ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂  ᠰᠢᠶᠠᠨ ᠤ ᠵᠠᠰᠠᠭ ᠤᠨ ᠣᠷᠳᠣᠨ ᠤ ᠳᠠᠷᠤᠭ᠎ᠠ ᠯᠢ ᠴᠦᠨ ᠶᠠᠨ ᠠᠵᠤ ᠦᠶᠯᠡᠳᠪᠦᠷᠢ ᠶᠢᠨ ᠬᠦᠷᠢᠶᠡᠯᠡᠩ ᠤᠨ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠤᠨ ᠠᠵᠢᠯ ᠳᠤ  ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2019-05-31
      5 ᠰᠠᠷ᠎ᠠ ᠶᠢᠨ 28 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ  ᠤ ᠰᠢᠶᠠᠨ ᠤ ᠳᠠᠷᠤᠭ᠎ᠠ ᠯᠢ ᠴᠦᠨ ᠶᠠᠨ ᠠᠵᠤ ᠦᠶᠯᠡᠳᠪᠦᠷᠢ ᠶᠢᠨ ᠬᠦᠷᠢᠶᠡᠯᠡᠩ ᠲᠣᠭᠤᠷᠢᠭ ᠲᠤ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠤᠨ ᠠᠵᠢᠯ ᠢ ᠪᠠᠶᠢᠴᠠᠭᠠᠨ ᠰᠤᠳᠤᠯᠬᠤ ᠬᠤᠷᠠᠯ ᠡᠷᠬᠢᠯᠡᠨ ᠬᠤᠷᠠᠯᠳᠤᠭᠤᠯᠪᠠ᠃ ᠰᠢᠶᠠᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠯᠢᠦ ᡁᠢ ᠴᠢᠶᠠᠩ᠂ ᠠᠵᠤ ᠦᠶᠯᠡᠳᠪᠦᠷᠢ  ᠶᠢᠨ ᠬᠦᠷᠢᠶᠡᠯᠡᠩ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ ᠭᠦᠸᠧ ᠬᠠᠢ ᠵᠢᠶᠦ᠋ᠨ᠂ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠰᠢᠶᠣᠤ ᠸᠧᠨ ᠸᠧᠶ᠂ ᠳᠡᠳ᠋ ᠡᠷᠬᠢᠯᠡᠭᠴᠢ ᠸᠠᠩ ᠶᠢᠩ ᠬᠤᠷᠠᠯ ᠳᠤ ᠣᠷᠣᠯᠴᠠᠪᠠ᠃      ᠬᠤᠷᠠᠯ ᠠᠴᠠ ᠠᠵᠤ ᠦᠶᠯᠡᠳᠪᠦᠷᠢ ᠶᠢᠨ ᠬᠦᠷᠢᠶᠡᠯᠡᠩ ᠤᠨ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠳᠠᠷᠠᠭᠠᠴᠢ ᠶᠢᠨ ᠠᠯᠬᠤᠮ ᠤᠨ ᠠᠵᠢᠯ ᠣᠨᠴᠠᠭᠠᠢᠯᠠᠨ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠬᠢᠨᠠᠨ ᠵᠢᠯᠣᠭᠤᠳᠴᠤ ᠪᠠᠶᠢᠴᠠᠭᠠᠬᠤ ᠠᠵᠢᠯ ᠢ ᠰᠠᠶᠢᠲᠤᠷ ᠬᠢᠬᠦ ᠲᠤᠬᠠᠢ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠡᠢ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠤᠨ ᠲᠤᠬᠠᠢ ᠬᠤᠯᠪᠣᠭᠳᠠᠯ ᠪᠦᠬᠦᠢ ᠥᠭᠦᠯᠡᠯᠲᠡ ᠪᠠ ᠴᠢᠬᠤᠯᠠ ᠴᠣᠬᠤᠯᠠᠪᠤᠷᠢ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠦ᠂ ᠤᠯᠤᠰ ᠲᠥᠷᠥ  ᠶᠢᠨ ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠵᠦ᠂ ᠦᠵᠡᠯ ᠰᠠᠨᠠᠭ᠎ᠠ ᠲᠠᠨᠢᠯᠲᠠ ᠪᠠᠨ ᠭᠦᠨᠵᠡᠭᠡᠶᠢᠷᠡᠭᠦᠯᠵᠦ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠢ ᠰᠠᠶᠢᠲᠤᠷ ᠬᠢᠬᠦ ᠦᠵᠡᠯ ᠰᠠᠨᠠᠭᠠᠨ ᠤ ᠤᠬᠠᠮᠰᠠᠷ᠂ ᠤᠯᠤᠰ ᠲᠥᠷᠥ ᠶᠢᠨ ᠤᠬᠠᠮᠰᠠᠷ ᠢᠶᠠᠨ ᠲᠠᠰᠤᠷᠠᠯᠲᠠ ᠦᠭᠡᠢ ᠴᠢᠩᠭᠠᠳᠬᠠᠬᠤ ᠬᠡᠷᠡᠭᠲᠡᠢ ᠭᠡᠵᠦ ᠴᠢᠬᠤᠯᠠᠴᠢᠯᠠᠪᠠ᠃ ᠨᠡᠶᠢᠭᠡᠮ ᠤᠨ ᠰᠠᠮᠠᠭᠤᠨ ᠦᠵᠡᠭᠳᠡᠯ ᠢ ᠵᠠᠰᠠᠬᠤ ᠶᠢ ᠴᠢᠩᠭᠠᠳᠬᠠᠵᠤ᠂ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠦᠷᠢᠨ ᠪᠣᠯᠭᠠᠨ ᠲᠡᠭᠦᠯᠳᠡᠷᠵᠢᠭᠦᠯᠵᠦ᠂ ᠬᠠᠷ᠎ᠠ ᠪᠦᠯᠦᠭᠲᠡᠨ ᠬᠠᠷᠭᠢᠰ ᠬᠦᠴᠦᠨ ᠤ ᠪᠣᠶ ᠪᠣᠯᠤᠭᠰᠠᠨ ᠬᠥᠷᠥᠰᠥ ᠰᠢᠷᠣᠢ ᠶᠢ ᠡᠬᠢ ᠡᠭᠦᠰᠦᠯ ᠠᠴᠠ ᠨᠢ ᠠᠷᠢᠯᠭᠠᠵᠤ᠂ ᠠᠵᠢᠯ ᠳᠠᠭᠠᠨ ᠤᠯᠠ ᠮᠥᠷ ᠲᠠᠢ᠂ ᠲᠡᠮᠳᠡᠭᠯᠡᠯ ᠲᠠᠢ᠂ ᠠᠵᠢᠯᠯᠠᠭ᠎ᠠ ᠳᠠᠭᠠᠨ ᠦᠷ᠎ᠡ ᠪᠦᠲᠦᠮᠵᠢ ᠲᠠᠢ ᠪᠣᠯᠭᠠᠬᠤ ᠬᠡᠷᠡᠭᠲᠡᠢ᠃ ᠬᠠᠮᠢᠶᠠᠷᠤᠯᠲᠠ ᠪᠠᠨ ᠴᠢᠩᠭᠠᠳᠬᠠᠵᠤ᠂ ᠰᠤᠷᠲᠠᠯ ᠢᠶᠠᠨ ᠬᠤᠪᠢᠷᠠᠭᠤᠯᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ᠂ ᠰᠠᠮᠠᠭᠤᠷᠠᠯ ᠢ ᠵᠠᠰᠠᠬᠤ ᠠᠵᠢᠯ ᠤᠨ ᠲᠠᠶᠢᠴᠢᠨ ᠬᠦᠴᠦᠨ ᠢᠶᠠᠨ ᠦᠨᠡᠨᠬᠦ ᠴᠢᠩᠭᠠᠳᠬᠠᠬᠤ ᠬᠡᠷᠡᠭᠲᠡᠢ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠪᠣᠳᠠᠲᠠᠶᠢᠵᠢᠭᠤᠯᠵᠤ᠂ ᠬᠦᠷᠢᠶᠡᠯᠡᠩ ᠲᠣᠭᠤᠷᠢᠭ ᠤᠨ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠳᠤ ᠪᠠᠲᠤ ᠴᠢᠩᠭ᠎ᠠ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠱᠠᠭᠠᠷᠳᠠᠪᠠ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1