ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠤᠭᠳᠠᠬᠤ ᠰᠢᠶᠠᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2019-05-31
      ᠤᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠳᠡᠳ᠋ ᠳᠠᠷᠤᠭ᠎ᠠ ᠶᠠᠩ ᠯᠢᠨ ᠨᠦᠬᠦᠷ ᠤᠨ ᠲᠠᠭᠠᠭᠤᠯᠤᠭᠰᠠᠨ ᠪᠠᠶᠢᠴᠠᠭᠠᠨ ᠰᠤᠳᠤᠯᠬᠤ ᠪᠦᠯᠬᠦᠮ ᠲᠤᠭᠳᠠᠬᠤ ᠰᠢᠶᠠᠨ ᠳᠤ ᠭᠦᠨᠵᠡᠭᠡᠶᠢᠷᠡᠨ ᠢᠳᠡᠭᠡᠨ ᠤ ᠠᠮᠤᠷ ᠲᠦᠪᠰᠢᠨ ᠤ ᠠᠵᠢᠯ ᠢ ᠥᠷᠨᠢᠭᠦᠯᠦᠭᠰᠡᠨ ᠪᠠᠶᠢᠳᠠᠯ ᠢ ᠪᠠᠶᠢᠴᠠᠭᠠᠨ ᠰᠤᠳᠤᠯᠪᠠ᠃ ᠰᠢᠶᠠᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠯᠦ ᠢᠦᠢ ᠵᠥᠩ ᠵᠢᠴᠢ ᠬᠤᠲᠠ᠂ ᠰᠢᠶᠠᠨ ᠬᠤᠶᠠᠷ ᠱᠠᠲᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠠᠷᠢᠭᠤᠴᠠᠯᠭᠠᠲᠠᠨ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠳᠤ ᠤᠷᠤᠯᠴᠠᠪᠠ᠃ ᠪᠠᠶᠢᠴᠠᠭᠠᠨ ᠰᠤᠳᠤᠯᠬᠤ  ᠲᠤᠭᠤᠶᠢᠯᠠᠩ ᠤᠨ ᠬᠢᠨ ᠤᠷᠢᠳ ᠬᠤᠵᠢᠳ ᠥᠪᠥᠷ ᠮᠣᠩᠭᠤᠯ ᠤᠨ ᠷᠦᠩ ᠴᠧᠩ ᠡᠷᠳᠡᠨᠢ ᠰᠢᠰᠢ ᠶᠢᠨ ᠺᠣᠮᠫᠠᠨᠢ᠂ ᠥᠪᠥᠷ ᠮᠣᠩᠭᠤᠯ ᠤᠨ ᠵᠢᠦ  ᠲᠠᠢ ᠰᠢᠨ᠎ᠡ ᠮᠠᠲ᠋ᠧᠷᠢᠶᠠᠯ ᠤᠨ ᠺᠣᠮᠫᠠᠨᠢ᠂ ᠰᠢᠩ ᠱᠧᠩ ᠲᠠᠷᠢᠶᠠᠯᠠᠩ ᠠᠷᠠᠯᠵᠢᠶᠠᠨ ᠤ ᠵᠠᠬ᠎ᠠ ᠳᠡᠯᠭᠡᠭᠦᠷ ᠵᠡᠷᠭᠡ ᠭᠠᠵᠠᠷ  ᠢᠶᠠᠷ ᠭᠦᠨᠵᠡᠭᠡᠶᠢᠷᠡᠨ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠢᠳᠡᠭᠡᠨ ᠦᠢᠯᠡᠳᠪᠦᠷᠢᠯᠡᠬᠦ᠂ ᠪᠣᠯᠪᠠᠰᠤᠷᠠᠭᠤᠯᠬᠤ᠂ ᠬᠠᠳᠠᠭᠠᠯᠠᠬᠤ᠂ ᠰᠢᠯᠭᠠᠨ ᠪᠠᠢᠴᠠᠭᠠᠬᠤ᠂ ᠪᠣᠷᠣᠯᠠᠭᠤᠯᠬᠤ ᠵᠡᠷᠭᠡ ᠡᠯ᠎ᠡ ᠭᠤᠭᠴᠤᠭ᠎ᠠ ᠶᠢᠨ ᠶᠠᠰᠤ ᠴᠢᠨᠠᠷ ᠤᠨ ᠠᠮᠤᠷ ᠲᠦᠪᠰᠢᠨ ᠤ ᠪᠠᠶᠢᠳᠠᠯ ᠢ ᠨᠠᠷᠢᠨ ᠣᠶᠢᠯᠠᠭᠠᠪᠠ᠃ ᠢᠳᠡᠭᠡᠨ ᠦᠢᠯᠡᠳᠪᠦᠷᠢᠯᠡᠵᠦ ᠡᠵᠡᠩᠨᠡᠬᠦ ᠨᠢᠭᠡᠴᠡ  ᠨᠦᠭᠦᠳ ᠢᠳᠡᠭᠡᠨ ᠤ ᠠᠶᠤᠯ ᠦᠭᠡᠢ ᠶᠢᠨ ᠬᠠᠷᠢᠭᠤᠴᠠᠯᠭ᠎ᠠ ᠶᠢᠨ ᠦᠵᠡᠯ ᠤᠬᠠᠮᠰᠠᠷ ᠢᠶᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠢᠳᠡᠭᠡᠨ‌‍ᠤ ᠠᠶᠤᠯ ᠦᠭᠡᠢ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠦᠨᠡᠨᠬᠦ ᠭᠦᠢᠴᠡᠳᠬᠡᠵᠦ᠂ ᠢᠳᠡᠭᠡᠨ ᠤ ᠠᠶᠤᠯ ᠦᠭᠡᠢ ᠶᠢᠨ ᠶᠠᠰᠤ ᠴᠢᠨᠠᠷ ᠤᠨ ᠪᠣᠭᠤᠮᠲᠠ ᠶᠢ ᠴᠢᠩᠭ᠎ᠠ ᠡᠵᠡᠮᠳᠡᠨ᠂ ᠢᠳᠡᠭᠡᠨ ᠦᠢᠯᠡᠳᠪᠦᠷᠢᠯᠡᠬᠦ᠂ ᠬᠠᠳᠠᠭᠠᠯᠠᠬᠤ᠂ ᠲᠡᠭᠡᠭᠡᠪᠦᠷᠢᠯᠡᠬᠦ᠂ ᠪᠣᠷᠣᠯᠠᠭᠤᠯᠬᠤ ᠡᠯ᠎ᠡ ᠭᠤᠭᠴᠤᠭ᠎ᠠ ᠶᠢ ᠵᠢᠷᠤᠮᠵᠢᠭᠤᠯᠵᠤ᠂ ᠦᠢᠯᠡᠳᠬᠦᠨ ᠤ ᠥᠷᠢᠰᠦᠯᠳᠦᠬᠦ ᠬᠦᠴᠦᠨ ᠢ ᠴᠢᠷᠮᠠᠶᠢᠨ ᠳᠡᠭᠡᠭᠰᠢᠯᠡᠭᠦᠯᠬᠦ ᠬᠡᠷᠡᠭᠲᠡᠢ ᠭᠡᠵᠦ ᠱᠠᠭᠠᠷᠳᠠᠪᠠ᠃        ᠶᠠᠷᠢᠯᠴᠠᠬᠤ ᠬᠤᠷᠠᠯ ᠳᠡᠭᠡᠷ᠎ᠡ᠂ ᠪᠠᠶᠢᠴᠠᠭᠠᠨ ᠰᠤᠳᠤᠯᠬᠤ ᠲᠤᠭᠤᠶᠢᠯᠠᠩ ᠤᠨ ᠬᠢᠨ ᠲᠣᠭᠲᠠᠬᠤ ᠰᠢᠶᠠᠨ ᠤ ᠢᠳᠡᠭᠡᠨ ᠤ ᠠᠮᠤᠷ ᠲᠦᠪᠰᠢᠨ ᠤ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠨᠠᠷᠢᠨ ᠬᠢᠨᠠᠮᠠᠭᠠᠢ ᠰᠣᠨᠣᠰᠤᠭᠰᠠᠨ ᠤ ᠳᠠᠷᠠᠭ᠎ᠠ᠂ ᠲᠣᠭᠲᠠᠬᠤ ᠰᠢᠶᠠᠨ ᠤ ᠲᠤᠰ ᠠᠵᠢᠯ ᠢ ᠥᠷᠨᠢᠭᠦᠯᠦᠭᠰᠡᠨ ᠪᠠᠶᠢᠳᠠᠯ ᠢ ᠨᠤᠲᠠᠯᠠᠵᠤ᠂ ᠲᠣᠭᠲᠠᠬᠤ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠢᠳᠡᠭᠡᠨ ᠤ ᠠᠮᠤᠷ ᠲᠦᠪᠰᠢᠨ ᠤ ᠠᠵᠢᠯ ᠢ ᠲᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠲᠤᠰ ᠲᠤᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠬᠢᠨᠠᠯᠲᠠ ᠬᠠᠮᠢᠶᠠᠷᠤᠯᠲᠠ  ᠪᠠᠨ ᠪᠣᠳᠠᠲᠠᠶᠢᠵᠢᠭᠤᠯᠵᠤ᠂ ᠨᠡᠶᠢᠭᠡᠮ ᠤᠨ ᠢᠳᠡᠭᠡᠨ ᠤ ᠠᠮᠤᠷ ᠲᠦᠪᠰᠢᠨ ᠤ ᠠᠭᠤᠷ ᠠᠮᠢᠰᠬᠤᠯ ᠰᠠᠶᠢᠨ ᠪᠠᠶᠢᠵᠤ᠂ ᠤᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠲᠠᠰᠤᠷᠠᠯᠲᠠ ᠦᠭᠡᠢ ᠳᠡᠭᠡᠭᠰᠢᠯᠡᠵᠡᠢ ᠭᠡᠵᠦ ᠦᠵᠡᠪᠡ᠃ ᠪᠠᠶᠢᠴᠠᠭᠠᠨ ᠰᠤᠳᠤᠯᠬᠤ ᠲᠤᠭᠤᠶᠢᠯᠠᠩ ᠲᠣᠭᠲᠠᠬᠤ ᠰᠢᠶᠠᠨ ᠤ ᠬᠢᠨ ᠢᠳᠡᠭᠡᠨ ᠤ ᠠᠮᠤᠷ ᠲᠦᠪᠰᠢᠨ ᠤ ᠡᠳᠦᠷ ᠲᠣᠲᠤᠮ ᠤᠨ ᠬᠢᠨᠠᠯᠲᠠ ᠬᠠᠮᠢᠶᠠᠷᠤᠯᠲᠠ ᠪᠠᠨ ᠦᠷᠭᠦᠯᠵᠢᠯᠡᠨ ᠴᠢᠩᠭᠠᠳᠬᠠᠵᠤ᠂ ᠬᠠᠤᠯᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠢᠳᠡᠭᠡᠨ ᠤ ᠠᠮᠤᠷ ᠲᠦᠪᠰᠢᠨ ᠤ ᠲᠠᠯ᠎ᠠ ᠪᠠᠷ ᠬᠢ ᠬᠠᠤᠯᠢ ᠲᠣᠭᠲᠠᠭᠠᠯ ᠠᠴᠠ ᠵᠥᠷᠢᠴᠡᠭᠰᠡᠨ ᠡᠯ᠎ᠡ ᠲᠥᠷᠥᠯ ᠤᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠰᠦᠷ ᠬᠦᠴᠦᠲᠦ ᠪᠠᠶᠢᠳᠠᠯ ᠢ ᠪᠠᠲᠤᠯᠠᠵᠤ᠂ ᠢᠳᠡᠭᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠨᠢᠭᠲᠠ ᠴᠢᠩᠭ᠎ᠠ ᠲᠣᠣᠷ ᠢ ᠪᠠᠶᠢᠭᠤᠯᠵᠦ᠂ ︽ᠢᠳᠡᠭᠡᠨ ᠤᠮᠳᠠᠭᠠᠨ ᠤ ᠠᠮᠤᠷ ᠲᠦᠪᠰᠢᠨ︾ ᠢ ᠪᠠᠲᠤᠯᠠᠵᠤ᠂ ᠠᠷᠠᠳ ᠣᠯᠠᠨ ᠤ ᠡᠷᠡᠭᠦᠯ ᠮᠡᠨᠳᠦ ᠶᠢ ᠬᠠᠮᠠᠭᠠᠯᠠᠬᠤ ᠬᠡᠷᠡᠭᠲᠡᠢ ᠭᠡᠵᠦ ᠬᠦᠰᠡᠪᠡ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1