ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠲᠦᠪ ᠤᠨ ᠰᠢᠮᠳᠠᠭᠤᠯᠣᠨ ᠵᠢᠯᠤᠭᠤᠳᠬᠤ ᠲᠤᠭᠤᠢᠢᠯᠠᠩ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠯᠤᠭ᠎ᠠ ᠠᠵᠢᠯ ᠢᠶᠠᠨ ᠵᠠᠷᠯᠠᠨ ᠮᠡᠳᠡᠭᠳᠡᠵᠦ ᠵᠤᠯᠭᠠᠯᠴᠠᠭᠤᠯᠬᠤ ᠬᠤᠷᠠᠯ ᠬᠤᠷᠠᠯᠳᠤᠭᠤᠯᠵᠠᠢ ᡁᠢ ᠱᠦ ᠫᠢᠩ ᠪᠠᠶᠢᠳᠠᠯ ᠢ ᠮᠡᠳᠡᠭᠳᠡᠵᠦ ᠯᠢ ᠵᠢᠢ ᠾᠧᠩ ᠤᠪᠤᠷ ᠢᠶᠠᠨ ᠢᠯᠡᠳᠭᠡᠬᠦ ᠦᠬᠡ ᠬᠡᠯᠡᠵᠤ ᠪᠦ᠋ ᠰᠢᠶᠤᠤ ᠯᠢᠨ ᠤᠷᠤᠯᠴᠠᠪᠠ
ᠨᠡᠶᠢᠲᠡᠯᠡᠭᠰᠡᠨ ᠴᠠᠭ᠄
2019-06-14
      6 ᠳ᠋ᠤᠭᠠᠷ ᠰᠠᠷ᠎ᠠ ᠶᠢᠨ 10 ᠤ ᠡᠳᠣᠷ ᠤᠨ ᠦᠳᠡ ᠶᠢᠨ ᠬᠤᠶᠢᠨ᠎ᠠ᠂ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠲᠦᠪ ᠤᠨ 15 ᠳ᠋ᠤᠭᠠᠷ ᠰᠢᠮᠳᠠᠭᠤᠯᠣᠨ ᠵᠢᠯᠤᠭᠤᠳᠬᠤ ᠲᠤᠭᠤᠢᠢᠯᠠᠩ ᠥᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠢ ᠰᠢᠮᠳᠠᠭᠤᠯᠣᠨ ᠵᠢᠯᠤᠭᠤᠳᠤᠭᠰᠠᠠ ᠠᠵᠢᠯ ᠤᠨ ᠢᠶᠠᠨ ᠲᠤᠬᠠᠢ ᠵᠠᠷᠯᠠᠨ ᠮᠡᠳᠡᠭᠳᠡᠵᠦ ᠵᠤᠯᠭᠠᠯᠴᠠᠭᠤᠯᠬᠤ ᠬᠤᠷᠠᠯ ᠬᠦᠬᠡᠬᠤᠳᠠ ᠳᠤ ᠬᠤᠷᠠᠯᠳᠤᠪᠠ᠃ ᠲᠦᠪ ᠤᠨ ᠰᠢᠮᠳᠠᠭᠤᠯᠣᠨ ᠵᠢᠯᠤᠭᠤᠳᠬᠤ ᠲᠤᠭᠤᠢᠢᠯᠠᠩ ᠤᠨ ᠳᠠᠷᠤᠭ᠎ᠠ ᡁᠢ ᠱᠦ ᠫᠢᠩ ᠬᠤᠷᠠᠯ ᠡᠷᠬᠢᠯᠡᠬᠦ ᠶᠢᠨ ᠬᠠᠮᠳᠦ ᠰᠢᠮᠳᠠᠭᠤᠯᠣᠨ ᠵᠢᠯᠤᠭᠤᠳᠬᠤ ᠲᠤᠭᠤᠢᠢᠯᠠᠩ ᠤᠨ ᠮᠠᠨ ᠤ ᠤᠷᠤᠨ ᠳᠤ ᠰᠠᠭᠤᠬᠰᠠᠨ ᠠᠴᠠ ᠨᠠᠭᠠᠰᠢᠬᠢ ᠰᠢᠮᠳᠠᠭᠤᠯᠣᠨ ᠵᠢᠯᠤᠭᠤᠳᠬᠤ ᠠᠵᠢᠯ ᠦᠷᠨᠢᠬᠦᠯᠦᠭᠰᠡᠨ ᠬᠤᠯᠪᠤᠭᠳᠠᠯ ᠪᠦᠬᠦᠢ ᠪᠠᠶᠢᠳᠠᠯ ᠢ ᠮᠡᠳᠡᠭᠳᠡᠪᠡ᠃ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠵᠢᠢ ᠾᠧᠩ ᠤᠪᠤᠷ ᠢᠶᠠᠨ ᠢᠯᠡᠳᠭᠡᠬᠦ ᠦᠬᠡ ᠬᠡᠯᠡᠵᠠᠢ᠃ ᠲᠦᠪ ᠤᠨ ᠰᠢᠮᠳᠠᠭᠤᠯᠣᠨ ᠵᠢᠯᠤᠭᠤᠳᠬᠤ ᠲᠤᠭᠤᠢᠢᠯᠠᠩ ᠤᠨ ᠳᠡᠳ᠋ ᠳᠠᠷᠤᠭ᠎ᠠ ᠰᠢᠤᠢ ᠬᠠᠢ ᠪᠢᠨ ᠵᠢᠴᠢ ᠪᠦᠬᠦ ᠭᠡᠰᠢᠬᠦᠳ᠂ ᠦᠪᠡᠷᠲᠡᠭᠡᠨ ᠵᠠᠰᠠᠬᠤ ᠤᠷᠤᠨ ᠤ ᠤᠳᠤᠷᠢᠳᠤᠯᠭ᠎ᠠ ᠪᠦ᠋ ᠰᠢᠶᠤᠤ ᠯᠢᠨ᠂ ᠯᠢᠨ ᠱᠤᠤ ᠴᠦᠨ᠂ ᠯᠢᠦ ᠴᠢ ᠹᠠᠨ᠂ ᠶᠠᠩ ᠸᠧᠢ ᠳ᠋ᠦᠩ᠂ ᠵᠠᠩ ᠱᠤᠤ ᠴᠦᠨ ᠵᠢᠴᠢ ᠦᠪᠡᠷᠲᠡᠭᠡᠨ ᠵᠠᠰᠠᠬᠤ ᠤᠷᠤᠨ ᠤ ᠰᠢᠬᠦᠬᠦ ᠬᠤᠷᠢᠶ᠎ᠠ ᠶᠢᠨ ᠲᠠᠷᠤᠭ᠎ᠠ᠂ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠳᠠᠷᠤᠭ᠎ᠠ ᠬᠤᠷᠠᠯ ᠳᠤ ᠤᠷᠤᠯᠴᠠᠪᠠ᠃      ᡁᠢ ᠱᠦ ᠫᠢᠩ ᠢᠯᠡᠳᠬᠡᠬᠦ ᠳᠤ ᠪᠠᠨ᠂ ᠥᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠨᠢ ᠶᠡᠷᠦᠩᠭᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠪᠠ ᠲᠦᠪ ᠤᠨ ᠰᠢᠢᠳᠪᠤᠷᠢᠳᠦ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠦ᠂ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠢ ᠳᠡᠭᠡᠳᠦ ᠭᠡᠮᠵᠢᠶ᠎ᠠ ᠪᠠᠷ ᠴᠢᠬᠤᠯᠠᠴᠢᠯᠠᠵᠦ᠂ ᠢᠳᠡᠪᠬᠢᠳᠠᠢ ᠲᠦᠰᠦᠪᠯᠡᠨ ᠪᠠᠶᠢᠷᠢᠯᠠᠭᠤᠯᠵᠦ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠬᠦᠷᠭᠡᠯᠡᠨ᠂ ᠪᠠᠷᠢᠮᠵᠢᠶᠠᠯᠠᠵᠦ ᠬᠠᠷᠭᠤᠭᠤᠯᠬᠤ ᠶᠢ ᠴᠢᠬᠤᠯᠠᠴᠢᠯᠠᠵᠦ᠂ ᠪᠦᠬᠦ ᠤᠷᠤᠨ ᠳᠤ ᠬᠠᠤᠯᠢ ᠶᠤᠰᠤᠭᠠᠷ ᠴᠢᠩᠭ᠎ᠠ ᠴᠤᠬᠢᠯᠳᠠ ᠦᠭᠴᠦ ᠬᠦᠨᠵᠡᠭᠡᠢ ᠠᠭᠤᠳᠠᠯᠵᠦ ᠲᠦᠢᠯᠪᠤᠷᠢᠳᠠᠢ ᠪᠠᠶᠢᠴᠠᠭᠠᠬᠤ ᠰᠦᠷ ᠬᠦᠴᠦᠳᠦ ᠪᠠᠶᠢᠳᠠᠯ ᠢ ᠪᠦᠷᠢᠯᠳᠦᠬᠦᠯᠵᠦ᠂ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠳᠤ ᠱᠠᠳᠤᠴᠢ ᠴᠢᠨᠠᠷᠳᠠᠢ ᠴᠢᠬᠤᠯᠠ ᠦᠷ᠎ᠠ ᠪᠦᠳᠦᠮᠵᠢ ᠤᠯᠵᠠᠢ ᠭᠡᠪᠡ᠃ ᠡᠮᠦᠨᠡᠬᠢ ᠬᠤᠭᠤᠴᠠᠭᠠᠨ ᠤ ᠶᠠᠷᠢᠯᠴᠠᠬᠤ᠂ ᠰᠤᠷᠪᠤᠯᠵᠢᠯᠠᠬᠤ ᠪᠠ ᠰᠢᠮᠳᠠᠭᠤᠯᠣᠨ ᠵᠢᠯᠤᠭᠤᠳᠤᠭᠰᠠᠠ ᠠᠵᠢᠯ ᠤᠨ ᠪᠠᠶᠢᠳᠠᠯ ᠢᠶᠠᠨ ᠦᠨᠳᠦᠰᠦᠯᠡᠵᠦ᠂ ᠰᠢᠮᠳᠠᠭᠤᠯᠣᠨ ᠵᠢᠯᠤᠭᠤᠳᠬᠤ ᠲᠤᠭᠤᠢᠢᠯᠠᠩ ᠠᠴᠠ ᠵᠢᠷᠭᠤᠭᠠᠨ ᠲᠠᠯ᠎ᠠ ᠶᠢᠨ ᠠᠰᠠᠭᠤᠳᠠᠯ ᠢ ᠵᠢᠭᠠᠵᠦ ᠭᠠᠷᠭᠠᠵᠠᠢ᠃ ᠤᠯᠤᠰ ᠲᠦᠷᠦ ᠶᠢᠨ ᠵᠤᠬᠰᠤᠴᠠ ᠶᠢᠨ ᠲᠠᠯ᠎ᠠ ᠪᠠᠷ᠂ ᠨᠢᠭᠡ ᠳᠤ᠂ ᠵᠠᠷᠢᠮ ᠤᠷᠤᠨ ᠨᠤᠳᠤᠭ᠂ ᠰᠠᠯᠠᠭ᠎ᠠ ᠮᠦᠴᠢᠷ ᠤᠨ ᠤᠳᠤᠷᠢᠳᠤᠯᠭ᠎ᠠ ᠶᠡᠷᠦᠩᠭᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠪᠠ ᠲᠦᠪ ᠤᠨ ᠰᠢᠢᠳᠪᠤᠷᠢᠳᠦ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠰᠤᠷᠤᠯᠴᠠᠨ ᠲᠤᠭᠤᠰᠢᠯᠠᠭᠤᠯᠬᠤ ᠲᠠᠯ᠎ᠠ ᠪᠠᠷ ᠬᠦᠨᠵᠡᠭᠡᠢ ᠪᠤᠰᠤ ᠨᠡᠪᠳᠡᠷᠡᠭᠡᠢ ᠪᠤᠰᠤ ᠪᠠᠶᠢᠵᠤ᠂ ᠪᠤᠳᠠᠳᠠᠢ ᠨᠠᠶᠢᠳᠠᠪᠤᠷᠢᠵᠢᠭᠤᠯᠬᠤ ᠲᠠᠯ᠎ᠠ ᠪᠠᠷ ᠠᠨᠠᠢ ᠪᠠᠶᠢᠨ᠎ᠠ᠃ ᠬᠤᠶᠠᠷ ᠲᠤ᠂ ᠵᠠᠷᠢᠮ ᠰᠠᠯᠠᠭ᠎ᠠ ᠮᠦᠴᠢᠷ ᠤᠨ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠬᠠᠷᠢᠭᠤᠴᠠᠯᠭᠠᠳᠦ ᠤᠬᠠᠮᠰᠠᠷ ᠴᠢᠩᠭ᠎ᠠ ᠪᠤᠰᠤ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠬᠦᠷᠭᠡᠯᠡᠬᠦ ᠲᠠᠯ᠎ᠠ ᠪᠠᠷ ᠠᠨᠠᠢ ᠪᠠᠶᠢᠨ᠎ᠠ᠃ ᠭᠤᠷᠪᠠ ᠳᠤ᠂ ᠵᠠᠷᠢᠮ ᠤᠷᠤᠨ ᠨᠤᠳᠤᠭ ᠪᠠ ᠰᠠᠯᠠᠭ᠎ᠠ ᠮᠦᠴᠢᠷ ᠤᠨ ᠬᠠᠷ᠎ᠠ ᠪᠦᠯᠦᠭᠳᠡᠨ ᠬᠠᠷᠬᠢᠰ ᠬᠦᠴᠦᠨ ᠤ ᠬᠠᠤᠯᠢ ᠠᠴᠠ ᠵᠦᠷᠢᠴᠡᠭᠰᠡᠨ ᠶᠠᠯᠠᠳᠦ ᠠᠵᠢᠯᠯᠠᠭ᠎ᠠ ᠶᠢᠨ ᠬᠦᠨᠳᠦ ᠬᠡᠴᠡᠭᠦᠤ ᠴᠢᠨᠠᠷ᠂ ᠪᠤᠳᠤᠯᠢᠶᠠᠨᠳᠦ ᠴᠢᠨᠠᠷ ᠤᠨ ᠲᠤᠬᠠᠢ ᠲᠠᠨᠢᠯᠳᠠ ᠬᠦᠷᠦᠯᠴᠡᠬᠦ ᠦᠭᠡᠢ᠂ ᠠᠬᠢᠭᠤᠯᠬᠤ ᠬᠦᠴᠦᠨ ᠢᠶᠠᠷ ᠶᠡᠭᠡ ᠪᠢᠰᠢ ᠪᠠᠶᠢᠨ᠎ᠠ ᠃ ᠲᠦᠷᠪᠡ ᠳᠤ᠂ ᠤᠯᠠᠨ ᠲᠦᠮᠡᠨ ᠢ ᠵᠤᠬᠢᠶᠠᠨ ᠪᠠᠶᠢᠭᠤᠯᠵᠤ ᠲᠠᠶᠢᠴᠢᠯᠠᠬᠤ ᠲᠠᠯ᠎ᠠ ᠪᠠᠷ ᠬᠦᠢᠴᠡᠳ ᠦᠭᠡᠢ᠂ ᠤᠯᠠᠨ ᠲᠦᠮᠡᠨ ᠤ ᠤᠷᠤᠯᠴᠠᠬᠤ ᠤᠷᠬᠢᠯᠤᠮ᠎ᠠ ᠬᠠᠯᠠᠭᠤᠨ ᠰᠡᠳᠬᠢᠯᠭᠡ ᠶᠢ ᠬᠦᠭᠵᠢᠭᠡᠬᠦ ᠠᠷᠭ᠎ᠠ ᠭᠡᠮᠵᠢᠶ᠎ᠠ ᠶᠢᠨ ᠲᠠᠯ᠎ᠠ ᠪᠠᠷ ᠴᠢᠨᠠᠬᠰᠢᠳᠠ ᠰᠢᠨ᠎ᠠ ᠶᠢ ᠡᠬᠦᠳᠬᠦ ᠴᠢᠬᠤᠯᠠᠳᠠᠢ ᠪᠠᠶᠢᠨ᠎ᠠ᠃ ᠬᠠᠤᠯᠢ ᠶᠤᠰᠤᠭᠠᠷ ᠴᠢᠩᠭ᠎ᠠ ᠵᠠᠯᠬᠠᠭᠠᠨ ᠰᠢᠢᠳᠭᠡᠬᠦ ᠲᠠᠯ᠎ᠠ ᠪᠠᠷ᠂ ᠨᠢᠭᠡ ᠳᠤ᠂ ᠵᠠᠷᠢᠮ ᠰᠦᠪᠡᠭᠴᠢ ᠶᠢ ᠰᠠᠨᠠᠭᠠᠴᠢᠯᠠᠭ᠎ᠠ ᠠᠴᠠ ᠪᠠᠨ ᠰᠢᠭᠰᠢᠨ ᠪᠠᠶᠢᠴᠠᠭᠠᠬᠤ ᠲᠠᠯ᠎ᠠ ᠪᠠᠷ ᠡᠷᠴᠢᠮ ᠰᠤᠯᠠ᠂ ᠰᠦᠪᠡᠭᠴᠢ ᠶᠢ ᠬᠠᠷᠭᠤᠭᠤᠯᠤᠨ ᠳᠤᠳᠤᠯᠠᠵᠦ ᠪᠠᠶᠢᠴᠠᠭᠠᠬᠤ ᠶᠠᠰᠦ ᠴᠢᠨᠠᠷ ᠪᠠ ᠦᠷ᠎ᠠ ᠪᠦᠳᠦᠮᠵᠢ ᠪᠠᠷ ᠲᠤᠤᠷ᠎ᠠ ᠪᠠᠶᠢᠨ᠎ᠠ᠃ ᠬᠤᠶᠠᠷ ᠲᠤ᠂ ᠲᠤᠰᠬᠠᠢ ᠲᠡᠮᠡᠴᠡᠯ ᠢ ᠦᠷᠨᠢᠬᠦᠯᠦᠭᠰᠡᠨ ᠨᠢ ᠲᠡᠩᠴᠡᠬᠦᠷᠢ ᠦᠭᠡᠢ᠂ ᠬᠠᠷ᠎ᠠ ᠪᠦᠯᠦᠭᠳᠡᠨ ᠳᠤ ᠬᠤᠯᠪᠤᠭᠳᠠᠬᠤ ᠵᠤᠬᠢᠶᠠᠨ ᠪᠠᠶᠢᠭᠤᠯᠤᠯᠳᠠ ᠵᠢᠴᠢ ᠲᠤᠮᠤ ᠭᠡᠷᠡᠭ ᠬᠦᠨᠳᠦ ᠭᠡᠷᠡᠭ ᠢ ᠪᠠᠶᠢᠴᠠᠭᠠᠨ ᠰᠢᠢᠳᠪᠤᠷᠢᠯᠡᠭᠰᠡᠨ ᠲᠤᠭ᠎ᠠ ᠭᠡᠮᠵᠢᠶ᠎ᠠ ᠪᠠᠷ ᠴᠦᠬᠡᠨ ᠪᠠᠶᠢᠨ᠎ᠠ᠃ ᠭᠤᠷᠪᠠ ᠳᠤ᠂ ᠲᠤᠳᠤᠭᠠᠳᠤ ᠶᠢ ᠬᠠᠮᠠᠭᠠᠯᠠᠬᠤ᠂ ᠪᠠᠶᠢᠴᠠᠭᠠᠬᠤ ᠬᠤᠷᠢᠶ᠎ᠠ᠂ ᠰᠢᠬᠦᠬᠦ ᠬᠤᠷᠢᠶ᠎ᠠ ᠭᠤᠷᠪᠠᠨ ᠪᠠᠶᠢᠭᠤᠯᠭ᠎ᠠ ᠨᠢ ᠬᠠᠷ᠎ᠠ ᠪᠦᠯᠦᠭᠲᠡᠨ ᠬᠠᠷᠬᠢᠰ ᠬᠦᠴᠦᠨ ᠲᠠᠢ ᠬᠤᠯᠪᠤᠬᠳᠠᠬᠤ ᠶᠠᠯᠠᠲᠤ ᠠᠵᠢᠯᠯᠠᠭ᠎ᠠ ᠳᠤ ᠴᠤᠬᠢᠯᠲᠠ ᠦᠭᠬᠦ ᠳᠤ ᠵᠤᠬᠢᠴᠠᠭᠤᠯᠭ᠎ᠠ ᠭᠦᠢᠴᠡᠳ ᠪᠤᠰᠤ᠂ ᠵᠠᠷᠢᠮ ᠬᠡᠷᠡᠭ ᠤᠨ ᠴᠢᠨᠠᠷ ᠤᠨ ᠲᠤᠬᠲᠠᠭᠠᠯᠲᠠ ᠳᠡᠭᠡᠷ᠎ᠡ ᠵᠦᠷᠢᠯᠳᠦᠭᠡᠨ ᠲᠠᠢ ᠪᠠᠶᠢᠨ᠎ᠠ᠃ ᠳᠦᠷᠪᠡ ᠳᠤ᠂ ᠬᠡᠷᠡᠭ ᠢ ᠰᠢᠢᠳᠪᠦᠷᠢᠯᠡᠬᠦ ᠶᠠᠰᠤ ᠴᠢᠨᠠᠷ ᠪᠠ ᠦᠷ᠎ᠡ ᠪᠦᠲᠦᠮᠵᠢ ᠪᠠᠷ ᠦᠨᠳᠦᠷ ᠪᠢᠰᠢ᠂ ᠵᠠᠷᠢᠮ ᠬᠡᠷᠡᠭ ᠢ ᠰᠢᠢᠳᠪᠦᠷᠢᠯᠡᠬᠦ ᠬᠤᠭᠤᠴᠠᠭ᠎ᠠ ᠨᠢ ᠭᠡᠳᠦ ᠤᠷᠳᠤ ᠪᠠᠶᠢᠨ᠎ᠠ᠃ ᠲᠠᠪᠤ ᠳᠤ᠂ ︽ᠡᠳ᠋ ᠬᠦᠷᠦᠩᠬᠡ ᠶᠢ ᠨᠢ ᠬᠤᠷᠢᠶᠠᠵᠤ ᠡᠳ᠋ ᠤᠨ ᠬᠦᠴᠦᠨ ᠤ ᠢᠷᠡᠯᠳᠡ ᠶᠢ ᠨᠢ ᠲᠠᠰᠤᠯᠠᠬᠤ︾ ᠲᠠᠯ᠎ᠠ ᠪᠠᠷ ᠠᠰᠠᠭᠤᠳᠠᠯ ᠳᠤᠪᠤᠶᠢᠮ᠎ᠡ ᠤᠷᠤᠰᠢᠵᠤ᠂ ᠡᠳ᠋ ᠬᠦᠷᠦᠩᠭᠡ ᠶᠢᠨ ᠡᠷᠡᠭᠦᠦ ᠶᠢᠨ ᠬᠡᠷᠡᠭᠯᠡᠯᠲᠡ ᠲᠡᠩᠴᠡᠭᠦᠷᠢ ᠦᠭᠡᠢ᠂ ᠭᠦᠢᠴᠡᠳᠬᠡᠭᠰᠡᠨ ᠦᠷ᠎ᠡ ᠪᠦᠲᠦᠮᠵᠢ ᠲᠡᠶᠢᠮᠦ ᠬᠠᠩᠭᠠᠮᠵᠢᠲᠠᠢ ᠪᠢᠰᠢ ᠪᠠᠶᠢᠨ᠎ᠠ᠃ ᠭᠦᠨᠵᠡᠭᠡᠢ ᠠᠭᠤᠳᠠᠯᠵᠤ ᠲᠦᠢᠯᠪᠤᠷᠢᠲᠠᠢ ᠪᠠᠶᠢᠴᠠᠭᠠᠬᠤ ᠲᠠᠯ᠎ᠠ ᠪᠠᠷ᠂ ᠨᠢᠭᠡ ᠳᠤ᠂ ︽ᠬᠠᠮᠠᠭᠠᠯᠠᠬᠴᠢ ᠰᠢᠬᠦᠷ ᠬᠠᠷᠢᠴᠠᠭᠠᠨ ᠤ ᠲᠤᠤᠷ ᠢ ᠨᠢ ᠡᠪᠳᠡᠵᠤ︾᠂ ᠭᠦᠨᠵᠡᠭᠡᠢ ᠠᠭᠤᠳᠠᠯᠵᠤ ᠲᠦᠢᠯᠪᠤᠷᠢᠳᠠᠢ ᠪᠠᠶᠢᠴᠠᠭᠠᠬᠤ ᠲᠠᠯ᠎ᠠ ᠪᠠᠷ ᠪᠠᠰᠠ ᠨᠠᠯᠢᠶᠡᠳ ᠶᠡᠭᠡ ᠵᠦᠷᠢᠶ᠎ᠡ ᠲᠠᠢ ᠪᠠᠶᠢᠨ᠎ᠠ᠃ ᠬᠤᠶᠠᠷ ᠲᠤ᠂ ᠵᠠᠷᠢᠮ ᠤᠷᠤᠨ ᠨᠤᠲᠤᠬ ᠪᠠ ᠬᠡᠷᠡᠭ ᠢ ᠰᠢᠪᠲᠤᠯᠬᠤ ᠡᠷᠴᠢᠮ ᠶᠡᠭᠡ ᠪᠢᠰᠢ ᠪᠠᠶᠢᠨ᠎ᠠ᠃ ᠭᠤᠷᠪᠠ ᠳᠤ᠂ ︽ᠨᠢᠭᠡ ᠬᠡᠷᠡᠭ ᠢ ᠭᠤᠷᠪᠠ ᠪᠠᠶᠢᠴᠠᠭᠠᠬᠤ︾ ᠨᠢ ᠢᠵᠢᠯ ᠠᠯᠬᠤᠮ ᠪᠢᠰᠢ ᠪᠠᠶᠢᠨ᠎ᠠ᠃ ᠶᠡᠷᠦᠩᠭᠡᠶᠢᠯᠡᠨ ᠵᠠᠰᠠᠬᠤ ᠲᠠᠯ᠎ᠠ ᠪᠠᠷ᠂ ᠨᠢᠭᠡ ᠳᠤ᠂ ᠬᠡᠰᠡᠭ ᠭᠤᠤᠯᠳᠠᠯᠭ᠎ᠠ ᠲᠠᠢ ᠠᠵᠢᠯ ᠲᠦᠷᠦᠯ ᠤᠨ ᠬᠦᠷᠢᠶᠡᠨ ᠳᠤ ᠨᠡᠯᠢᠶᠡᠳ ᠤᠯᠠᠨ ᠬᠠᠷ᠎ᠠ ᠪᠦᠯᠦᠭᠲᠡᠨ ᠬᠠᠷᠬᠢᠰ ᠬᠦᠴᠦᠨ ᠲᠠᠢ ᠬᠤᠯᠪᠤᠬᠳᠠᠬᠤ ᠠᠰᠠᠭᠤᠳᠠᠯ ᠤᠷᠤᠰᠢᠵᠤ ᠪᠠᠶᠢᠨ᠎ᠠ᠃ ᠬᠤᠶᠠᠷ ᠲᠤ᠂ ᠵᠠᠷᠢᠮ ᠠᠵᠢᠯ ᠲᠦᠷᠦᠯ ᠤᠨ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠤᠨ ᠬᠢᠨᠠᠯᠲᠠ ᠬᠠᠮᠢᠶᠠᠷᠤᠯᠲᠠ ᠤᠷᠤᠨ ᠪᠠᠶᠢᠷᠢ ᠳᠤ ᠪᠠᠨ ᠬᠦᠷᠦᠭᠡᠳᠦᠢ᠂ ᠬᠠᠷ᠎ᠠ ᠪᠦᠯᠦᠭᠲᠡᠨ ᠬᠠᠷᠬᠢᠰ ᠬᠦᠴᠦᠨ ᠢ ᠠᠷᠢᠯᠭᠠᠬᠤ ᠶᠢ ᠰᠠᠨᠠᠭᠠᠴᠢᠯᠠᠭ᠎ᠠ ᠲᠠᠢ ᠠᠳᠬᠤᠬᠤ ᠪᠠᠷ ᠠᠨᠠᠢ ᠪᠠᠶᠢᠨ᠎ᠠ᠃ ᠭᠤᠷᠪᠠ ᠳᠤ᠂ ᠤᠯᠤᠰ ᠲᠦᠷᠦ ᠬᠠᠤᠯᠢ ᠴᠠᠭᠠᠵᠠ ᠶᠢᠨ ᠰᠠᠯᠠᠭ᠎ᠠ ᠮᠦᠴᠢᠷ ᠪᠠ ᠠᠵᠢᠯ ᠲᠦᠷᠦᠯ ᠤᠨ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠤᠨ ᠬᠤᠯᠪᠤᠯᠳᠤᠭᠰᠠᠠ ᠬᠦᠳᠡᠯᠦᠯᠴᠡᠯ ᠭᠦᠢᠴᠡᠳ ᠪᠤᠰᠤ᠂ ᠵᠠᠰᠠᠬ ᠵᠠᠬᠢᠷᠭ᠎ᠠ ᠶᠢᠨ ᠬᠠᠤᠯᠢ ᠬᠡᠷᠡᠭᠵᠢᠭᠦᠯᠬᠦ ᠪᠠ ᠡᠷᠡᠭᠦᠦ ᠶᠢᠨ ᠬᠡᠷᠡᠭ ᠤᠨ ᠬᠠᠤᠯᠢ ᠴᠠᠭᠠᠵᠠ ᠶᠢᠨ ᠵᠤᠯᠭᠠᠯᠴᠠᠭ᠎ᠠ ᠨᠢᠬᠲᠠ ᠪᠤᠰᠤ ᠪᠠᠶᠢᠨ᠎ᠠ᠃ ᠵᠤᠬᠢᠶᠠᠨ ᠪᠠᠶᠢᠭᠤᠯᠤᠯᠲᠠ ᠶᠢᠨ ᠴᠤᠬᠴᠠᠯᠠᠯᠲᠠ ᠶᠢᠨ ᠲᠠᠯ᠎ᠠ ᠪᠠᠷ᠂ ᠨᠢᠭᠡ ᠳᠤ᠂ ᠲᠤᠰᠬᠤᠨ ᠤ ︽ᠬᠤᠶᠠᠷ ᠵᠦᠪᠯᠡᠯ︾ ᠤᠨ ᠺᠠᠳ᠋ᠷ ᠢ ᠰᠤᠩᠭᠤᠬᠤ ᠪᠤᠭᠤᠮᠲᠠ ᠶᠢ ᠰᠠᠬᠢᠬᠤ ᠲᠠᠯ᠎ᠠ ᠪᠠᠷ ᠴᠢᠩᠭ᠎ᠠ ᠪᠤᠰᠤ᠂ ᠭᠠᠴᠠᠭ᠎ᠠ ᠲᠤᠰᠬᠤᠨ ᠤ ︽ᠬᠤᠶᠠᠷ ᠵᠦᠪᠯᠡᠯ︾ ᠤᠨ ᠺᠠᠳ᠋ᠷᠴᠤᠳ ᠤᠨ ᠬᠠᠷ᠎ᠠ ᠪᠦᠯᠦᠭᠲᠡᠨ ᠬᠠᠷᠬᠢᠰ ᠬᠦᠴᠦᠨ ᠳᠤ ᠬᠤᠯᠪᠤᠬᠳᠠᠬᠤ ᠠᠰᠠᠭᠤᠳᠠᠯ ᠨᠡᠯᠢᠶᠡᠳ ᠬᠦᠨᠳᠦ ᠨᠤᠴᠢᠲᠠᠢ ᠪᠠᠶᠢᠨ᠎ᠠ᠃ ᠬᠤᠶᠠᠷ ᠲᠤ᠂ ᠪᠠᠭ᠎ᠠ ᠪᠤᠰᠤ ᠦᠨᠳᠦᠰᠦᠨ ᠱᠠᠲᠤᠨ ᠤ ᠨᠠᠮ ᠤᠨ ᠵᠤᠬᠢᠶᠠᠨ ᠪᠠᠶᠢᠭᠤᠯᠤᠯᠲᠠ ᠰᠤᠯᠠ ᠪᠠᠭᠤᠷᠠᠢ ᠬᠦᠴᠦᠨ ᠦᠭᠡᠢ᠂ ᠵᠠᠷᠢᠮ ᠲᠤᠰᠬᠤᠨ ᠤ ︽ᠬᠤᠶᠠᠷ ᠵᠦᠪᠯᠡᠯ︾ ᠤᠨ ᠺᠠᠳ᠋ᠷ ᠤᠨ ᠬᠡᠪ ᠪᠤᠯᠪᠠᠰᠤᠷᠠᠯ ᠦᠨᠳᠦᠷ ᠪᠢᠰᠢ ᠪᠠᠶᠢᠨ᠎ᠠ᠃ ᠭᠤᠷᠪᠠ ᠳᠤ᠂ ᠬᠡᠰᠡᠭ ᠭᠠᠴᠠᠭ᠎ᠠ ᠲᠤᠰᠬᠤᠨ ᠤ ᠬᠠᠮᠲᠤ ᠶᠢᠨ ᠠᠵᠤ ᠠᠬᠤᠢ ᠪᠠᠭᠤᠷᠠᠢ ᠰᠠᠯᠠᠩ ᠵᠠᠲᠠᠭᠠᠢ ᠪᠠᠶᠢᠨ᠎ᠠ᠃ ᠳᠦᠷᠪᠡ ᠳᠤ᠂ ᠹᠸᠤᠳᠠᠯ ᠤᠨ ᠨᠦᠯᠦᠭᠡ᠂ ᠬᠠᠤᠯᠢ ᠪᠤᠰᠤ ᠱᠠᠰᠢᠨ ᠰᠤᠷᠲᠠᠬᠤᠨ ᠪᠠᠰᠠ ᠨᠡᠪᠴᠢᠵᠤ ᠤᠷᠤᠬᠤ ᠵᠠᠬ᠎ᠠ ᠲᠠᠯᠬᠡᠬᠦᠷ ᠲᠠᠢ ᠪᠠᠶᠢᠨ᠎ᠠ᠃ ᠵᠤᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢᠨ ᠲᠠᠯ᠎ᠠ ᠪᠠᠷ᠂ ᠨᠢᠭᠡ ᠳᠤ᠂ ᠬᠠᠷ᠎ᠠ ᠪᠦᠯᠦᠭᠲᠡᠨ ᠢ ᠠᠷᠢᠯᠭᠠᠬᠤ ᠴᠦᠬᠡᠨ ᠪᠤᠰᠤ ᠠᠯᠪᠠᠨ ᠭᠡᠷ ᠤᠨ ᠬᠦᠴᠦᠨ ᠨᠢ ᠭᠦᠢᠴᠡᠳ ᠪᠤᠰᠤ᠂ ᠡᠷᠬᠡ ᠰᠦᠷ ᠦᠨᠳᠦᠷ ᠪᠤᠰᠤ᠂ ᠵᠤᠬᠢᠴᠠᠭᠤᠯᠭ᠎ᠠ ᠰᠢᠯᠤᠭᠤᠨ ᠪᠢᠰᠢ ᠪᠠᠶᠢᠨ᠎ᠠ᠃ ᠬᠤᠶᠠᠷ ᠲᠤ᠂ ᠬᠠᠷ᠎ᠠ ᠪᠦᠯᠦᠭᠲᠡᠨ ᠬᠠᠷᠬᠢᠰ ᠬᠦᠴᠦᠨ ᠢ ᠠᠷᠢᠯᠭᠠᠬᠤ ᠤᠳᠤᠷᠢᠳᠬᠤ ᠳᠤᠭᠤᠢᠢᠯᠠᠩ ᠵᠢᠴᠢ ᠲᠡᠭᠦᠨ ᠤ ᠠᠯᠪᠠᠨ ᠭᠡᠷ ᠤᠨ ᠲᠦᠷᠦᠭᠦᠯᠡᠨ ᠵᠤᠬᠢᠴᠠᠭᠤᠯᠬᠤ ᠦᠢᠯᠡᠳᠦᠯ ᠢᠶᠠᠨ ᠪᠠᠳᠠᠷᠠᠭᠤᠯᠤᠬᠰᠠᠨ ᠨᠢ ᠭᠦᠢᠴᠡᠳ ᠪᠤᠰᠤ ᠪᠠᠶᠢᠨ᠎ᠠ᠃ ᠭᠤᠷᠪᠠ ᠳᠤ᠂ ᠳᠤᠭᠤᠭᠰᠢ ᠪᠠᠨ ᠵᠢᠯᠤᠭᠤᠳᠬᠤ ᠠᠵᠢᠯ ᠭᠦᠢᠴᠡᠳ ᠪᠤᠰᠤ ᠪᠠᠶᠢᠨ᠎ᠠ᠃ ᠡᠨᠡ ᠬᠦ ᠵᠢᠷᠭᠤᠭᠠᠨ ᠲᠠᠯ᠎ᠠ ᠶᠢᠨ 22 ᠪᠤᠲᠠᠲᠠᠢ ᠠᠰᠠᠭᠤᠳᠠᠯ ᠳᠤ ᠬᠠᠨᠳᠤᠭᠤᠯᠤᠨ ᡁᠢ ᠱᠦ ᠫᠢᠩ᠂ ᠪᠦᠬᠦ ᠤᠷᠤᠨ ᠤ ᠡᠯ᠎ᠡ ᠱᠠᠲᠤᠨ ᠤ ᠨᠠᠮ ᠤᠨ ᠬᠤᠷᠢᠶ᠎ᠠ᠂ ᠵᠠᠰᠠᠬ ᠤᠨ ᠤᠷᠳᠤᠨ ᠨᠢ ︽ᠤᠬ ᠰᠠᠨᠠᠭ᠎ᠠ ᠪᠠᠨ ᠦᠯᠦ ᠮᠠᠷᠲᠠᠵᠤ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠤ ᠬᠦᠮᠦᠵᠢᠯ ᠲᠠᠢ ᠤᠶᠠᠯᠳᠤᠭᠤᠯᠤᠨ᠂ ᠨᠢᠭᠡ ᠤᠳᠠᠭ᠎ᠠ ᠶᠢᠨ ᠳᠡᠭᠡᠷ᠎ᠡ ᠱᠠᠲᠦ ᠠᠴᠠ ᠳᠤᠤᠷ᠎ᠠ ᠱᠠᠲᠦ ᠬᠦᠷᠲᠡᠯᠡᠬᠢ ᠬᠠᠷ᠎ᠠ ᠪᠦᠯᠦᠭᠲᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠰᠡᠳᠦᠪᠲᠤ ᠰᠤᠷᠤᠯᠴᠠᠭ᠎ᠠ ᠶᠢ ᠨᠠᠷᠢᠨ ᠬᠢᠨᠠᠮᠠᠭᠠᠢ ᠦᠷᠨᠢᠭᠦᠯᠵᠦ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠤᠷᠢᠬ ᠰᠠᠨᠠᠭ᠎ᠠ ᠶᠢ ᠭᠤᠤᠯᠴᠢᠯᠠᠨ ᠰᠤᠷᠤᠯᠴᠠᠨ ᠤᠢᠢᠯᠠᠭᠠᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠦᠪ ᠬᠤᠷᠢᠶᠠᠨ ᠤ ᠰᠢᠢᠳᠪᠦᠷᠢᠲᠤ ᠪᠤᠳᠤᠯᠭ᠎ᠠ ᠶᠢᠨ ᠪᠠᠶᠢᠷᠢᠯᠠᠭᠤᠯᠤᠯᠲᠠ ᠳᠡᠭᠡᠷ᠎ᠡ ᠦᠨᠡᠨ ᠬᠦ ᠨᠢᠭᠡᠳᠬᠡᠨ᠂ ᠬᠠᠷ᠎ᠠ ᠪᠦᠯᠦᠭᠲᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠢ ᠪᠠᠶᠢᠯᠳᠤᠬᠤ ᠪᠤᠳᠤᠯᠭ᠎ᠠ ᠶᠢᠨ ᠴᠢᠨᠠᠷᠲᠠᠢ᠂ ᠪᠦᠬᠦ ᠲᠠᠯ᠎ᠠ ᠶᠢᠨ ᠴᠢᠨᠠᠷᠲᠠᠢ ᠪᠠᠶᠢᠷᠢᠨ ᠳᠤ ᠲᠠᠯᠪᠢᠵᠤ ᠪᠤᠳᠤᠯᠬᠢᠯᠠᠨ ᠠᠬᠢᠭᠤᠯᠬᠤ ᠬᠡᠷᠡᠭᠲᠡᠢ᠃ ᠰᠤᠷᠤᠯᠴᠠᠯᠭ᠎ᠠ ᠲᠠᠢ ᠪᠠᠨ ᠤᠶᠠᠯᠳᠤᠭᠤᠯᠤᠨ ᠨᠢᠬᠡᠨ ᠤᠳᠠᠭ᠎ᠠ ᠶᠢᠨ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠬᠠᠷᠢᠭᠤᠴᠠᠯᠭ᠎ᠠ ᠶᠢ ᠵᠠᠳᠠᠯᠤᠨ ᠰᠤᠳᠤᠯᠬᠤ ᠠᠵᠢᠯᠯᠠᠭ᠎ᠠ ᠵᠤᠬᠢᠶᠠᠨ ᠪᠠᠶᠢᠭᠤᠯᠵᠦ᠂ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠳᠤᠰᠬᠠᠢ ᠳᠡᠮᠡᠴᠡᠯ ᠤᠨ ᠳᠤᠰᠢᠶᠠᠯ ᠬᠠᠷᠢᠭᠤᠴᠠᠯᠭ᠎ᠠ ᠡᠬᠦᠷᠬᠡ ᠶᠢ ᠨᠠᠶᠢᠳᠠᠪᠤᠷᠢᠵᠢᠭᠤᠯᠬᠤ ᠠᠵᠢᠯ ᠢ ᠴᠢᠩᠭ᠎ᠠ ᠠᠳᠬᠤᠵᠤ᠂ ᠦᠪᠡᠷ ᠤᠨ ᠪᠠᠶ᠎ᠠ ᠪᠠᠨ ᠤᠷᠤᠯᠴᠠᠭᠤᠯᠵᠦ ᠪᠠᠶᠢᠭᠠᠳ ᠬᠦᠷᠦᠯᠴᠡᠬᠦ ᠦᠬᠡᠢ ᠵᠦᠢᠯᠡᠰ ᠢᠶᠠᠨ ᠬᠦᠨᠵᠡᠬᠡᠢ ᠪᠠᠶᠢᠴᠠᠭᠠᠨ ᠡᠷᠢᠵᠦ᠂ ᠠᠰᠠᠭᠤᠳᠠᠯ ᠤᠨ ᠰᠢᠯᠳᠠᠭᠠᠨ ᠢ ᠵᠠᠳᠠᠯᠤᠨ᠂ ᠠᠵᠢᠯ ᠤᠨ ᠬᠠᠷᠢᠭᠤᠴᠠᠯᠭ᠎ᠠ ᠶᠢ ᠳᠤᠳᠤᠷᠬᠠᠢᠢᠯᠠᠬᠤ ᠬᠡᠷᠡᠭᠳᠡᠢ᠃ ᠬᠠᠷᠢᠭᠤᠴᠠᠯᠭ᠎ᠠ ᠳᠤᠯᠭᠠᠬᠤ ᠳᠤᠬᠳᠠᠴᠠ᠂ ᠵᠤᠬᠢᠶᠠᠨ ᠪᠠᠶᠢᠭᠤᠯᠬᠤ ᠠᠷᠭ᠎ᠠ ᠠᠪᠴᠠᠯ ᠢ ᠬᠦᠢᠴᠡᠳ ᠬᠡᠷᠡᠭᠯᠡᠵᠦ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠳᠠ ᠶᠢ ᠠᠬᠢᠭᠤᠯᠬᠤ ᠬᠡᠷᠡᠭᠳᠡᠢ᠃      ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠤᠬᠠᠭᠤᠯᠭ᠎ᠠ ᠬᠦᠮᠦᠵᠢᠯ ᠤᠨ ᠠᠵᠢᠯ ᠢ ᠴᠢᠨᠠᠬᠰᠢᠳᠠ ᠴᠢᠩᠭᠠᠳᠬᠠᠵᠦ᠂ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠠᠷᠠᠳ ᠤᠨ ᠳᠠᠶᠢᠨ ᠤ ᠦᠳᠭᠡᠨ ᠵᠤᠵᠠᠭᠠᠨ ᠠᠭᠤᠷ ᠠᠮᠢᠰᠬᠤᠯ ᠢ ᠪᠤᠢ ᠪᠤᠯᠭᠠᠬᠤ ᠬᠡᠷᠡᠭᠳᠡᠢ᠃ ᠬᠠᠤᠯᠢ ᠶᠤᠰᠤᠭᠠᠷ ᠴᠢᠩᠭ᠎ᠠ ᠰᠢᠢᠳᠬᠡᠬᠦ ᠠᠵᠢᠯ ᠢ ᠴᠢᠩᠭ᠎ᠠ ᠠᠳᠬᠤᠨ᠂ ᠢᠯᠠᠴᠢᠯᠠᠯᠳᠠ ᠬᠢᠬᠦ ᠠᠵᠢᠯ ᠢ ᠴᠢᠨᠠᠬᠰᠢᠳᠠ ᠵᠤᠬᠢᠶᠠᠨ ᠪᠠᠶᠢᠭᠤᠯᠤᠨ ᠦᠷᠨᠢᠬᠦᠯᠵᠦ᠂ ᠰᠦᠪᠡᠭᠴᠢ ᠶᠢ ᠬᠠᠷᠭᠤᠭᠤᠯᠤᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠦ᠂ ᠬᠠᠤᠯᠢ ᠴᠠᠭᠠᠵᠠ ᠶᠢᠨ ᠬᠡᠮᠵᠢᠬᠦᠷ ᠢ ᠨᠢᠬᠡᠳᠤᠯᠳᠠᠢ ᠪᠤᠯᠭᠠᠨ ᠴᠤᠬᠢᠯᠳᠠ ᠦᠭᠬᠦ ᠬᠠᠮᠳᠤᠷᠠᠯ ᠬᠦᠴᠦᠨ ᠢ ᠪᠦᠷᠢᠯᠳᠦᠬᠦᠯᠵᠦ᠂ ᠠᠵᠢᠯ ᠤᠨ ᠰᠤᠷᠳᠠᠯ ᠢᠶᠠᠨ ᠬᠤᠪᠢᠷᠠᠭᠤᠯᠤᠨ ᠠᠵᠢᠯ ᠤᠨ ᠦᠷ᠎ᠠ ᠪᠦᠲᠦᠮᠵᠢ ᠪᠠᠨ ᠳᠡᠬᠡᠭᠰᠢᠯᠡᠬᠦᠯᠵᠦ᠂ ᠬᠡᠷᠡᠭ ᠲᠤ ᠬᠤᠯᠪᠤᠬᠳᠠᠬᠰᠠᠨ ᠡᠳ᠋ ᠬᠦᠷᠦᠩᠬᠡ ᠶᠢ ᠰᠢᠢᠳᠪᠤᠷᠢᠯᠡᠬᠦ ᠠᠵᠢᠯ ᠢ ᠳᠡᠬᠦᠯᠳᠡᠷᠵᠢᠬᠦᠯᠵᠦ᠂ ᠳᠦᠷᠢᠮᠵᠢᠭᠰᠡᠡ ᠰᠠᠨᠠᠯ ᠢ ᠪᠦᠷᠢᠯᠳᠦᠬᠦᠯᠬᠦ ᠬᠡᠷᠡᠭᠳᠡᠢ᠃ ︽ᠬᠠᠮᠠᠭᠠᠯᠠᠬᠴᠢ ᠰᠢᠬᠦᠷ ᠬᠠᠷᠢᠴᠠᠭᠠᠨ ᠤ ᠳᠤᠤᠷ ᠢ ᠨᠢ ᠡᠪᠳᠡᠬᠦ︾ ᠶᠢ ᠴᠢᠩᠭ᠎ᠠ ᠠᠳᠬᠤᠵᠦ᠂ ᠪᠦᠬᠦᠯᠢ ᠴᠤᠬᠴᠠ ᠶᠢᠨ ᠠᠵᠢᠯ ᠢ ᠠᠬᠢᠭᠤᠯᠬᠤ ᠡᠷᠴᠢᠮ᠂ ᠬᠡᠷᠡᠭ ᠢ ᠡᠪᠳᠡᠬᠦ ᠡᠷᠴᠢᠮ ᠪᠤᠯᠤᠨ ᠬᠠᠷᠢᠭᠤᠴᠠᠯᠭ᠎ᠠ ᠳᠤᠯᠭᠠᠬᠤ ᠡᠷᠴᠢᠮ ᠢ ᠴᠢᠩᠭᠠᠷᠠᠭᠤᠯᠵᠦ᠂ ᠬᠢᠨᠠᠯᠳᠠ ᠳᠠᠯᠪᠢᠨ ᠰᠠᠬᠢᠯᠭ᠎ᠠ ᠪᠠᠲᠦ ᠬᠡᠷᠡᠭᠵᠢᠬᠦᠯᠬᠦ ︽ᠳᠦᠷᠪᠡ ᠵᠦᠢᠯ ᠤᠨ ᠬᠡᠯᠪᠡᠷᠢ︾ ᠶᠢ ᠰᠠᠶᠢᠳᠤᠷ ᠬᠡᠷᠡᠭᠯᠡᠵᠦ᠂ ᠡᠷᠳᠡ ᠠᠴᠠ ᠠᠳᠬᠤᠨ ᠪᠠᠭ᠎ᠠ ᠠᠴᠠ ᠨᠢ ᠠᠳᠬᠤᠨ᠂ ᠤᠷᠢᠳᠤᠬᠢ ᠶᠢ ᠵᠠᠯᠬᠠᠭᠠᠨ ᠬᠤᠶᠢᠰᠢᠬᠢ ᠳᠤ ᠴᠡᠬᠡᠷᠯᠡᠯ ᠪᠤᠯᠭᠠᠵᠦ᠂ ᠡᠪᠡᠳᠴᠢᠨ ᠢ ᠨᠢ ᠵᠠᠰᠠᠵᠦ ᠡᠳᠡᠬᠡᠷᠡᠬᠦᠯᠦᠨ ᠠᠪᠬᠤ ᠬᠡᠷᠡᠭᠳᠡᠢ᠃ ᠶᠡᠷᠦᠩᠬᠡᠶᠢᠯᠡᠭᠰᠡᠨ ᠵᠠᠰᠠᠯᠳᠠ ᠶᠢ ᠴᠢᠨᠠᠬᠰᠢᠳᠠ ᠴᠢᠩᠭᠠᠳᠬᠠᠨ᠂ ᠠᠵᠢᠯ ᠳᠦᠷᠦᠯ ᠤᠨ ᠰᠠᠮᠠᠭᠤᠨ ᠪᠠᠶᠢᠳᠠᠯ ᠢ ᠳᠤᠰᠬᠠᠢᠢᠯᠠᠨ ᠴᠡᠭᠴᠡᠯᠡᠨ ᠵᠠᠰᠠᠬᠤ ᠶᠢ ᠳᠦᠪᠯᠡᠷᠡᠩᠬᠦᠢ ᠦᠷᠨᠢᠬᠦᠯᠵᠦ᠂ ᠫᠤᠤ ᠰᠤᠮᠤ ᠶᠢ ᠬᠤᠷᠢᠶᠠᠨ ᠬᠦᠴᠦᠷᠬᠡᠭᠯᠡᠯ ᠢ ᠠᠷᠢᠯᠭᠠᠬᠤ ᠳᠤᠰᠬᠠᠢ ᠳᠦᠷᠦᠯ ᠤᠨ ᠠᠵᠢᠯᠯᠠᠭ᠎ᠠ ᠶᠢ ᠬᠦᠨᠵᠡᠬᠡᠢ ᠦᠷᠨᠢᠬᠦᠯᠵᠦ᠂ ᠤᠯᠠᠨ ᠰᠠᠯᠠᠭ᠎ᠠ ᠮᠦᠴᠢᠷ ᠢᠶᠠᠷ ᠬᠤᠯᠪᠤᠭᠠᠯᠠᠨ ᠬᠦᠳᠡᠯᠦᠯᠴᠡᠬᠦ ᠶᠢ ᠴᠢᠩᠭᠠᠳᠬᠠᠨ᠂ ᠶᠡᠷᠦᠩᠬᠡᠶᠢᠯᠡᠭᠰᠡᠨ ᠵᠠᠰᠠᠯᠳᠠ ᠶᠢᠨ ᠶᠠᠰᠤ ᠴᠢᠨᠠᠷ ᠪᠤᠯᠤᠨ ᠦᠷ᠎ᠠ ᠪᠦᠳᠦᠮᠵᠢ ᠶᠢ ᠳᠡᠬᠡᠭᠰᠢᠯᠡᠬᠦᠯᠬᠦ ᠬᠡᠷᠡᠭᠳᠡᠢ᠃ ᠰᠤᠯᠠ ᠪᠠᠭᠤᠷᠠᠢ ᠰᠠᠯᠠᠩ ᠵᠠᠳᠠᠭᠠᠢ ᠪᠠᠶᠢᠭ᠎ᠠ ᠦᠨᠳᠦᠰᠦᠨ ᠱᠠᠳᠤᠨ ᠤ ᠵᠤᠬᠢᠶᠠᠨ ᠪᠠᠶᠢᠭᠤᠯᠤᠯᠳᠠ ᠶᠢ ᠦᠷᠬᠦᠯᠵᠢᠯᠡᠨ ᠢᠯᠭᠠᠷᠠᠭᠤᠯᠤᠨ ᠪᠠᠶᠢᠴᠠᠭᠠᠵᠦ ᠴᠡᠭᠴᠡᠯᠡᠨ ᠵᠠᠰᠠᠵᠦ᠂ ᠰᠢᠶᠠᠨ᠂ ᠰᠢᠶᠠᠩ᠂ ᠳᠤᠰᠬᠤᠨ ᠭᠤᠷᠪᠠᠨ ᠱᠠᠳᠤ ᠪᠠᠷ ᠬᠤᠯᠪᠤᠭᠠᠯᠠᠨ ᠬᠦᠳᠡᠯᠦᠯᠴᠡᠬᠦ ᠪᠠᠷ ᠳᠠᠮᠵᠢᠨ ᠦᠨᠳᠦᠰᠦᠨ ᠱᠠᠳᠤᠨ ᠤ ᠵᠤᠬᠢᠶᠠᠨ ᠪᠠᠶᠢᠭᠤᠯᠤᠯᠳᠠ ᠶᠢ ᠴᠢᠩᠭᠠᠳᠬᠠᠵᠦ᠂ ᠬᠦᠳᠡᠭᠡ ᠳᠤᠰᠬᠤᠨ ᠤ ︽ᠬᠤᠶᠠᠷ ᠵᠦᠪᠯᠡᠯ︾ ᠤᠨ ᠺᠠᠳ᠋ᠷ ᠢ ᠬᠦᠮᠦᠵᠢᠬᠦᠯᠬᠦ ᠡᠷᠴᠢᠮ ᠢᠶᠠᠨ ᠴᠢᠩᠭᠠᠷᠠᠭᠤᠯᠬᠤ ᠬᠡᠷᠡᠭᠳᠡᠢ᠃ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠤᠳᠤᠷᠢᠳᠬᠤ ᠳᠤᠭᠤᠢᠢᠯᠠᠩ ᠵᠢᠴᠢ ᠳᠡᠬᠦᠨ ᠤ ᠠᠯᠪᠠᠨ ᠬᠡᠷ ᠢ ᠴᠢᠨᠠᠬᠰᠢᠳᠠ ᠳᠡᠬᠦᠯᠳᠡᠷᠵᠢᠬᠦᠯᠦᠨ ᠴᠢᠩᠭᠠᠳᠬᠠᠵᠦ᠂ ᠳᠡᠬᠦᠨ ᠤ ᠲᠦᠷᠦᠬᠦᠯᠦᠨ ᠶᠡᠷᠦᠩᠬᠡᠶᠢᠯᠡᠨ ᠠᠳᠬᠤᠬᠤ ᠦᠢᠯᠡᠳᠦᠯ ᠴᠢᠳᠠᠪᠬᠢ ᠶᠢ ᠨᠢ ᠨᠡᠩ ᠰᠠᠶᠢᠨ ᠪᠠᠳᠠᠷᠠᠭᠤᠯᠵᠦ᠂ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠳᠤᠰᠬᠠᠢ ᠳᠡᠮᠡᠴᠡᠯ ᠢ ᠴᠢᠩᠭ᠎ᠠ ᠪᠦᠬᠡᠳ ᠤᠨᠤᠪᠴᠢᠳᠠᠢ ᠶᠠᠪᠤᠬᠳᠠᠭᠤᠯᠬᠤ ᠶᠢ ᠪᠠᠳᠤᠯᠠᠨ᠂ ᠳᠡᠤᠬᠡ ᠶᠢᠨ ᠰᠢᠯᠭᠠᠯᠳᠠ ᠶᠢ ᠳᠠᠭᠠᠭᠠᠵᠦ ᠳᠡᠶᠢᠯᠬᠦ ᠶᠢ ᠪᠠᠳᠤᠯᠠᠬᠤ ᠬᠡᠷᠡᠭᠳᠡᠢ ᠬᠡᠵᠦ ᠱᠠᠭᠠᠷᠳᠠᠪᠠ᠃      ᠰᠢᠮᠳᠠᠭᠤᠯᠣᠨ ᠵᠢᠯᠤᠭᠤᠳᠬᠤ ᠳᠤᠭᠤᠢᠢᠯᠠᠩ ᠠᠴᠠ ᠮᠠᠨ ᠤ ᠤᠷᠤᠨ ᠢ ᠰᠢᠮᠳᠠᠭᠤᠯᠣᠨ ᠵᠢᠯᠤᠭᠤᠳᠬᠤ ᠳᠤᠭᠤᠢᠢᠯᠠᠩ ᠤᠨ ᠨᠢᠬᠡᠨᠳᠡ ᠰᠢᠯᠵᠢᠬᠦᠯᠦᠨ ᠳᠤᠰᠢᠶᠠᠬᠰᠠᠨ ᠨᠢᠬᠡᠳᠦᠬᠡᠷ ᠪᠦᠯᠦᠭ ᠤᠨ ᠭᠤᠤᠯᠳᠠᠯᠭ᠎ᠠ ᠲᠠᠢ ᠰᠢᠮᠳᠠᠭᠤᠯᠣᠨ ᠰᠢᠢᠳᠪᠤᠷᠢᠯᠡᠬᠦ ᠰᠦᠪᠡᠭᠴᠢ ᠶᠢ ᠳᠠᠷᠤᠢ ᠳᠦᠷᠬᠡᠨ ᠢᠶᠠᠷ ᠬᠦᠴᠦᠨ ᠢᠶᠠᠨ ᠵᠤᠬᠢᠶᠠᠨ ᠪᠠᠶᠢᠭᠤᠯᠤᠨ ᠬᠠᠷᠭᠤᠭᠤᠯᠤᠨ ᠪᠠᠶᠢᠴᠠᠭᠠᠵᠦ᠂ ᠬᠠᠷᠭᠤᠭᠤᠯᠤᠬᠰᠠᠨ ᠪᠠᠶᠢᠴᠠᠭᠠᠬᠰᠠᠨ ᠪᠠᠶᠢᠳᠠᠯ᠂ ᠰᠢᠢᠳᠪᠤᠷᠢᠯᠡᠭᠰᠡᠨ ᠦᠷ᠎ᠠ ᠳ᠋ᠦᠩ ᠢ ᠴᠠᠬ ᠳᠤᠬᠠᠢ ᠳᠤ ᠨᠢ ᠰᠢᠮᠳᠠᠭᠤᠯᠣᠨ ᠪᠠᠶᠢᠴᠠᠭᠠᠬᠤ ᠳᠤᠭᠤᠢᠢᠯᠠᠩ ᠳᠤ ᠳᠤᠰᠬᠠᠬᠤ ᠬᠡᠷᠡᠭᠳᠡᠢ ᠬᠡᠵᠦ ᠱᠠᠭᠠᠷᠳᠠᠪᠠ᠃      ᠯᠢ ᠵᠢᠢ ᠾᠧᠩ᠂ ᠲᠦᠪ ᠤᠨ ᠰᠢᠮᠳᠠᠭᠤᠯᠣᠨ ᠵᠢᠯᠤᠭᠤᠳᠬᠤ ᠳᠤᠭᠤᠢᠢᠯᠠᠩ ᠤᠨ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠵᠢᠯ ᠢ ᠨᠠᠷᠢᠯᠢᠭ ᠵᠢᠯᠤᠭᠤᠳᠴᠤ᠂ ᠶᠡᠭᠡ ᠬᠦᠴᠦᠨ ᠢᠶᠠᠷ ᠳᠡᠮᠵᠢᠵᠦ ᠪᠠᠶᠢᠭ᠎ᠠ ᠳᠤ ᠲᠠᠯᠠᠷᠬᠠᠪᠠ᠃ ᠲᠡᠷᠡ ᠢᠯᠡᠳᠬᠡᠬᠦ ᠳᠤ ᠪᠠᠨ᠂ ᠲᠦᠪ ᠤᠨ ᠰᠢᠮᠳᠠᠭᠤᠯᠣᠨ ᠵᠢᠯᠤᠭᠤᠳᠬᠤ ᠳᠤᠭᠤᠢᠢᠯᠠᠩ ᠤᠨ ᠳᠤᠷᠠᠳᠤᠬᠰᠠᠨ ᠠᠰᠠᠭᠤᠳᠠᠯ ᠢ ᠴᠢᠩ ᠦᠨᠡᠨᠴᠢ ᠪᠠᠷ ᠬᠦᠯᠢᠶᠡᠨ ᠠᠪᠴᠤ᠂ ᠲᠠᠩᠰᠠᠯᠠᠭᠰᠠᠨ ᠶᠤᠰᠤᠭᠠᠷ ᠪᠦᠬᠦᠨ ᠢ ᠲᠤᠰᠤᠨ ᠠᠪᠴᠤ᠂ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠲᠤᠷ ᠠᠳᠬᠤᠬᠤ ᠶᠢ ᠲᠦᠪ ᠴᠢᠩᠭ᠎ᠠ ᠤᠯᠤᠰ ᠲᠦᠷᠦ ᠶᠢᠨ ᠡᠭᠦᠷᠭᠡ ᠪᠤᠯᠭᠠᠨ ᠪᠡᠶᠡᠯᠡᠭᠦᠯᠦᠨ᠎ᠠ᠃ ᠲᠦᠪ ᠤᠨ ᠰᠢᠮᠳᠠᠭᠤᠯᠣᠨ ᠵᠢᠯᠤᠭᠤᠳᠬᠤ ᠳᠤᠭᠤᠢᠢᠯᠠᠩ ᠤᠨ ᠳᠤᠷᠠᠳᠤᠬᠰᠠᠨ ᠠᠵᠢᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠰᠤᠷᠤᠯᠴᠠᠨ ᠤᠢᠢᠯᠠᠭᠠᠵᠤ᠂ ᠨᠠᠶᠢᠳᠠᠪᠤᠷᠢᠵᠢᠭᠤᠯᠤᠯᠲᠠ ᠶᠢ ᠡᠷᠡᠰ ᠰᠠᠶᠢᠲᠤᠷ ᠠᠳᠬᠤᠨ᠎ᠠ᠃ ︽ᠤᠭ ᠰᠠᠨᠠᠭ᠎ᠠ ᠪᠠᠨ ᠦᠯᠦ ᠮᠠᠷᠲᠠᠵᠤ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠦᠮᠦᠵᠢᠯ ᠦᠷᠨᠢᠬᠦᠯᠬᠦ ᠲᠠᠢ ᠤᠶᠠᠯᠳᠤᠭᠤᠯᠤᠨ᠂ ᠡᠯ᠎ᠠ ᠱᠠᠲᠤᠨ ᠤ ᠨᠠᠮ ᠤᠨ ᠭᠡᠰᠢᠭᠦᠨ ᠺᠠᠳ᠋ᠷ ᠢ ᠵᠢᠯᠤᠭᠤᠳᠴᠤ ᠪᠠᠶᠢᠭᠠᠳ ᠶᠡᠷᠦᠩᠬᠡᠢ ᠱᠦᠵᠢ ᠰᠢ ᠶᠢᠨ ᠫᠢᠩ ᠤᠨ ᠬᠠᠷ᠎ᠠ ᠪᠦᠯᠦᠭᠲᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠤᠨ ᠲᠤᠬᠠᠢ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠤᠬᠠᠮᠰᠠᠷ ᠠᠴᠠ ᠪᠠᠨ ᠦᠵᠠᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠦᠪ ᠬᠤᠷᠢᠶᠠᠨ ᠤ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠲᠡᠭᠡᠷ᠎ᠡ ᠨᠢᠭᠡᠳᠭᠡᠨ᠂ ᠨᠡᠩ ᠦᠨᠳᠦᠷ ᠪᠠᠷᠢᠮᠵᠢᠶ᠎ᠠ᠂ ᠨᠡᠩ ᠴᠢᠩᠭ᠎ᠠ ᠱᠠᠭᠠᠷᠳᠠᠯᠭ᠎ᠠ᠂ ᠨᠡᠩ ᠪᠤᠳᠠᠲᠠᠢ ᠠᠷᠭ᠎ᠠ ᠬᠡᠮᠵᠢᠶ᠎ᠠ ᠪᠠᠷ ᠲᠤᠰᠬᠠᠢ ᠲᠡᠮᠡᠴᠡᠯ ᠤᠨ ᠰᠢᠪᠳᠣᠯᠣᠯᠳᠠ ᠶᠢᠨ ᠳᠠᠶᠢᠯᠠᠯᠳᠤᠭᠠᠠ ᠤ ᠢᠯᠠᠯᠲᠠ ᠶᠢ ᠡᠷᠡᠰ ᠲᠡᠮᠡᠴᠡᠨ ᠤᠯᠤᠨ᠎ᠠ᠃      ᠰᠢᠮᠳᠠᠭᠤᠯᠣᠨ ᠵᠢᠯᠤᠭᠤᠳᠬᠤ ᠶᠢᠨ ᠳᠠᠭᠠᠤ ᠴᠡᠭᠴᠡᠯᠡᠨ ᠰᠠᠶᠢᠵᠢᠷᠠᠭᠤᠯᠬᠤ᠂ ᠪᠠᠷᠢᠨ ᠪᠠᠶᠢᠴᠠᠭᠠᠵᠤ ᠪᠠᠷᠢᠨ ᠴᠡᠭᠴᠡᠯᠡᠨ ᠰᠠᠶᠢᠵᠢᠷᠠᠭᠤᠯᠬᠤ ᠶᠢ ᠠᠳᠬᠤᠵᠤ᠂ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠪᠤᠳᠠᠲᠠᠶᠢᠵᠢᠭᠤᠯᠵᠤ᠂ ᠬᠠᠤᠯᠢ ᠶᠤᠰᠤᠭᠠᠷ ᠴᠤᠬᠢᠯᠲᠠ ᠦᠭᠬᠦ᠂ ᠭᠦᠨᠵᠡᠭᠡᠢ ᠴᠤᠬᠢᠯᠲᠠ ᠦᠭᠬᠦ᠂ ᠨᠠᠷᠢᠨ ᠤᠨᠤᠪᠴᠢᠲᠠᠢ ᠴᠤᠬᠢᠯᠲᠠ ᠦᠭᠬᠦ ᠡᠷᠴᠢᠮ ᠢᠶᠠᠨ ᠦᠨᠡᠨ ᠬᠦ ᠴᠢᠩᠭᠠᠳᠬᠠᠨ᠂ ᠠᠰᠠᠭᠤᠳᠠᠯ ᠢ ᠪᠠᠶᠢᠴᠠᠭᠠᠨ ᠲᠤᠳᠤᠯᠠᠬᠤ ᠦᠭᠡᠢ ᠪᠤᠯ ᠲᠠᠯᠪᠢᠬᠤ ᠦᠭᠡᠢ᠂ ᠲᠤᠭᠤᠰᠢᠲᠠᠢ ᠴᠡᠭᠴᠡᠯᠡᠨ ᠰᠠᠶᠢᠵᠢᠷᠠᠭᠤᠯᠬᠤ ᠦᠭᠡᠢ ᠪᠤᠯ ᠲᠠᠯᠪᠢᠬᠤ ᠦᠭᠡᠢ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠦᠭᠡᠢ ᠪᠤᠯ ᠲᠠᠯᠪᠢᠬᠤ ᠦᠭᠡᠢ᠂ ᠤᠯᠠᠨ ᠲᠦᠮᠡᠨ ᠰᠡᠳᠭᠢᠯ ᠬᠠᠨᠤᠮᠵᠢ ᠲᠠᠢ ᠪᠤᠯᠬᠤ ᠦᠭᠡᠢ ᠪᠤᠯ ᠲᠠᠯᠪᠢᠬᠤ ᠦᠭᠡᠢ ᠪᠠᠶᠢᠬᠤ ᠶᠢ ᠪᠡᠶᠡᠯᠡᠭᠦᠯᠦᠨ᠎ᠡ᠃ ᠴᠡᠭᠴᠡᠯᠡᠨ ᠰᠠᠶᠢᠵᠢᠷᠠᠭᠤᠯᠬᠤ ᠠᠵᠢᠯ ᠳᠤᠮᠳᠠᠬᠢ ᠬᠡᠯᠪᠡᠷᠢᠴᠢ ᠦᠵᠡᠯ ᠂ ᠨᠤᠶᠠᠨᠴᠢ ᠰᠤᠷᠲᠠᠯ ᠢ ᠡᠷᠡᠰ ᠰᠡᠷᠭᠡᠶᠢᠯᠡᠵᠦ᠂ ᠬᠠᠰᠢ ᠶᠠᠰᠢ ᠪᠠᠷ ᠠᠯᠪᠠ ᠬᠠᠰᠢᠵᠤ ᠴᠡᠭᠴᠡᠯᠡᠨ ᠰᠠᠶᠢᠵᠢᠷᠠᠭᠤᠯᠤᠭᠰᠠᠨ᠂ ᠬᠤᠳᠠᠯ ᠬᠠᠭᠤᠷᠮᠠᠭ ᠢᠶᠠᠷ ᠴᠡᠭᠴᠡᠯᠡᠨ ᠰᠠᠶᠢᠵᠢᠷᠠᠭᠤᠯᠤᠭᠰᠠᠨ᠂ ᠬᠡᠯᠪᠡᠷᠢ ᠶᠢᠨ ᠲᠡᠳᠦᠢ ᠴᠡᠭᠴᠡᠯᠡᠨ ᠰᠠᠶᠢᠵᠢᠷᠠᠭᠤᠯᠤᠬᠰᠠᠳ ᠠᠴᠠ ᠵᠠᠷᠯᠠᠬᠤ ᠬᠡᠷᠡᠭᠲᠡᠢ ᠶᠢ ᠨᠢ ᠵᠠᠷᠯᠠᠵᠤ᠂ ᠪᠤᠯᠵᠤᠨ ᠶᠠᠷᠢᠯᠴᠠᠬᠤ ᠬᠡᠷᠡᠭᠲᠡᠢ ᠶᠢ ᠨᠢ ᠪᠤᠯᠵᠤᠨ ᠶᠠᠷᠢᠯᠴᠠᠵᠤ᠂ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ ᠠᠴᠠ ᠨᠢ ᠬᠠᠷᠢᠭᠤᠴᠠᠯᠭ᠎ᠠ ᠨᠡᠬᠡᠮᠵᠢᠯᠡᠨ᠎ᠡ᠂ ᠶᠠᠭᠠᠬᠢᠬᠰᠠᠨ ᠴᠤ ᠢᠯᠳᠠᠷ ᠬᠠᠶᠠᠵᠤ ᠨᠠᠶᠢᠷ ᠲᠠᠯᠪᠢᠬᠤ ᠦᠭᠡᠢ᠃ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠪᠠᠷ ᠠᠵᠠ ᠲᠤᠬᠢᠶᠠᠯ ᠪᠤᠯᠭᠠᠨ᠂ ᠨᠢᠭᠡ ᠠᠴᠠ ᠨᠦᠬᠦᠭᠡ ᠶᠢ ᠵᠦᠢᠴᠢᠯᠠᠨ ᠦᠩᠭᠡᠨ ᠲᠠᠯ᠎ᠠ ᠠᠴᠠ ᠨᠢ ᠵᠠᠰᠠᠬᠤ ᠪᠠ ᠦᠨᠳᠦᠰᠦᠨ ᠠᠴᠠ ᠨᠢ ᠵᠠᠰᠠᠵᠤ ᠠᠵᠢᠯ ᠢᠶᠠᠨ ᠰᠠᠶᠢᠲᠤᠷ ᠬᠢᠵᠦ᠂ ᠴᠤᠬᠢᠯᠲᠡ ᠦᠭᠬᠦ ᠶᠢ ᠭᠦᠨᠵᠡᠭᠡᠶᠢᠷᠡᠭᠦᠯᠬᠦ᠂ ᠠᠷᠤ ᠳᠠᠬᠢ ᠳᠠᠯᠳᠠ ᠬᠦᠴᠦᠨ ᠢ ᠨᠢ ᠭᠦᠨᠵᠡᠭᠡᠢ ᠠᠭᠤᠳᠠᠯᠬᠤ᠂ ᠬᠠᠤᠯᠢ ᠶᠤᠰᠤᠭᠠᠷ ᠴᠢᠩᠭ᠎ᠠ ᠰᠢᠢᠳᠭᠡᠬᠦ᠂ ᠶᠡᠷᠦᠩᠬᠡᠶᠢᠯᠡᠨ ᠴᠡᠭᠴᠡᠯᠡᠨ ᠵᠠᠰᠠᠬᠤ᠂ ᠡᠬᠢ ᠡᠭᠦᠰᠦᠯ ᠠᠴᠠ ᠨᠢ ᠵᠠᠰᠠᠬᠤ ᠳᠡᠭᠡᠷ᠎ᠠ ᠨᠡᠩ ᠶᠡᠭᠡ ᠬᠦᠴᠦ ᠲᠠᠯᠪᠢᠵᠤ᠂ ᠲᠤᠰᠬᠠᠢ ᠲᠡᠮᠡᠴᠡᠯ ᠤᠨ ᠵᠤᠬᠢᠶᠠᠨ ᠪᠠᠶᠢᠭᠤᠯᠤᠯᠴᠠᠬᠤ᠂ ᠲᠤᠰᠬᠠᠢᠢᠵᠢᠬᠤ᠂ ᠬᠠᠤᠯᠢᠵᠢᠬᠤ᠂ ᠨᠡᠶᠢᠭᠡᠮᠵᠢᠯᠲᠡ ᠶᠢᠨ ᠲᠦᠪᠰᠢᠨ ᠢ ᠴᠢᠨᠠᠬᠰᠢᠲᠠ ᠳᠡᠭᠡᠭᠰᠢᠯᠡᠭᠦᠯᠵᠦ᠂ ᠪᠦᠬᠦ ᠤᠷᠤᠨ ᠤ ᠬᠠᠷ᠎ᠠ ᠪᠦᠯᠦᠭᠲᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠤᠨ ᠲᠠᠰᠤᠷᠠᠯᠲᠠ ᠦᠭᠡᠢ ᠦᠷᠭᠡᠳᠴᠦ ᠬᠦᠨᠵᠡᠭᠡᠶᠢᠷᠡᠨ ᠬᠦᠭᠵᠢᠬᠦ ᠶᠢ ᠠᠬᠢᠭᠤᠯᠤᠨ᠎ᠠ ᠭᠡᠵᠡᠢ᠃       ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠬᠤᠯᠪᠤᠬᠳᠠᠯ ᠪᠦᠬᠦᠢ ᠳᠡᠳ᠋ ᠨᠠᠷᠢᠨ ᠪᠢᠴᠢᠭ ᠤᠨ ᠳᠠᠷᠤᠭ᠎ᠠ᠂ ᠦᠪᠡᠷᠲᠡᠭᠡᠨ ᠵᠠᠰᠠᠬᠤ ᠤᠷᠤᠨ ᠤ ᠬᠠᠷ᠎ᠠ ᠪᠦᠯᠦᠭᠲᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠤᠨ ᠤᠳᠤᠷᠢᠳᠬᠤ ᠳᠤᠭᠤᠢᠢᠯᠠᠩ ᠤᠨ ᠪᠦᠷᠢᠯᠳᠦᠬᠦᠨ ᠨᠢᠭᠡᠴᠢ ᠶᠢᠨ ᠭᠤᠤᠯ ᠬᠠᠷᠢᠭᠤᠴᠠᠯᠭᠠᠲᠠᠨ ᠨᠦᠬᠦᠳ ᠵᠢᠴᠢ ᠬᠤᠪᠢᠳᠡᠨ ᠬᠠᠮᠢᠶᠠᠷᠬᠤ ᠬᠠᠷᠢᠭᠤᠴᠠᠯᠭᠠᠲᠠᠨ ᠨᠦᠬᠦᠳ᠂ ᠦᠪᠡᠷᠲᠡᠭᠡᠨ ᠵᠠᠰᠠᠬᠤ ᠤᠷᠤᠨ ᠤ ᠬᠠᠷ᠎ᠠ ᠪᠦᠯᠦᠭᠲᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ‌‍ᠤᠨ ᠤᠳᠤᠷᠢᠳᠬᠤ ᠳᠤᠭᠤᠢᠢᠯᠠᠩ ᠤᠨ ᠠᠯᠪᠠᠨ ᠭᠡᠷ ᠤᠨ ᠪᠦᠷᠢᠯᠳᠦᠭᠦᠨ ᠬᠤᠷᠠᠯ ᠳᠤ ᠤᠷᠤᠯᠴᠠᠪᠠ᠃
 
ᠢᠷᠡᠯᠲᠡ᠄ ᠦᠪᠤᠷ ᠮᠤᠩᠭᠤᠯ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1