ᠲᠤᠭᠳᠠᠬᠤ ᠰᠢᠶᠠᠨ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠤᠨ ᠤᠬᠠᠭᠤᠯᠭ᠎ᠠ ᠶᠢᠨ ᠭᠠᠷᠠᠭ ᠤᠨ ᠡᠬᠢᠯᠡᠯᠲᠡ ᠶᠢᠨ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2019-06-03
       ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠤᠨ ᠭᠦᠨᠵᠡᠭᠡᠶᠢᠷᠡᠨ ᠬᠥᠭᠵᠢᠬᠦ ᠶᠢ ᠠᠬᠢᠭᠤᠯᠬᠤ ᠶᠢᠨ ᠲᠥᠯᠥᠭᠡ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠭᠠᠷᠭᠠᠭᠰᠠᠨ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠤᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢ ᠥᠷᠭᠡᠨ ᠢᠶᠠᠷ ᠤᠬᠠᠭᠤᠯᠵᠤ᠂ ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠪᠣᠶ ᠪᠣᠯᠭᠠᠪᠠ᠃ 6 ᠰᠠᠷ᠎ᠠ ᠶᠢᠨ 2  ᠤ ᠡᠳᠤᠷ ᠤᠨ ᠦᠳᠡ ᠡᠮᠦᠨ᠎ᠡ᠂ ᠲᠤᠭᠳᠠᠬᠤ ᠰᠢᠶᠠᠨ ᠤ ᠶᠦᠨ ᠵᠦᠩ ᠰᠣᠶᠣᠯ ᠤᠨ ᠣᠷᠳᠣᠨ ᠤ ᠡᠮᠦᠨ᠎ᠡ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠤᠨ ᠤᠬᠠᠭᠤᠯᠭ᠎ᠠ ᠶᠢᠨ ᠭᠠᠷᠠᠭ ᠤᠨ ᠡᠬᠢᠯᠡᠯᠲᠡ ᠶᠢᠨ ᠶᠣᠰᠣᠯᠠᠯ ᠶᠠᠪᠤᠭᠤᠯᠪᠠ᠃ ᠰᠢᠶᠠᠨ ᠤ ᠨᠠᠮ ᠤᠨ ᠬᠤᠷᠢᠶᠠᠨ ᠤ ᠱᠦᠵᠢ᠂ ᠰᠢᠶᠠᠨ ᠤ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠤᠨ ᠤᠳᠤᠷᠢᠳᠬᠤ ᠳᠤᠭᠤᠢᠯᠠᠩ ᠤᠨ ᠳᠠᠷᠤᠭ᠎ᠠ ᠭᠦᠸᠧ ᡁᠢ ᠭᠠᠩ᠂ ᠰᠢᠶᠠᠨ ᠤ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠤᠨ ᠤᠳᠤᠷᠢᠳᠬᠤ ᠲᠤᠭᠤᠶᠢᠯᠠᠩ ᠤᠨ ᠳᠡᠳ᠋ ᠳᠠᠷᠤᠭ᠎ᠠ ᠯᠢ ᠴᠦᠨ ᠶᠠᠨ᠂ ᠰᠦᠨ ᠰᠢᠶᠦ᠋ᠨ᠂ ᠶᠦᠨ ᠷᠦᠢ ᠵᠢᠶᠦ᠋ᠨ᠂ ᠰᠢᠶᠠᠨ ᠤ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠤᠨ ᠤᠳᠤᠷᠢᠳᠬᠤ ᠲᠤᠭᠤᠶᠢᠯᠠᠩ ᠤᠨ ᠪᠦᠷᠢᠯᠳᠦᠬᠦᠨ ᠨᠢᠭᠡᠴᠡ ᠶᠢᠨ ᠭᠤᠣᠯ ᠬᠠᠷᠢᠭᠤᠴᠠᠯᠭᠠᠲᠠᠨ᠂ ᠰᠢᠶᠠᠨ ᠤ ᠬᠤᠲᠠ ᠶᠢᠨ ᠳᠣᠲᠣᠷᠠᠬᠢ ᠺᠠᠳ᠋ᠷ ᠤᠯᠠᠨ ᠲᠦᠮᠡᠨ ᠵᠡᠷᠭᠡ 2000 ᠭᠠᠷᠤᠢ ᠬᠥᠮᠥᠨ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃      ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ᠂ ᠰᠢᠶᠠᠨ ᠤ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠤᠨ ᠤᠳᠤᠷᠢᠳᠬᠤ ᠲᠤᠭᠤᠶᠢᠯᠠᠩ ᠤᠨ ᠳᠡᠳ᠋ ᠳᠠᠷᠤᠭ᠎ᠠ ᠾᠧᠦ ᠯᠢᠨ ᠹᠧᠩ ᠠᠵᠢᠯᠯᠠᠭ᠎ᠠ ᠡᠷᠬᠢᠯᠡᠪᠡ᠃      ᠠᠵᠢᠯᠯᠠᠭ᠎ᠠ ᠳᠤ᠂ ᠡᠯ᠎ᠡ ᠪᠠᠯᠭᠠᠰᠤ᠂ ᠾᠧ ᠺᠸᠤ ᠬᠠᠮᠢᠶᠠᠷᠤᠯᠲᠠ ᠶᠢᠨ ᠵᠥᠪᠯᠡᠯ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠵᠦ᠂ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠰᠡᠳᠬᠢᠯᠭᠡ ᠪᠣᠯᠤᠨ ᠲᠤᠯᠭᠠᠮ᠎ᠠ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠪᠠᠨ ᠭᠦᠢᠴᠡᠳᠬᠡᠵᠦ᠂ ᠨᠢᠭᠡᠳᠦᠯᠲᠡᠢ ᠲᠥᠯᠥᠪᠵᠢᠭᠦᠯᠦᠨ ᠲᠣᠬᠢᠷᠠᠭᠤᠯᠵᠤ᠂ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠥᠴᠦᠬᠡᠨ ᠴᠦ ᠠᠭᠤᠴᠢᠯᠠᠬᠤ ᠦᠭᠡᠢᠣᠪᠣᠷ ᠢᠶᠠᠷ ᠬᠠᠷ᠎ᠠ ᠪᠦᠯᠦᠭᠲᠡᠨ ᠬᠠᠷᠭᠢᠰ ᠬᠦᠴᠦᠨ ᠳᠤ ᠬᠤᠯᠪᠣᠭᠳᠠᠭᠰᠠᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠡᠷᠡᠰ ᠴᠣᠬᠢᠯᠲᠠ ᠥᠭᠴᠦ᠂ ︽ᠪᠦᠬᠦ ᠲᠠᠯ᠎ᠠ ᠪᠠᠷ᠂ ᠥᠨᠴᠥᠭ ᠪᠤᠯᠤᠩ ᠦᠭᠡᠢ︾ ᠤᠬᠠᠭᠤᠯᠭ᠎ᠠ  ᠶᠢᠨ ᠰᠦᠷ ᠬᠦᠴᠦᠨ ᠢ ᠪᠦᠷᠢᠯᠳᠦᠭᠦᠯᠵᠦ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠠᠷᠠᠳ ‍ᠤᠨ‌‍ᠲ᠋ᠠᠶᠢᠨ  ᠤ ᠢᠯᠠᠯᠲᠠ ᠶᠢ ᠦᠨᠡᠨᠬᠦ ᠣᠯᠬᠤ ᠬᠡᠷᠡᠭᠲᠡᠢ ᠭᠡᠵᠦ ᠱᠠᠭᠠᠷᠳᠠᠪᠠ᠃      ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠰᠢᠶᠠᠨ ᠤ ᠨᠠᠮ ᠤᠨ ᠬᠤᠷᠢᠶᠠᠨ ᠤ ᠱᠦᠵᠢ᠂ ᠰᠢᠶᠠᠨ ᠤ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠤᠨ ᠤᠳᠤᠷᠢᠳᠬᠤ ᠲᠤᠭᠤᠶᠢᠯᠠᠩ ᠤᠨ ᠳᠠᠷᠤᠭ᠎ᠠ ᠭᠦᠸᠧ ᡁᠢ ᠭᠠᠩ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠵᠢᠩᠬᠢᠨᠢ ᠪᠠᠷ ᠡᠬᠢᠯᠡᠭᠰᠡᠨ ᠢ ᠨᠡᠶᠢᠲᠡᠯᠡᠵᠦ᠂ ᠡᠯ᠎ᠡ ᠪᠦᠷᠢᠯᠳᠦᠬᠦᠨ ᠨᠢᠭᠡᠴᠡ ᠤᠯᠠᠨ ᠶᠠᠩᠵᠤ ᠶᠢᠨ ᠬᠡᠯᠪᠡᠷᠢ ᠶᠢᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃      ᠲᠤᠰ ᠠᠵᠢᠯᠯᠠᠭ᠎ᠠ ᠨᠢ ᠤᠬᠠᠭᠤᠯᠭ᠎ᠠ ᠶᠢᠨ ᠰᠠᠮᠪᠠᠷ᠎ᠠ ᠲᠠᠯᠪᠢᠬᠤ᠂ ᠤᠬᠠᠭᠤᠯᠭ᠎ᠠ ᠶᠢᠨ ᠬᠠᠭᠤᠳᠠᠰᠤ ᠡᠯᠭᠦᠬᠦ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠤᠬᠠᠭᠤᠯᠭ᠎ᠠ ᠶᠢᠨ ᠷᠠᠳᠢᠣ᠋ ᠨᠡᠪᠲᠡᠷᠡᠭᠦᠯᠭᠡ ᠨᠡᠪᠲᠡᠷᠡᠭᠦᠯᠬᠦ᠂ ᠲᠤᠬᠠᠶ ᠶᠢᠨ ᠲᠠᠯᠠᠪᠤᠷ ᠤᠨ ᠵᠥᠪᠯᠡᠯᠭᠡ ᠥᠭᠬᠦ ᠪᠠ ᠤᠷᠠᠨ ᠰᠠᠶᠢᠬᠠᠨ ᠤ ᠲᠣᠭᠯᠠᠯᠲᠠ ᠭᠠᠷᠭᠠᠬᠤ ᠬᠡᠯᠪᠡᠷᠢ ᠪᠠᠷ ᠳᠠᠮᠵᠢᠭᠤᠯᠤᠨ᠂ ᠬᠤᠲᠠ ᠶᠢᠨ ᠠᠷᠠᠳ ᠣᠯᠠᠨ ᠳᠤ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠵᠣᠷᠢᠯᠭᠠᠲᠤ ᠠᠴᠢ ᠬᠤᠯᠪᠣᠭᠳᠠᠯ᠂ ᠬᠠᠷ᠎ᠠ ᠪᠦᠯᠦᠭᠲᠡᠨ ᠬᠠᠷᠭᠢᠰ ᠬᠦᠴᠦᠨ ᠤ ᠵᠣᠬᠢᠶᠠᠨ ᠪᠠᠶᠢᠭᠤᠯᠤᠯᠲᠠ ᠶᠢᠨ ᠥᠪᠡᠷᠮᠢᠴᠡ ᠣᠨᠴᠠᠯᠢᠭ ᠨᠥᠯᠥᠭᠡ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠴᠣᠬᠢᠯᠲᠠ ᠥᠭᠬᠦ ᠭᠤᠤᠯᠳᠠᠯᠭ᠎ᠠ ᠵᠢᠴᠢ ᠪᠥᠬᠦ ᠰᠢᠶᠠᠨ ᠤ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠦᠷ᠎ᠡ ᠪᠦᠲᠦᠭᠡᠯ ᠵᠡᠷᠭᠡ ᠲᠠᠯ᠎ᠠ ᠶᠢᠨ ᠠᠭᠤᠯᠭ᠎ᠠ ᠶᠢ ᠬᠦᠯᠢᠴᠡᠩᠭᠦᠶ ᠪᠥᠭᠡᠳ ᠨᠠᠷᠢᠨ ᠨᠢᠮᠪᠠᠶ ᠤᠬᠠᠭᠤᠯᠤᠨ ᠲᠠᠶᠢᠯᠪᠤᠷᠢᠯᠠᠪᠠ᠃      ᠡᠭᠦᠨ ᠤ ᠬᠠᠮᠲᠤ᠂ ᠪᠦᠬᠦ ᠰᠢᠶᠠᠨ ᠤ ᠡᠯ᠎ᠡ ᠪᠠᠯᠭᠠᠰᠤ᠂ ᠾᠧ ᠺᠸᠤ ᠬᠠᠮᠢᠶᠠᠷᠤᠯᠲᠠ ᠶᠢᠨ ᠵᠥᠪᠯᠡᠯ ᠪᠠᠰᠠ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠤᠬᠠᠭᠤᠯᠭ᠎ᠠ ᠶᠢᠨ ᠠᠵᠢᠯᠯᠠᠭ᠎ᠠ ᠶᠢ ᠵᠡᠷᠭᠡᠪᠡᠷ ᠥᠷᠨᠢᠭᠦᠯᠦᠭᠰᠡᠨ ᠪᠥᠭᠡᠳ ᠥᠷᠭᠡᠨ ᠤᠯᠠᠨ ᠬᠤᠳᠠ ᠶᠢᠨ ᠠᠷᠠᠳ ᠤᠯᠠᠨ ᠬᠠᠷ᠎ᠠ ᠪᠦᠯᠦᠭᠲᠡᠨ ᠬᠠᠷᠭᠢᠰ ᠬᠦᠴᠦᠨ ᠳᠤ ᠬᠤᠯᠪᠣᠭᠳᠠᠭᠰᠠᠨ ᠰᠦᠪᠡᠭᠴᠢ ᠶᠢ ᠢᠳᠡᠪᠬᠢᠲᠡᠢ ᠢᠯᠡᠴᠢᠯᠡᠨ᠂ ᠡᠶ᠎ᠡ ᠵᠣᠬᠢᠴᠠᠩᠭᠤᠢ ᠲᠣᠭᠲᠠᠭᠤᠨ ᠣᠷᠴᠢᠨ ᠲᠣᠭᠤᠷᠢᠨ ᠢ ᠬᠠᠮᠲᠤᠪᠠᠷ ᠴᠣᠭᠴᠠᠯᠠᠬᠤ ᠬᠡᠷᠡᠭᠲᠡᠢ ᠭᠡᠵᠦ ᠤᠷᠢᠶᠠᠯᠠᠪᠠ᠃     ᠲᠤᠰᠬᠠᠶ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠤᠨ᠂ ᠥᠷᠭᠡᠨ ᠤᠯᠠᠨ ᠬᠤᠳᠠ ᠶᠢᠨ ᠠᠷᠠᠳ ᠣᠯᠠᠨ ᠢ ᠬᠠᠷ᠎ᠠ ᠪᠦᠯᠦᠭᠲᠡᠨ ᠬᠠᠷᠭᠢᠰ ᠬᠦᠴᠦᠨ ᠤ ᠶᠠᠯᠠᠲᠤ ᠠᠵᠢᠯᠯᠠᠭ᠎ᠠ ᠳᠤ ᠨᠠᠩ ᠪᠦᠬᠦ ᠲᠠᠯ᠎ᠠ  ᠶᠢᠨ ᠲᠠᠨᠢᠯᠲᠠ ᠲᠠᠢ ᠪᠣᠯᠭᠠᠵᠤ᠂ ᠤᠯᠠᠨ ᠲᠦᠮᠡᠨ ᠤ ᠬᠠᠤᠯᠢ ᠪᠠᠷ ᠵᠠᠰᠠᠬᠤ ᠤᠬᠠᠮᠰᠠᠷ ᠪᠠ ᠰᠡᠷᠭᠡᠶᠢᠯᠡᠬᠦ ᠴᠢᠳᠠᠪᠤᠷᠢ ᠶᠢ ᠤᠯᠠᠮ ᠨᠢᠭᠡ ᠠᠯᠬᠤᠮ ᠨᠡᠮᠡᠭᠳᠡᠭᠦᠯᠵᠦ᠂ ᠪᠦᠬᠦ ᠰᠢᠶᠠᠨ ᠤ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠤᠨ ᠢᠯᠠᠯᠲᠠ ᠶᠢ ᠣᠯᠬᠤ ᠳᠤ ᠢᠳᠡᠪᠬᠢᠲᠡᠶ ᠠᠬᠢᠭᠤᠯᠬᠤ ᠦᠢᠯᠡᠳᠦᠯ ᠦᠵᠡᠭᠦᠯᠪᠡ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1