6 ᠳ᠋ᠤᠭᠠᠷ ᠰᠠᠷ᠎ᠠ ᠶᠢᠨ 1 ᠤ ᠡᠳᠤᠷ ᠤᠨ ᠦᠳᠡ ᠶᠢᠨ ᠡᠮᠤᠨ᠎ᠡ᠂ 2019 ᠤᠨ ᠤ ᠪᠦᠬᠦ ᠤᠷᠤᠨ ᠤ ︽ | ᠠᠶᠤᠯ ᠦᠬᠡᠢ ᠦᠢᠯᠡᠳᠪᠤᠷᠢᠯᠡᠯ ᠤᠨ ᠰᠠᠷ᠎ᠠ︾ ᠶᠢᠨ ᠠᠵᠢᠯᠯᠠᠭ᠎ᠠ ᠶᠢᠨ ᠡᠬᠢᠯᠡᠯᠳᠡ ᠶᠢᠨ ᠶᠤᠰᠤᠯᠠᠯ ᠦᠬᠠᠢ ᠬᠤᠳᠠ ᠳᠤ | ᠶᠠᠪᠤᠭᠳᠠᠪᠠ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠡᠨ ᠤ ᠲᠡᠳ᠋ ᠱᠦᠵᠢ᠂ ᠦᠪᠡᠷᠳᠡᠭᠡᠨ ᠵᠠᠰᠠᠬᠤ | ᠤᠷᠤᠨ ᠤ ᠲᠡᠷᠢᠬᠦᠯᠡᠭᠴᠢ᠂ ᠦᠪᠡᠷᠳᠡᠭᠡᠨ ᠵᠠᠰᠠᠬᠤ ᠤᠷᠤᠨ ᠤ ᠠᠶᠤᠯ ᠦᠬᠡᠢ ᠦᠢᠯᠡᠳᠪᠤᠷᠢᠯᠡᠯ ᠤᠨ ᠵᠦᠪᠯᠡᠯ ᠤᠨ | ᠡᠷᠬᠢᠯᠡᠭᠴᠢ ᠪᠦ᠋ ᠰᠢᠶᠤᠤ ᠯᠢᠨ ᠴᠤᠬᠤᠯᠠᠪᠤᠷᠢ ᠦᠭᠪᠡ᠃ ᠪᠦ᠋ ᠰᠢᠶᠤᠤ ᠯᠢᠨ ᠪᠦᠬᠦ ᠤᠷᠤᠨ ᠤ ︽ᠠᠶᠤᠯ ᠦᠬᠡᠢ | ᠦᠢᠯᠡᠳᠪᠤᠷᠢᠯᠡᠯ ᠤᠨ ᠰᠠᠷ᠎ᠠ︾ ᠶᠢᠨ ᠠᠵᠢᠯᠯᠠᠭ᠎ᠠ ᠳᠤ ᠦᠭᠭᠦᠭᠰᠡᠡ ᠴᠤᠬᠤᠯᠠᠪᠤᠷᠢ ᠳᠤ ᠪᠠᠨ ᠵᠢᠭᠠᠵᠤ ᠭᠠᠷᠭᠠᠭᠰᠠᠨ ᠨᠢ᠂ | ᠡᠨᠡ ᠵᠢᠯ ᠠᠴᠠ ᠨᠠᠭᠠᠰᠢ᠂ ᠮᠠᠨ ᠤ ᠤᠷᠤᠨ ᠳᠤ ᠬᠦᠨᠳᠤ ᠶᠡᠭᠡ ᠠᠳᠡᠯ᠂ ᠨᠡᠯᠢᠶᠡᠳ ᠶᠡᠭᠡ ᠠᠳᠡᠯ ᠵᠠᠯᠭᠠᠭ᠎ᠠ ᠪᠠᠷ | ᠭᠠᠷᠴᠦ᠂ ᠲᠠᠬᠢᠨᠳᠡ ᠪᠢᠳᠡᠨ ᠳᠤ ᠰᠡᠷᠡᠮᠵᠢ ᠶᠢᠨ ᠬᠤᠩᠬᠤ ᠴᠣᠬᠢᠭᠰᠠᠨ ᠪᠠᠶᠢᠨ᠎ᠠ᠃ ᠮᠠᠨ ᠤ ᠤᠷᠤᠨ ᠤ ᠠᠶᠤᠯ ᠲᠠᠢ | ᠬᠢᠮᠢ ᠶᠢᠨ ᠠᠵᠥ ᠦᠢᠯᠡᠳᠪᠤᠷᠢ ᠲᠦᠪᠯᠡᠷᠡᠩᠬᠦᠢ ᠪᠠᠶᠢᠷᠢᠯᠠᠵᠤ᠂ ᠠᠳᠡᠯ ᠭᠠᠷᠬᠤ ᠳᠤ ᠬᠦᠷᠪᠡᠯ ᠶᠡᠭᠡ ᠠᠳᠡᠯ ᠭᠠᠷᠬᠤ | ᠪᠤᠯᠤᠨ᠎ᠠ᠃ ᠤᠯᠤᠰ ᠠᠴᠠ ᠡᠨᠡ ᠵᠢᠯ ᠤᠨ ︽ᠠᠶᠤᠯ ᠦᠬᠡᠢ ᠦᠢᠯᠡᠳᠪᠤᠷᠢᠯᠡᠯ ᠤᠨ ᠰᠠᠷ᠎ᠠ︾ ᠶᠢᠨ ᠠᠵᠢᠯᠯᠠᠭ᠎ᠠ ᠶᠢ | ᠠᠶᠤᠯ ᠲᠠᠢ ᠬᠢᠮᠢ ᠶᠢᠨ ᠦᠢᠯᠡᠳᠬᠦᠨ ᠤ ᠠᠮᠤᠷ ᠲᠦᠪᠰᠢᠨ ᠢᠶᠠᠷ ᠭᠤᠤᠯᠳᠠᠯᠭ᠎ᠠ ᠪᠤᠯᠭᠠᠨ᠎ᠡ ᠬᠡᠵᠥ ᠲᠤᠭᠳᠠᠭᠰᠠᠠ ᠨᠢ | ᠮᠠᠨ ᠤ ᠤᠷᠤᠨ ᠳᠤ ᠠᠪᠴᠦ ᠬᠡᠯᠡᠪᠡᠯ ᠴᠢᠬᠤᠯᠠ ᠠᠴᠢ ᠬᠤᠯᠪᠤᠭᠳᠠᠯ ᠲᠠᠢ ᠶᠤᠮ ᠬᠡᠪᠠ᠃ ᠴᠤᠬᠤᠯᠠᠪᠤᠷᠢ ᠳᠤ | ᠱᠠᠭᠠᠷᠳᠠᠭᠰᠠᠨ ᠨᠢ᠂ ᠪᠦᠬᠦ ᠤᠷᠤᠨ ᠤ ᠡᠯ᠎ᠠ ᠱᠠᠳᠤᠨ ᠤ ᠰᠤᠨᠢᠨ ᠮᠡᠳᠡᠭᠡᠨ ᠤ ᠵᠠᠭᠤᠴᠢᠯᠠᠭᠤᠷ ᠤᠬᠠᠭᠤᠯᠭ᠎ᠠ | ᠬᠦᠮᠦᠵᠢᠯ ᠤᠨ ᠠᠵᠢᠯᠯᠠᠭ᠎ᠠ ᠶᠢ ᠭᠦᠨᠵᠡᠭᠡᠢ ᠰᠠᠶᠢᠳᠤᠷ ᠦᠷᠨᠢᠭᠦᠯᠵᠤ᠂ ᠠᠶᠤᠯ ᠦᠬᠡᠢ ᠬᠦᠭᠵᠢᠯᠳᠡ ᠶᠢᠨ | ᠣᠨᠤᠯᠵᠢᠬᠤᠨ ᠢ ᠬᠦᠮᠦᠨ ᠪᠦᠬᠦᠨ ᠤ ᠰᠡᠳᠭᠢᠯ ᠳᠤ ᠬᠠᠳᠠᠩᠰᠢᠭᠤᠯᠵᠤ᠂ ᠪᠦᠬᠦ ᠨᠡᠶᠢᠭᠡᠮ ᠢᠶᠠᠷ ᠢᠶᠠᠨ ᠠᠶᠤᠯ ᠦᠬᠡᠢ | ᠦᠢᠯᠡᠳᠪᠦᠷᠢᠯᠡᠯ ᠢ ᠬᠠᠯᠠᠮᠵᠢᠯᠠᠬᠤ᠂ ᠠᠶᠤᠯ ᠦᠬᠡᠢ ᠬᠦᠭᠵᠢᠯᠳᠡ ᠳᠤ ᠤᠷᠤᠯᠴᠠᠬᠤ ᠭᠦᠨ ᠵᠤᠵᠠᠭᠠᠨ ᠠᠭᠤᠷ | ᠠᠮᠢᠰᠬᠤᠯ ᠢ ᠪᠦᠷᠢᠯᠳᠦᠭᠦᠯᠬᠦ ᠬᠡᠷᠡᠭᠳᠠᠢ᠃ ᠡᠯ᠎ᠠ ᠱᠠᠳᠤᠨ ᠤ ᠠᠶᠤᠯ ᠦᠬᠡᠢ ᠦᠢᠯᠡᠳᠪᠦᠷᠢᠯᠡᠯ ᠤᠨ ᠵᠦᠪᠯᠡᠯ ᠪᠤᠯᠤᠨ | ᠡᠯ᠎ᠠ ᠬᠤᠯᠪᠤᠭᠳᠠᠯ ᠪᠦᠬᠦᠢ ᠰᠠᠯᠠᠭ᠎ᠠ ᠮᠦᠴᠢᠷ᠂ ᠨᠢᠭᠡᠴᠢ ᠨᠦᠭᠦᠳ ᠳᠡᠭᠡᠳᠦ ᠬᠡᠮᠵᠢᠶ᠎ᠠ ᠪᠠᠷ ᠴᠢᠬᠤᠯᠠᠴᠢᠯᠠᠵᠤ᠂ ᠨᠠᠷᠢᠯᠢᠭ | ᠵᠤᠬᠢᠶᠠᠨ ᠪᠠᠶᠢᠭᠤᠯᠵᠤ᠂ ᠪᠤᠳᠠᠳᠠᠢ ᠦᠷ᠎ᠠ ᠪᠦᠲᠦᠮᠵᠢ ᠭᠠᠷᠭᠠᠬᠤ ᠶᠢ ᠳᠤᠪᠤᠶᠢᠯᠭᠠᠵᠤ᠂ ︽ᠠᠶᠤᠯ ᠦᠬᠡᠢ | ᠦᠢᠯᠡᠳᠪᠦᠷᠢᠯᠡᠯ ᠤᠨ ᠰᠠᠷ᠎ᠠ︾ ᠶᠢᠨ ᠠᠵᠢᠯᠯᠠᠭ᠎ᠠ ᠶᠢ ᠦᠷᠨᠢᠭᠦᠯᠬᠦ ᠪᠠᠷ ᠳᠠᠮᠵᠢᠵᠤ᠂ ᠪᠦᠬᠦ ᠨᠡᠶᠢᠭᠡᠮ ᠤᠨ ᠠᠮᠤᠷ | ᠲᠦᠪᠰᠢᠨ ᠤ ᠤᠬᠠᠮᠰᠠᠷ ᠢ ᠤᠯᠠᠮ ᠴᠢᠨᠠᠭᠰᠢᠳᠠ ᠴᠢᠩᠭᠠᠳᠬᠠᠬᠤ ᠶᠢᠨ ᠬᠠᠮᠳᠦ ᠠᠵᠤ ᠠᠬᠤᠢᠢᠯᠠᠯ ᠤᠨ ᠬᠢᠨ ᠠᠮᠤᠷ | ᠲᠦᠪᠰᠢᠨ ᠤ ᠬᠠᠮᠢᠶᠠᠷᠤᠯᠳᠠ ᠪᠠᠨ ᠴᠢᠩᠭᠠᠳᠬᠠᠬᠤ᠂ ᠠᠶᠤᠯ ᠦᠬᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠪᠠᠨ | ᠨᠠᠶᠢᠳᠠᠪᠤᠷᠢᠵᠢᠭᠤᠯᠬᠤ᠂ ᠠᠰᠠᠭᠤᠳᠠᠯ ᠭᠡᠮ ᠰᠤᠭᠤᠭ ᠢᠶᠠᠨ ᠴᠡᠭᠴᠡᠯᠡᠨ ᠵᠠᠰᠠᠬᠤ ᠶᠢ ᠠᠬᠢᠭᠤᠯᠵᠤ᠂ ᠬᠦᠨᠳᠦ ᠶᠡᠭᠡ | ᠠᠶᠤᠯ ᠲᠦᠭᠰᠢᠭᠦᠷᠢ ᠶᠢ ᠪᠦᠲᠦᠮᠵᠢᠳᠠᠢ ᠰᠡᠷᠭᠡᠶᠢᠯᠡᠨ ᠰᠢᠢᠳᠪᠦᠷᠢᠯᠡᠵᠤ᠂ ᠰᠢᠨ᠎ᠠ ᠳᠤᠮᠳᠠᠳᠤ ᠤᠯᠤᠰ | ᠪᠠᠶᠢᠭᠤᠯᠤᠭᠳᠠᠭᠰᠠᠨ 70 ᠵᠢᠯ ᠤᠨ ᠤᠢ ᠳᠤ ᠰᠠᠶᠢᠨ ᠰᠠᠶᠢᠬᠠᠨ ᠤᠷᠴᠢᠨ ᠪᠦᠷᠢᠯᠳᠦᠭᠦᠯᠵᠤ ᠦᠭᠬᠦ ᠬᠡᠷᠡᠭᠳᠠᠢ ᠭᠡᠵᠠᠢ᠃ | ᠤᠢᠢᠯᠠᠭᠠᠭᠰᠠᠨ ᠢᠶᠠᠷ᠂ ᠡᠨᠡ ᠵᠢᠯ ᠤᠨ 6 ᠳ᠋ᠤᠭᠠᠷ ᠰᠠᠷ᠎ᠠ ᠪᠤᠯ ᠪᠦᠬᠦ ᠤᠯᠤᠰ ᠤᠨ ᠠᠷᠪᠠᠨ ᠨᠠᠢᠮᠠᠳᠠᠬᠢ ︽ᠠᠶᠤᠯ | ᠦᠬᠡᠢ ᠦᠢᠯᠡᠳᠪᠦᠷᠢᠯᠡᠯ ᠤᠨ ᠰᠠᠷ᠎ᠠ︾ ᠪᠤᠯᠤᠨ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠠᠶᠤᠯ ᠦᠬᠡᠢ | ᠦᠢᠯᠡᠳᠪᠦᠷᠢᠯᠡᠯ ᠤᠨ ᠵᠦᠪᠯᠡᠯ ᠤᠨ ᠲᠤᠬᠢᠷᠠᠭᠤᠯᠤᠯᠳᠠ ᠪᠠᠷ᠂ ᠪᠦᠬᠦ ᠤᠷᠤᠨ ᠳᠤ ︽ᠠᠶᠤᠯ ᠦᠬᠡᠢ | ᠦᠢᠯᠡᠳᠪᠦᠷᠢᠯᠡᠯ ᠤᠨ ᠲᠦᠮᠡᠨ ᠭᠠᠵᠠᠷ ᠤᠨ ᠠᠶᠠᠯᠠᠯ︾ ᠤᠨ ᠠᠵᠢᠯᠯᠠᠭ᠎ᠠ ᠶᠢ ᠢᠵᠢᠯ ᠠᠯᠬᠤᠮ ᠢᠶᠠᠷ ᠶᠠᠪᠤᠭᠳᠠᠭᠤᠯᠤᠨ᠎ᠠ | ᠃ ᠡᠬᠢᠯᠡᠯᠳᠡ ᠶᠢᠨ ᠶᠤᠰᠤᠯᠠᠯ ᠤᠨ ᠲᠤᠬᠠᠢ ᠶᠢᠨ ᠲᠠᠯᠠᠪᠠᠢ ᠳᠤ᠂ ᠠᠶᠤᠯ ᠦᠬᠡᠢ ᠦᠢᠯᠡᠳᠪᠦᠷᠢᠯᠡᠯ ᠤᠨ | ᠤᠬᠠᠭᠤᠯᠭ᠎ᠠ ᠶᠢᠨ ᠲᠠᠶᠢᠯᠤᠮᠵᠢ ᠬᠢᠬᠦ᠂ ᠯᠠᠪᠯᠠᠭ᠎ᠠ ᠬᠠᠩᠭᠠᠬᠤ ᠵᠢᠴᠢ ᠪᠠᠴᠢᠮ ᠪᠠᠶᠢᠳᠠᠯ ᠢ ᠠᠷᠭᠠᠴᠠᠭᠠᠬᠤ ᠪᠤᠯᠤᠨ | ᠠᠶᠤᠯ ᠠᠴᠠ ᠳᠤᠳᠠᠭᠠᠵᠤ ᠦᠪᠡᠷ ᠢ ᠪᠠᠨ ᠠᠪᠤᠷᠠᠬᠤ ᠮᠡᠷᠭᠡᠵᠢᠯ ᠤᠨ ᠦᠵᠡᠭᠦᠯᠭᠡ ᠵᠡᠷᠭᠡ ᠠᠵᠢᠯᠯᠠᠭ᠎ᠠ ᠦᠷᠨᠢᠭᠦᠯᠪᠡ᠃ | ᠦᠪᠡᠷᠳᠡᠭᠡᠨ ᠵᠠᠰᠠᠬᠤ ᠤᠷᠤᠨ ᠤ ᠠᠶᠤᠯ ᠦᠬᠡᠢ ᠦᠢᠯᠡᠳᠪᠦᠷᠢᠯᠡᠯ ᠤᠨ ᠵᠦᠪᠯᠡᠯ ᠤᠨ ᠭᠡᠰᠢᠭᠦᠨ ᠨᠢᠭᠡᠴᠢ ᠶᠢᠨ | ᠬᠤᠯᠪᠤᠭᠳᠠᠯ ᠪᠦᠬᠦᠢ ᠬᠠᠷᠢᠭᠤᠴᠠᠯᠭᠠᠳᠠᠨ ᠪᠤᠯᠤᠨ ᠦᠬᠠᠢ ᠬᠤᠳᠠ ᠶᠢᠨ ᠬᠤᠯᠪᠤᠭᠳᠠᠯ ᠪᠦᠬᠦᠢ ᠤᠳᠤᠷᠢᠳᠤᠯᠭ᠎ᠠ | ᠡᠬᠢᠯᠡᠯᠳᠡ ᠶᠢᠨ ᠶᠤᠰᠤᠯᠠᠯ ᠳᠤ ᠤᠷᠤᠯᠴᠠᠵᠠᠢ᠃ |