᠯᠡᠬᠦ ᠦᠷ᠎ᠡ ᠠᠰᠢᠭ ᠢ ᠨᠠᠩ ᠴᠢᠬᠤᠯᠠᠴᠢᠯᠠᠵᠤ᠂ ᠶᠠᠳᠠᠭᠤ ᠶᠢ ᠲᠡᠳᠬᠦᠬᠦ ᠪᠡᠯᠡ ᠮᠥᠩᠭᠦ ᠶᠢᠨ ᠬᠠᠮᠢᠶᠠᠷᠤᠯᠲᠠ ᠶᠢ ᠴᠢᠩᠭᠠᠳᠬᠠᠵᠤ᠂ ᠢᠯᠡ ᠪᠠᠷ ᠶᠠᠳᠠᠭᠤ ᠶᠢ ᠲᠡᠳᠬᠦᠬᠦ᠂ ᠠᠷᠢᠭᠤᠨ ᠴᠢᠬᠡᠴᠢ ᠪᠠᠷ ᠶᠠᠳᠠᠭᠤ ᠶᠢ ᠲᠡᠳᠬᠦᠬᠦ ᠶᠢ ᠠᠬᠢᠭᠤᠯᠤᠨ᠎ᠠ᠃ ᠤᠯᠠᠨ ᠲᠦᠮᠡᠨ ᠤ ᠭᠤᠣᠯ ᠴᠣᠭᠴᠠ ᠶᠢᠨ ᠦᠢᠯᠡᠳᠦᠯ ᠢ ᠪᠠᠳᠠᠷᠠᠭᠤᠯᠬᠤ ᠶᠢ ᠨᠠᠩ ᠴᠢᠬᠤᠯᠠᠴᠢᠯᠠᠵᠤ᠂ ᠶᠠᠳᠠᠭᠤ ᠶᠢ ᠲᠡᠳᠬᠦᠬᠦ ᠪᠠ ᠡᠷᠴᠢ ᠵᠣᠷᠢᠭ ᠢ ᠲᠡᠳᠬᠦᠬᠦ᠂ ᠣᠶᠣᠨ ᠤᠬᠠᠭᠠᠨ ᠢ ᠲᠡᠳᠬᠦᠬᠦ ᠶᠢ ᠤᠶᠠᠯᠳᠤᠭᠤᠯᠬᠤ ᠶᠢ ᠪᠠᠷᠢᠮᠲᠠᠯᠠᠵᠤ᠂ ᠶᠠᠳᠠᠭᠤ ᠬᠦᠴᠢᠷᠳᠡᠯᠲᠡᠢ ᠤᠯᠠᠨ ᠲᠦᠮᠡᠨ ᠤ ᠦᠢᠯᠡᠳᠪᠦᠷᠢᠯᠡᠯ ᠢᠶᠠᠨ ᠬᠥᠭᠵᠢᠭᠦᠯᠬᠦ ᠪᠠ ᠠᠵᠢᠯ ᠬᠢᠵᠦ ᠬᠤᠳᠠᠯᠳᠤᠭ᠎ᠠ ᠡᠷᠬᠢᠯᠡᠬᠦ ᠦᠨᠳᠦᠰᠦᠨ ᠤᠷ᠎ᠠ ᠴᠢᠳᠠᠪᠤᠷᠢ ᠶᠢ ᠪᠣᠶᠢᠵᠢᠭᠤᠯᠵᠤ᠂ ᠶᠠᠳᠠᠭᠤ ᠬᠦᠴᠢᠷᠳᠡᠯᠲᠡᠢ ᠤᠯᠠᠨ ᠲᠦᠮᠡᠨ ᠤ ᠥᠪᠡᠷ ᠤᠨ ᠰᠢᠷᠭᠠᠭᠤ ᠬᠥᠳᠡᠯᠮᠦᠷᠢ ᠪᠠᠷ ᠢᠶᠠᠨ ᠶᠠᠳᠠᠭᠤ ᠠᠴᠠ ᠠᠩᠭᠢᠵᠢᠷᠠ ᠴᠢᠨᠡᠭᠡᠯᠢᠭᠵᠢᠬᠦ ᠶᠢ ᠬᠥᠲᠥᠯᠥᠨ ᠵᠢᠯᠤᠭᠤᠳᠨ᠎ᠠ᠃      ᠬᠥᠲᠥᠯᠥᠭᠴᠢ      ᠪᠢᠳᠡ ᠲᠣᠭᠲᠠᠬᠤ ᠰᠢᠶᠠᠨ ᠤ ᠶᠠᠳᠠᠭᠤ ᠶᠢ ᠲᠡᠳᠬᠦᠬᠦ ᠠᠵᠢᠯ ᠳᠤ ᠨᠢᠭᠡᠨᠲᠡ ᠲᠣᠳᠣᠷᠬᠠᠶ ᠲᠠᠨᠢᠯᠲᠠ ᠲᠠᠢ ᠪᠣᠯᠵᠠᠶ᠃ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ᠵᠥᠪ ᠤᠳᠤᠷᠢᠳᠤᠯᠭ᠎ᠠ ᠳᠣᠣᠷ᠎ᠠ᠂ ᠪᠦᠬᠦ ᠰᠢᠶᠠᠨ ᠤ ᠶᠠᠳᠠᠭᠤ ᠶᠢ ᠲᠡᠳᠬᠦᠬᠦ ᠺᠠᠳ᠋ᠷᠴᠤᠳ ᠤᠨ ᠬᠠᠮᠲᠤ ᠶᠢᠨ ᠴᠢᠷᠮᠠᠶᠢᠯᠭ᠎ᠠ ᠳᠣᠣᠷ᠎ᠠ᠂ ᠲᠣᠭᠲᠠᠬᠤ ᠰᠢᠶᠠᠨ ᠤ ᠶᠠᠳᠠᠭᠤ ᠠᠴᠠ ᠠᠩᠭᠢᠵᠢᠷᠠᠭᠤᠯᠬᠤ ᠪᠠᠷ ᠵᠢᠱᠢᠭᠰᠡᠨ ᠬᠠᠷᠠᠯᠲᠠ ᠪᠠᠨ ᠯᠠᠪᠲᠠᠶ ᠪᠡᠶᠡᠯᠡᠭᠦᠯᠵᠦ ᠴᠢᠳᠠᠬᠤ ᠶᠢ ᠢᠲᠡᠭᠡᠵᠦ ᠪᠠᠶᠢᠨ᠎ᠠ᠃ ᠵᠤᠤ ᠯᠢ ᠮᠢᠨ ᠰᠢᠶᠠᠨ ᠤ ᠳᠠᠷᠤᠭ᠎ᠠ ᠶᠢᠨ ᠲᠤᠰ ᠬᠤᠭᠤᠴᠠᠭᠠᠨ ᠤ ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠳᠤ ᠲᠠᠯᠠᠷᠬᠠᠵᠤ ᠪᠠᠶᠢᠨ᠎ᠠ᠂ ᠪᠢᠳᠡ ᠳᠠᠷᠠᠭᠠᠴᠢ ᠶᠢᠨ ᠬᠤᠭᠤᠴᠠᠭᠠᠨ ᠳᠤ ᠪᠠᠶᠠᠷᠲᠠᠶ ᠵᠣᠯᠭᠠᠶ᠎ᠠ︕       ᠲᠣᠭᠲᠠᠬᠤ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠵᠤᠤ ᠯᠢ ᠮᠢᠨ ᠨᠦᠬᠦᠷ ᠲᠤ ᠲᠠᠯᠠᠷᠬᠠᠵᠤ ᠪᠠᠶᠢᠨ᠎ᠠ︕ ᠪᠠᠰᠠ ᠡᠨᠡ ᠬᠦ ᠲᠣᠬᠢᠶᠠᠯ ᠢᠶᠠᠷ᠂ ᠤᠷᠳᠤ ᠬᠤᠭᠤᠴᠠᠭᠠᠨ ᠤ ᠲᠤᠷᠰᠢ ᠲᠣᠭᠲᠠᠬᠤ ᠰᠢᠶᠠᠨ ᠤ ᠤᠨᠢᠨ ᠳᠡᠭᠡᠷ᠎ᠡ ᠨᠢ ᠶᠠᠳᠠᠭᠤ ᠶᠢ ᠲᠡᠳᠬᠦᠬᠦ ᠠᠵᠢᠯ ᠢ ᠬᠠᠯᠠᠮᠵᠢᠯᠠᠨ ᠳᠡᠮᠵᠢᠭᠰᠡᠭᠡᠷ ᠢᠷᠡᠭᠰᠡᠨ ᠨᠡᠶᠢᠭᠡᠮ ᠤᠨ ᠡᠯ᠎ᠡ ᠡᠲᠡᠭᠡᠳ ᠤᠨ ᠬᠢᠨ ᠳᠤ ᠴᠢᠩ ᠰᠡᠳᠬᠢᠯ ᠤᠨ ᠲᠠᠯᠠᠷᠬᠠᠯ ᠪᠣᠯᠤᠨ ᠴᠢᠩ ᠰᠡᠳᠬᠢᠯ ᠤᠨ ᠵᠥᠩᠨᠡᠯ ᠳᠡᠪᠰᠢᠭᠦᠯᠵᠦ ᠪᠠᠶᠢᠨ᠎ᠠ︕      ᠬᠠᠮᠢᠶᠠᠷᠤᠭᠴᠢ      ᠬᠦᠬᠡᠬᠤᠳᠠ ᠶᠢᠨ ᠲᠣᠭᠲᠠᠬᠤ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠵᠣᠣ ᠯᠢ ᠮᠢᠨ ᠨᠥᠬᠦᠷ ᠲᠤ ᠲᠠᠯᠠᠷᠬᠠᠵᠤ ᠪᠠᠶᠢᠨ᠎ᠠ᠂ ᠰᠦᠯᠵᠢᠶᠡᠨ ᠤ ᠠᠨᠳᠠ ᠨᠠᠷ ᠤᠨ ᠠᠩᠬᠠᠷᠤᠯ ᠢᠶᠠᠨ ᠬᠠᠨᠳᠤᠭᠤᠯᠤᠭᠰᠠᠨ ᠳᠤ ᠲᠠᠯᠠᠷᠬᠠᠵᠤ ᠪᠠᠶᠢᠨ᠎ᠠ᠂ ᠲᠤᠰ ᠬᠤᠭᠤᠴᠠᠭᠠᠨ ᠤ ᠰᠤᠷᠪᠤᠯᠵᠢᠯᠠᠭ᠎ᠠ ᠠᠳᠡ ᠬᠦᠷᠦᠭᠡᠳ ᠲᠡᠭᠦᠰᠦᠯ᠎ᠡ᠂  ᠪᠠᠶᠠᠷᠯᠠᠯ᠎ᠠ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1