ᠰᠢᠶᠠᠨ ᠤ ᠳᠣᠲᠣᠭᠠᠳᠤ ᠶᠢ ᠬᠠᠮᠠᠭᠠᠯᠠᠬᠤ ᠲᠤᠪᠴᠢᠶ᠎ᠠ ᠶᠢᠨ ᠰᠢᠨ᠎ᠡ ᠶᠢᠩᠽᠢ ᠲᠣᠮᠢᠯᠠᠭᠰᠠᠨ ᠰᠠᠯᠪᠤᠷᠢ ᠬᠠᠷ᠎ᠠ ᠪᠦᠯᠦᠭᠳᠡᠨ ᠬᠠᠷᠭᠢᠰ ᠬᠦᠴᠦᠨ ᠢ ᠠᠷᠢᠯᠭᠠᠬᠤ ᠤᠬᠠᠭᠤᠯᠭ᠎ᠠ ᠶᠢᠨ ᠠᠵᠢᠯ ᠢ ᠶᠡᠬᠡᠪᠡᠷ ᠥᠷᠨᠢᠭᠦᠯᠪᠡ
ᠨᠡᠶᠢᠲᠡᠯᠡᠭᠰᠡᠨ ᠴᠠᠭ᠄
2019-06-03
     ᠬᠠᠷ᠎ᠠ ᠪᠦᠯᠦᠭᠲᠡᠨ ᠬᠠᠷᠭᠢᠰ ᠬᠦᠴᠦᠨ ᠳᠤ ᠬᠤᠯᠪᠣᠭᠳᠠᠭᠰᠠᠨ ᠡᠯ᠎ᠡ ᠲᠥᠷᠥᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠪᠦᠲᠦᠮᠵᠢᠲᠡᠢ ᠴᠣᠬᠢᠯᠲᠠ ᠥᠭᠴᠦ᠂ ᠬᠠᠷᠢᠶ᠎ᠠ ᠣᠷᠣᠨ ᠤ ᠤᠯᠠᠨ ᠲᠦᠮᠡᠨ ᠤ ᠠᠮᠤᠷ ᠲᠦᠪᠰᠢᠨ ᠤ ᠲᠥᠷᠥᠭᠳᠡᠯ ᠪᠣᠯᠤᠨ ᠵᠣᠯ ᠵᠢᠷᠭᠠᠯ ᠤᠨ ᠲᠥᠷᠥᠭᠳᠡᠯ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠶᠢᠨ ᠲᠥᠯᠥᠭᠡ᠂ ᠤᠶᠢᠷ᠎ᠠ ᠳᠤ᠂ ᠰᠢᠨ᠎ᠡ ᠶᠢᠩᠽᠢ ᠲᠣᠮᠢᠯᠠᠭᠰᠠᠨ ᠰᠠᠯᠪᠤᠷᠢ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠤᠬᠠᠭᠤᠯᠭ᠎ᠠ ᠶᠢᠨ ᠠᠵᠢᠯ ᠢ ᠶᠡᠬᠡᠪᠡᠷ ᠥᠷᠨᠢᠭᠦᠯᠪᠡ᠃     ᠠᠷᠠᠳ ᠤᠨ ᠴᠠᠭᠳᠠᠭ᠎ᠠ ᠵᠡᠭᠡᠯᠢ ᠭᠤᠳᠤᠮᠵᠢ ᠪᠠᠷ ᠣᠷᠣᠵᠤ᠂ ᠤᠬᠠᠭᠤᠯᠭ᠎ᠠ ᠶᠢᠨ ᠬᠥᠨᠳᠡᠯᠡᠨ ᠪᠢᠴᠢᠭᠡᠰᠦ ᠡᠯᠭᠦᠵᠦ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠢᠯᠠ ᠭᠠᠵᠠᠷ ᠲᠤ ᠵᠠᠷᠯᠠᠯ ᠨᠠᠭᠠᠬᠤ ᠵᠡᠷᠭᠡ ᠬᠡᠯᠪᠡᠷᠢ ᠪᠠᠷ ᠰᠠᠭᠤᠭᠠᠯᠢ ᠠᠷᠠᠳ ᠲᠤ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠤᠨ ᠤᠬᠠᠭᠤᠯᠭ᠎ᠠ  ᠶᠢᠨ ᠭᠠᠷ ᠳᠡᠪᠲᠡᠷ 500 ᠭᠠᠷᠤᠶ ᠬᠤᠪᠢ ᠲᠠᠷᠬᠠᠭᠠᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠤᠬᠠᠭᠤᠯᠭ᠎ᠠ ᠶᠢᠨ ᠠᠵᠢᠯ ᠤᠨ ᠥᠷᠭᠡᠴᠡ ᠶᠢ ᠳᠡᠭᠡᠭᠰᠢᠯᠡᠭᠦᠯᠪᠡ᠃     ᠶᠡᠭᠡ ᠪᠠᠷ ᠤᠬᠠᠭᠤᠯᠬᠤ ᠪᠠᠷ ᠳᠠᠮᠵᠢᠨ᠂ ᠰᠢᠨ᠎ᠡ ᠶᠢᠩᠽᠢ ᠲᠣᠮᠢᠯᠠᠭᠰᠠᠨ ᠰᠠᠯᠪᠤᠷᠢ ᠨᠢ ᠬᠠᠷᠢᠶ᠎ᠠ ᠣᠷᠣᠨ ᠳᠠᠭᠠᠨ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠤᠨ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠭᠦᠨ ᠪᠤᠢ ᠪᠣᠯᠭᠠᠵᠤ᠂ ᠣᠯᠠᠨ ᠲᠦᠮᠡᠨ ᠤ ᠬᠠᠤᠯᠢ ᠪᠠᠷ ᠵᠠᠰᠠᠬᠤ ᠤᠬᠠᠮᠰᠠᠷ ᠪᠠ ᠰᠡᠷᠭᠡᠶᠢᠯᠡᠬᠦ ᠴᠢᠳᠠᠪᠤᠷᠢ  ᠶᠢ ᠤᠯᠠᠮ ᠨᠢᠭᠡ ᠠᠯᠬᠤᠮ ᠴᠢᠩᠭᠠᠷᠠᠭᠤᠯᠵᠤ᠂ ᠣᠯᠠᠨ ᠲᠦᠮᠡᠨ ᠤ ᠬᠠᠤᠯᠢ ᠴᠠᠭᠠᠵᠠ ᠬᠠᠤᠯᠢ ᠲᠣᠭᠲᠠᠭᠠᠯ ᠢ ᠵᠢᠷᠤᠮᠯᠠᠨ ᠰᠠᠬᠢᠬᠤ ᠶᠢ ᠵᠣᠷᠢᠭᠵᠢᠭᠤᠯᠤᠨ ᠵᠢᠯᠣᠭᠤᠳᠴᠤ᠂ ᠬᠠᠤᠯᠢ ᠴᠠᠭᠠᠵᠠ ᠬᠠᠤᠯᠢ ᠲᠣᠭᠲᠠᠭᠠᠯ ᠢ ᠵᠦᠷᠢᠴᠡᠭᠰᠡᠨᠳ ᠢ ᠢᠳᠡᠪᠬᠢᠲᠡᠶ ᠢᠯᠡᠴᠢᠯᠡᠪᠡ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠠᠵᠢᠯᠯᠠᠭ᠎ᠠ ᠶᠢ ᠭᠦᠨᠵᠡᠭᠡᠢ ᠥᠷᠨᠢᠭᠦᠯᠬᠦ ᠳᠤ ᠪᠠᠲᠤ ᠰᠠᠭᠤᠷᠢ ᠲᠠᠯᠪᠢᠵᠤ ᠥᠭᠴᠡᠢ᠃  
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1