ᠭᠦ᠋ ᠴᠧᠩ ᠪᠠᠯᠭᠠᠰᠤ᠄ ᠬᠥᠳᠡᠭᠡ ᠲᠣᠰᠬᠤᠨ ᠤ ᠵᠠᠩ ᠰᠤᠷᠲᠠᠯ ᠪᠣᠯᠪᠠᠰᠤᠨ ᠢ ᠡᠷᠬᠢᠮᠨᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2019-07-02
      ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠲᠣᠰᠬᠤᠨ ᠤ ︽ᠠᠵᠤ ᠦᠶᠯᠡᠰ ᠬᠥᠭᠵᠢᠭᠰᠡᠨ᠂ ᠠᠮᠢ ᠠᠬᠤᠶ ᠣᠷᠣᠰᠢᠨ ᠰᠠᠭᠤᠷᠢᠰᠢᠬᠤ ᠳᠤ ᠲᠣᠬᠢᠷᠠᠮᠵᠢᠲᠠᠶ᠂ ᠨᠤᠲᠤᠭ ᠤᠨ ᠰᠤᠷᠲᠠᠯ ᠪᠣᠯᠪᠠᠰᠤᠨ᠂ ᠵᠠᠰᠠᠯᠲᠠ ᠪᠦᠲᠦᠮᠵᠢᠲᠡᠶ᠂ ᠠᠮᠢᠳᠤᠷᠠᠯ ᠪᠠᠶᠠᠨ ᠴᠢᠨᠡᠭᠡᠯᠢᠭ︾ ᠪᠠᠶᠢᠬᠤ ᠶᠢ ᠵᠡᠷᠭᠡᠪᠡᠷ ᠠᠬᠢᠭᠤᠯᠬᠤ ᠶᠢᠨ ᠲᠥᠯᠥᠭᠡ᠂ 6 ᠰᠠᠷ᠎ᠠ ᠶᠢᠨ 28 ᠤ ᠦᠳᠡ ᠡᠮᠦᠨ᠎ᠡ᠂ ᠬᠥ᠋ ᠴᠧᠩ ᠪᠠᠯᠭᠠᠰᠤ ᠶᠢᠨ ᠪᠠᠷᠠᠭᠤᠨ ᠬᠠᠰᠢᠶᠠᠳᠦ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ᠂ ︽ᠭᠤᠷᠪᠠᠨ ᠵᠥᠪᠯᠡᠯ︾ ᠤᠨ ᠪᠦᠷᠢᠯᠳᠦᠬᠦᠨ᠂ ᠨᠠᠮ ᠤᠨ ᠭᠡᠰᠢᠭᠦᠨ᠂ ᠲᠣᠰᠬᠤᠨ ᠤ ᠠᠷᠠᠳ  ᠤᠨ ᠲᠥᠯᠥᠭᠡᠯᠡᠭᠴᠢ᠂ ᠡᠯ᠎ᠡ ᠬᠤᠷᠰᠢᠶᠠᠨ ᠤ ᠬᠠᠷᠢᠭᠤᠴᠠᠯᠭᠠᠲᠠᠨ ᠵᠢᠴᠢ ᠬᠡᠰᠡᠭ ᠣᠯᠠᠨ ᠲᠦᠮᠡᠨ ᠴᠤᠭᠯᠠᠷᠠᠵᠤ᠂ ᠨᠤᠲᠤᠭ ᠤᠨ ᠰᠤᠷᠲᠠᠯ ᠪᠣᠯᠪᠠᠰᠤᠨ ᠤ ᠲᠤᠬᠠᠶ ᠶᠠᠷᠢᠯᠴᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ  ᠶᠢ ᠪᠦᠬᠦ ᠬᠦᠴᠦᠨ ᠢᠶᠠᠷ ᠠᠬᠢᠭᠤᠯᠪᠠ᠃      ᠬᠤᠷᠠᠯ ᠠᠴᠠ ᠪᠠᠷᠠᠭᠤᠨ ᠬᠠᠰᠢᠶᠠᠳᠦ ᠲᠣᠰᠬᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠡᠳᠬᠢᠴᠡ᠂ ᠲᠥᠯᠥᠪᠵᠢᠭᠦᠯᠦᠨ ᠬᠥᠭᠵᠢᠭᠦᠯᠬᠦ ᠲᠥᠷᠥᠯ ᠵᠦᠶᠯ ᠵᠢᠴᠢ ᠨᠢᠭᠡᠨᠲᠡ ᠬᠡᠷᠡᠭᠵᠢᠭᠦᠯᠦᠭᠰᠡᠨ ᠪᠠ ᠶᠠᠭ ᠬᠡᠷᠡᠭᠵᠢᠭᠦᠯᠵᠦ ᠪᠠᠶᠢᠭ᠎ᠠ  ᠲᠦᠷᠦᠯ ᠵᠦᠢᠯ ‍ᠦᠨ‌ᠬᠠᠮᠢᠶ᠎ᠠ ᠪᠦᠬᠦᠢ ᠪᠠᠶᠢᠳᠠᠯ ᠢ ᠮᠡᠳᠡᠭᠳᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠲᠣᠭᠤᠷᠢᠨ ᠳᠤ᠂ ᠬᠡᠷᠬᠢᠨ ᠨᠤᠲᠤᠭ ᠤᠨ ᠵᠠᠩ ᠰᠤᠷᠲᠠᠯ ᠤᠨ ᠪᠣᠯᠪᠠᠰᠤᠨ ᠢ ᠠᠬᠢᠭᠤᠯᠵᠤ᠂ ᠣᠯᠠᠨ ᠲᠦᠮᠡᠨ ᠤ ᠣᠷᠣᠯᠴᠠᠬᠤ ᠬᠡᠮᠵᠢᠶ᠎ᠡ ᠶᠢ ᠨᠡᠮᠡᠭᠳᠡᠭᠦᠯᠵᠦ᠂ ᠲᠣᠰᠬᠤᠨ ᠤ ᠠᠷᠠᠳ ᠤᠨ ᠥᠪᠡᠷᠲᠡᠭᠡᠨ ᠵᠠᠰᠠᠬᠤ ᠪᠣᠯᠤᠨ ᠲᠥᠪᠯᠡᠷᠡᠩᠭᠦᠶ ᠨᠢᠭᠡᠳᠦᠯᠲᠡᠶ ᠳᠤ ᠬᠠᠮᠢᠶᠠᠷᠤᠯᠲᠠ ᠶᠢ ᠤᠶᠠᠯᠳᠤᠭᠤᠯᠬᠤ ᠶᠢ ᠪᠡᠶᠡᠯᠡᠭᠦᠯᠵᠦ᠂ ᠣᠯᠠᠨ ᠲᠦᠮᠡᠨ ᠤ ᠰᠠᠨᠠᠯ ᠢ ᠬᠤᠷᠢᠶᠠᠵᠤ᠂ ᠣᠯᠠᠨ ᠲᠦᠮᠡᠨ  ᠤ ᠣᠶᠤᠨ ᠤᠬᠠᠭᠠᠨ ᠢ ᠨᠢᠭᠲᠠᠷᠠᠭᠤᠯᠪᠠ᠃      ᠬᠤᠷᠠᠯ ᠠᠴᠠ ︽ᠪᠠᠷᠠᠭᠤᠨ ᠬᠠᠰᠢᠶᠠᠲᠤ ᠲᠣᠰᠬᠤᠨ ᠤ ᠠᠷᠠᠳ ᠤᠨ ᠳᠦᠷᠢᠮ ᠠᠷᠠᠳ ᠤᠨ ᠭᠡᠷ᠎ᠡ︾ ᠶᠢ ᠶᠠᠷᠢᠯᠴᠠᠨ ᠪᠠᠲᠤᠯᠠᠵᠤ᠂ ᠲᠣᠰᠬᠤᠨ ᠤ ᠳᠦᠷᠢᠮ ᠠᠷᠠᠳ ᠤᠨ ᠭᠡᠷ᠎ᠡ ᠶᠢ ᠲᠡᠭᠦᠯᠳᠡᠷᠵᠢᠭᠦᠯᠦᠨ ᠨᠠᠶᠢᠳᠠᠪᠤᠷᠢᠵᠢᠭᠤᠯᠬᠤ ᠶᠠᠪᠤᠴᠠ ᠳᠠᠬᠢ ᠬᠠᠮᠢᠶ᠎ᠠ ᠪᠦᠬᠦᠢ ᠤᠴᠢᠷ ᠶᠠᠪᠤᠳᠠᠯ ᠳᠤ ᠢᠳᠡᠪᠬᠢᠲᠡᠢ ᠰᠦᠪᠡᠭᠴᠢᠯᠡᠯᠲᠡ ᠬᠢᠵᠦ᠂ ᠲᠣᠰᠬᠤᠨ ᠤ ᠠᠷᠠᠳ  ᠤᠨ ᠥᠪᠡᠷᠲᠡᠭᠡᠨ ᠵᠠᠰᠠᠬᠤ ᠶᠢ ᠪᠡᠶᠡᠯᠡᠭᠦᠯᠬᠦ᠂ ᠣᠯᠠᠨ ᠲᠦᠮᠡᠨ ᠤ ᠣᠷᠣᠯᠴᠠᠬᠤ ᠬᠡᠮᠵᠢᠶ᠎ᠡ ᠶᠢ ᠳᠡᠭᠡᠭᠰᠢᠯᠡᠭᠦᠯᠬᠦ ᠶᠢ ᠬᠥᠳᠡᠭᠡ ᠲᠣᠰᠬᠤᠨ ᠤ ᠬᠡᠪ ᠰᠤᠷᠲᠠᠯ ᠤᠨ ᠪᠣᠯᠪᠠᠰᠤᠨ ᠤ ᠪᠠᠶᠢᠭᠤᠯᠤᠯᠲᠠ ᠶᠢᠨ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠪᠣᠯᠭᠠᠵᠤ᠂ ᠪᠣᠳᠠᠲᠠᠶ ᠰᠠᠶᠢᠲᠤᠷ ᠠᠳᠬᠤᠵᠤ ᠦᠷ᠎ᠡ ᠪᠦᠲᠦᠮᠵᠢ ᠭᠠᠷᠭᠠᠪᠠ︔ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠴᠢᠩᠭᠠᠳᠬᠠᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠠᠵᠢᠯ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠦᠴᠦᠲᠡᠶ ᠪᠠᠲᠤᠯᠠᠭ᠎ᠠ ᠪᠣᠯᠭᠠᠵᠤ᠂ ᠣᠯᠠᠨ ᠢᠶᠠᠷ ᠵᠶ᠋ᠠᠨ‌ᠤᠬᠠᠭᠠᠷᠠᠵᠦ ᠨᠡᠶᠢᠲᠡ ᠪᠠᠷ ᠢᠶᠠᠨ ᠬᠦᠴᠦ ᠤᠷᠤᠯᠴᠠᠨ᠂ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠵᠠᠰᠠᠵᠤ᠂ ᠤᠷᠲᠤ ᠬᠤᠭᠤᠴᠠᠭ᠎ᠠ ᠪᠠᠷ ᠪᠠᠷᠢᠮᠲᠠᠯᠠᠬᠤ ᠬᠡᠷᠡᠭᠲᠡᠶ᠃      ᠬᠤᠷᠠᠯ ᠠᠴᠠ ᠪᠠᠰᠠ 5 ︽ᠶᠣᠰᠣ ᠰᠤᠷᠲᠠᠬᠤᠨ ᠤ ᠵᠢᠱᠢᠶᠡᠴᠢ︾ ᠪᠣᠯᠤᠨ 20 ︽ᠠᠷᠪᠠᠨ ᠣᠳᠣᠨ ᠲᠡᠰ  ᠤᠨ ᠪᠣᠯᠪᠠᠰᠤᠨ ᠡᠷᠦᠬᠡ︾ ᠶᠢ ᠦᠨᠡᠯᠡᠨ ᠪᠠᠲᠤᠯᠠᠪᠠ᠃ ︽ᠶᠣᠰᠣ ᠰᠤᠷᠲᠠᠬᠤᠨ ᠤ ᠵᠢᠱᠢᠶᠡᠴᠢ︾ ᠪᠣᠯᠤᠨ ︽ᠠᠷᠪᠠᠨ ᠣᠳᠣᠨ ᠲᠡᠰ ᠤᠨ ᠪᠣᠯᠪᠠᠰᠤᠨ ᠡᠷᠦᠬᠡ︾ ᠶᠢ ᠰᠢᠯᠭᠠᠷᠠᠭᠤᠯᠬᠤ ᠠᠵᠢᠯᠯᠠᠭ᠎ᠠ ᠥᠷᠨᠢᠭᠦᠯᠬᠦ ᠶᠢ ᠬᠥᠳᠡᠭᠡ ᠲᠣᠰᠬᠤᠨ ᠤ ᠵᠠᠩ ᠰᠤᠷᠲᠠᠯ ᠤᠨ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠬᠤ ᠪᠦᠲᠦᠮᠵᠢᠲᠡᠶ ᠠᠴᠢᠶᠠᠯᠠᠪᠤᠷᠢ ᠪᠣᠯᠭᠠᠵᠤ᠂ ᠲᠣᠰᠬᠤᠨ ᠤ ᠰᠤᠷᠲᠠᠯ ᠠᠷᠠᠳ ᠤᠨ ᠰᠤᠷᠲᠠᠯ ᠢ ᠰᠠᠶᠢᠵᠢᠷᠠᠭᠤᠯᠬᠤ ᠶᠢ ᠴᠢᠩᠭᠠᠳᠬᠠᠵᠤ᠂ ᠨᠡᠶᠢᠭᠡᠮ ᠤᠨ ᠲᠥᠪ ᠰᠤᠷᠲᠠᠯ ᠢ ᠪᠠᠳᠠᠷᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ  ᠠᠬᠢᠭᠤᠯᠪᠠ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1