ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 98 ᠵᠢᠯ ᠤᠨ ᠤᠢ ᠶᠢ ᠪᠡᠯᠭᠡᠯᠡᠵᠦ᠂ ᠨᠠᠮ | ᠤᠨ ᠭᠡᠷᠡᠯ ᠰᠠᠴᠤᠷᠠᠩᠭᠤᠶ ᠲᠡᠦᠬᠡ ᠶᠢ ᠳᠠᠬᠢᠨ ᠳᠤᠷᠠᠰᠤᠨ ᠰᠠᠨᠠᠭᠠᠯᠵᠠᠵᠤ᠂ ᠨᠠᠮ ᠤᠨ ᠡᠶ᠎ᠡ ᠨᠠᠶᠢᠷᠠᠮᠳᠠᠯ ᠢ ᠵᠠᠯᠭᠠᠮᠵᠢᠯᠠᠨ | ᠪᠠᠳᠠᠷᠠᠭᠤᠯᠵᠤ᠂ ᠬᠤᠪᠢᠰᠬᠠᠯ ᠤᠨ ᠵᠣᠷᠢᠭ ᠰᠠᠨᠠᠭ᠎ᠠ ᠶᠢ ᠪᠠᠳᠠᠷᠠᠭᠤᠯᠤᠨ᠂ ᠥᠷᠭᠡᠨ ᠣᠯᠠᠨ ᠨᠠᠮ ᠤᠨ ᠭᠡᠰᠢᠭᠦᠨ ᠤ | ᠨᠠᠮᠴᠢ ᠴᠢᠨᠠᠷ ᠤᠨ ᠤᠬᠠᠮᠰᠠᠷ ᠢ ᠤᠯᠠᠮ ᠨᠢᠭᠡ ᠠᠯᠬᠤᠮ ᠲᠡᠭᠡᠭᠰᠢᠯᠡᠭᠦᠯᠬᠦ ᠶᠢᠨ ᠲᠦᠯᠦᠭᠡ᠂ 7 ᠰᠠᠷ᠎ᠠ ᠶᠢᠨ 1 ᠤ | ᠡᠳᠦᠷ᠂ ᠰᠢᠶᠠᠨ ᠤ ᠵᠠᠰᠠᠭ ᠤᠨ ᠣᠷᠳᠣᠨ ᠤ ᠠᠯᠪᠠᠨ ᠭᠡᠷ ᠤᠨ ᠪᠠᠶᠢᠭᠤᠯᠤᠯᠭ᠎ᠠ ᠶᠢᠨ ᠨᠠᠮ ᠤᠨ ᠡᠭᠦᠷ ᠨᠠᠮ ᠤᠨ | ᠭᠡᠰᠢᠭᠦᠨ ᠺᠠᠳ᠋ᠷ᠂ ᠪᠡᠯᠡᠳᠬᠡᠯ ᠨᠠᠮ ᠤᠨ ᠭᠡᠰᠢᠭᠦᠨ᠂ ᠡᠯᠰᠡᠬᠦ ᠡᠲᠡᠭᠡᠳ ᠪᠣᠯᠤᠨ ᠨᠠᠮ ᠳᠤ ᠣᠷᠣᠬᠤ ᠬᠥᠮᠦᠰ ᠢ | ᠵᠣᠬᠢᠶᠠᠨ ᠪᠠᠶᠢᠭᠤᠯᠵᠦ᠂ ᠤᠯᠠᠭᠠᠨᠬᠦᠦ ᠶᠢᠨ ᠳᠤᠷᠠᠰᠬᠠᠯ ᠤᠨ ᠣᠷᠳᠣᠨ ᠳᠤ ᠬᠦᠷᠴᠦ ︽ᠤᠭ ᠰᠠᠨᠠᠭ᠎ᠠ ᠪᠠᠨ ᠦᠯᠦ | ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠠᠵᠢᠯᠯᠠᠭ᠎ᠠ | ᠥᠷᠨᠢᠭᠦᠯᠪᠡ᠃ ᠰᠢᠶᠠᠨ ᠤ ᠤᠳᠤᠷᠢᠳᠤᠯᠭ᠎ᠠ ᠯᠢ ᠴᠦᠨ ᠶᠠᠨ᠂ ᠲᠢᠶᠠᠨ ᠯᠢ ᠵᠢᠶᠦ᠋ᠨ᠂ ᠱᠢ ᠯᠢ ᠵᠢᠶᠦ᠋ᠨ᠂ ᠯᠦ ᠢᠦᠢ | ᠵᠦᠩ᠂ ᠾᠧᠦ ᠰᠢᠶᠠᠩ ᠯᠦᠩ ᠡᠩ ᠤᠨ ᠨᠠᠮ ᠤᠨ ᠭᠡᠰᠢᠭᠦᠨ ᠤ ᠬᠤᠪᠢ ᠪᠠᠷ ᠠᠵᠢᠯᠯᠠᠭ᠎ᠠ ᠳᠤ ᠣᠷᠣᠯᠴᠠᠪᠠ᠃ | ᠲᠣᠭᠤᠷᠢᠨ ᠦᠵᠡᠵᠦ ᠡᠬᠢᠯᠡᠬᠦ ᠠᠴᠠ ᠡᠮᠦᠨ᠎ᠡ᠂ ᠵᠠᠰᠠᠭ ᠤᠨ ᠣᠷᠳᠣᠨ ᠤ ᠠᠯᠪᠠᠨ ᠭᠡᠷ ᠤᠨ ᠪᠦᠬᠦ ᠨᠠᠮ ᠤᠨ | ᠭᠡᠰᠢᠭᠦᠨ ᠺᠠᠳ᠋ᠷᠴᠤᠳ ᠨᠠᠮ ᠤᠨ ᠲᠤᠭ ᠤᠨ ᠡᠮᠦᠨ᠎ᠡ ᠲᠥᠪ ᠴᠢᠩᠭ᠎ᠠ ᠪᠠᠷ ᠲᠠᠩᠭᠠᠷᠢᠭᠯᠠᠵᠤ᠂ ᠨᠠᠮ ᠳᠤ ᠣᠷᠣᠬᠤ | ᠲᠠᠩᠭᠠᠷᠢᠭ ᠤᠨ ᠦᠭᠡ ᠪᠠᠨ ᠳᠠᠬᠢᠨ ᠡᠷᠭᠢᠴᠡᠭᠦᠯᠵᠦ᠂ ᠨᠠᠮ ᠤᠨ ᠦᠢᠯᠡᠰ ᠤᠨ ᠲᠥᠯᠥᠭᠡ ᠲᠡᠮᠡᠴᠡᠬᠦ ᠵᠣᠷᠢᠭ ᠢᠶᠠᠨ | ᠢᠯᠡᠳᠬᠡᠵᠡᠶ᠃ ᠤᠯᠠᠭᠠᠨᠬᠦᠦ ᠶᠢᠨ ᠳᠤᠷᠠᠰᠬᠠᠯ ᠤᠨ ᠣᠷᠳᠣᠨ ᠳᠤ ᠤᠯᠠᠭᠠᠨᠬᠦᠦ ᠨᠥᠬᠦᠷ ᠤᠨ ᠭᠡᠷᠡᠯ ᠰᠠᠴᠤᠷᠠᠩᠭᠤᠶ | ᠪᠠᠶᠢᠯᠳᠤᠭᠠᠨ ᠤ ᠨᠢᠭᠡ ᠨᠠᠰᠤ ᠶᠢ ᠪᠦᠬᠦ ᠲᠠᠯ᠎ᠠ ᠪᠠᠷ ᠰᠢᠰᠲ᠋ᠧᠮ ᠲᠠᠢ ᠳᠡᠯᠭᠡᠨ ᠦᠵᠡᠭᠦᠯᠵᠦ᠂ ᠥᠪᠡᠷᠲᠡᠭᠡᠨ ᠵᠠᠰᠠᠬᠤ | ᠣᠷᠣᠨ ᠤ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠪᠣᠯᠤᠨ ᠬᠤᠪᠢᠰᠬᠠᠯ ᠤᠨ ᠤᠯᠠᠮᠵᠢᠯᠠᠯᠲᠤ ᠬᠥᠮᠦᠵᠢᠯ ᠢ | ᠥᠷᠨᠢᠭᠦᠯᠬᠦ ᠴᠢᠬᠤᠯᠠ ᠰᠠᠭᠤᠷᠢᠨ ᠪᠣᠯᠤᠨ᠎ᠠ᠃ ᠠᠵᠢᠯᠯᠠᠭ᠎ᠠ ᠶᠢᠨ ᠳᠤᠮᠳᠠ᠂ ᠵᠠᠰᠠᠭ ᠤᠨ ᠣᠷᠳᠣᠨ ᠠᠴᠠ ᠡᠷᠬᠢᠯᠡᠭᠰᠡᠨ | ᠪᠦᠬᠦ ᠨᠠᠮ ᠤᠨ ᠭᠡᠰᠢᠭᠦᠨ ᠺᠠᠳ᠋ᠷᠴᠤᠳ ᠲᠠᠶᠢᠯᠪᠤᠷᠢᠯᠠᠭᠴᠢ ᠶᠢᠨ ᠵᠢᠯᠣᠭᠤᠳᠣᠯᠭ᠎ᠠ ᠪᠠᠷ᠂ ᠡᠬᠢᠯᠡᠯᠲᠡ ᠶᠢᠨ ᠲᠢᠩᠬᠢᠮ᠂ ︽ | ᠦᠨᠡᠨ ᠶᠣᠰᠣ᠂ ᠬᠤᠪᠢᠰᠬᠠᠯ ᠳᠤ ᠣᠷᠣᠯᠴᠠᠭᠰᠠᠨ ᠨᠢ︾᠂ ︽ᠭᠠᠯ ᠦᠨᠳᠦᠰᠦ ᠰᠠᠴᠤᠵᠤ᠂ ᠤᠯᠠᠭᠠᠨ ᠲᠤᠭ ᠢᠶᠠᠨ | ᠳᠠᠬᠢᠨ ᠳᠡᠯᠭᠡᠯ᠎ᠡ︾᠂ ︽ᠪᠦᠯᠬᠦᠮᠳᠡᠨ ᠲᠡᠮᠡᠴᠡᠵᠦ᠂ ᠶᠠᠫᠣᠨ ᠢ ᠡᠰᠡᠷᠭᠦᠴᠡᠬᠦ ᠶᠢ ᠪᠠᠷᠢᠮᠲᠠᠯᠠᠶ᠎ᠠ︾᠂ ︽ᠦᠶᠯᠡᠳᠦᠯᠭᠡ | ᠥᠪᠡᠷᠲᠡᠭᠡᠨ ᠵᠠᠰᠠᠵᠤ᠂ ᠮᠢᠩᠭᠠᠨ ᠣᠨ ᠭᠠᠪᠢᠶ᠎ᠠ ᠵᠢᠳᠬᠦᠯ︾᠂ ︽ᠪᠦᠯᠬᠦᠮᠳᠡᠨ ᠪᠦᠲᠦᠭᠡᠨ ᠪᠠᠶᠢᠭᠤᠯᠵᠦ᠂ ᠬᠢᠯᠢ | ᠬᠢᠵᠠᠭᠠᠷ ᠢᠶᠠᠨ ᠬᠥᠭᠵᠢᠭᠦᠯᠦᠨ ᠮᠠᠨᠳᠤᠭᠤᠯᠬᠤ︾᠂ ︽ᠤᠯᠤᠰ ᠬᠦᠷᠦᠨ ᠤ ᠲᠥᠯᠥᠭᠡ ᠦᠨᠡᠨ ᠰᠡᠳᠬᠢᠯ ᠠᠴᠠ ᠪᠠᠨ | ᠵᠢᠳᠬᠦᠶ᠎ᠡ︾ ᠵᠡᠷᠭᠡ ᠦᠵᠡᠭᠦᠯᠦᠯᠭᠡ ᠶᠢᠨ ᠲᠢᠩᠬᠢᠮ ᠢ ᠡᠮᠬᠢ ᠵᠢᠷᠤᠮ ᠲᠠᠢ ᠪᠠᠷ ᠲᠣᠭᠤᠷᠢᠨ ᠦᠵᠡᠵᠦ᠂ ᠭᠡᠷᠡᠯ ᠵᠢᠷᠤᠭ᠂ | ᠪᠣᠳᠠᠲᠤ ᠪᠣᠳᠠᠰ᠂ ᠪᠢᠴᠢᠭ ᠮᠠᠲ᠋ᠧᠷᠢᠶᠠᠯ ᠵᠡᠷᠭᠡ ᠪᠠᠷ ᠳᠠᠮᠵᠢᠭᠤᠯᠤᠨ᠂ ︽ᠤᠷᠳᠤ ᠬᠤᠭᠤᠴᠠᠭᠠᠨ ᠤ ᠰᠢᠯᠭᠠᠯᠲᠠ ᠶᠢ | ᠥᠩᠭᠡᠷᠡᠭᠡᠭᠰᠡᠨ ᠡᠬᠡ ᠣᠷᠣᠨᠴᠢ ᠪᠠᠶᠢᠯᠳᠤᠭᠴᠢ᠂ ᠨᠠᠮ ᠪᠠ ᠲᠥᠷᠦ ᠶᠢᠨ ᠰᠢᠯᠢᠳᠡᠭ ᠤᠳᠤᠷᠢᠳᠬᠤ ᠬᠥᠮᠦᠨ᠂ | ᠦᠭᠡᠶᠢᠭᠦᠦ ᠠᠩᠭᠢ ᠶᠢᠨ ᠭᠠᠷᠮᠠᠭᠠᠶ ᠬᠤᠪᠢᠰᠬᠠᠯᠴᠢ᠂ ᠦᠨᠳᠦᠰᠦᠲᠡᠨ ᠤ ᠠᠵᠢᠯ ᠤᠨ ᠭᠠᠷᠮᠠᠭᠠᠶ ᠤᠳᠤᠷᠢᠳᠤᠭᠴᠢ︾ | ᠤᠯᠠᠭᠠᠨᠬᠦᠦ ᠨᠥᠬᠦᠷ ᠤᠨ ᠪᠠᠭᠠᠴᠤᠳ ᠤᠨ ᠬᠤᠪᠢᠰᠬᠠᠯ ᠳᠤ ᠣᠷᠣᠯᠴᠠᠵᠤ ᠤᠯᠤᠰ ᠲᠠᠭᠠᠨ ᠵᠢᠳᠬᠦᠬᠦ᠂ ᠦᠨᠡᠨ | ᠰᠡᠳᠬᠢᠯ ᠠᠴᠠ ᠪᠠᠨ ᠵᠢᠳᠬᠦᠬᠦ ᠢᠷᠠᠭᠤ ᠠᠯᠳᠠᠷᠲᠤ ᠨᠢᠭᠡ ᠨᠠᠰᠤ ᠵᠢᠴᠢ ᠤᠯᠠᠭᠠᠨᠬᠦᠦ ᠪᠣᠯᠤᠨ ᠥᠪᠥᠷ ᠮᠣᠩᠭᠤᠯ ᠤᠨ | ᠠᠬᠠᠮᠠᠳ ᠨᠢᠭᠡ ᠦᠶ᠎ᠡ ᠶᠢᠨ ᠦᠭᠡᠶᠢᠭᠦᠦ ᠠᠩᠭᠢ ᠶᠢᠨ ᠬᠤᠪᠢᠰᠬᠠᠯᠴᠢᠳ ᠤᠨ ᠳᠤᠮᠳᠠᠳᠤ ᠤᠯᠤᠰ ᠤᠨ ᠬᠤᠪᠢᠰᠬᠠᠯ | ᠪᠠ ᠪᠦᠲᠦᠭᠡᠨ ᠪᠠᠶᠢᠭᠤᠯᠤᠯᠲᠠ ᠳᠤ ᠦᠵᠡᠭᠦᠯᠦᠭᠰᠡᠨ ᠠᠮᠵᠢᠯᠲᠠ ᠪᠦᠲᠦᠮᠵᠢ ᠶᠢ ᠡᠷᠭᠢᠴᠡᠭᠦᠯᠪᠡ᠃ | ᠡᠨᠡ ᠤᠳᠠᠭᠠᠨ ᠤ ᠠᠵᠢᠯᠯᠠᠭ᠎ᠠ ᠶᠢ ᠥᠷᠨᠢᠭᠦᠯᠦᠭᠰᠡᠨ ᠨᠢ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ | ᠲᠤ ᠨᠢᠭᠡᠨ ᠠᠮᠢᠳᠤᠯᠢᠭ ᠬᠤᠪᠢᠰᠬᠠᠯᠲᠤ ᠤᠯᠠᠮᠵᠢᠯᠠᠯ ᠪᠠ ᠰᠤᠷᠭᠠᠨ ᠬᠥᠮᠦᠵᠢᠯ ᠤᠨ ᠬᠢᠴᠢᠶᠡᠯ ᠣᠷᠣᠵᠤ᠂ ᠡᠬᠡ | ᠣᠷᠣᠨᠴᠢ ᠦᠵᠡᠯ ᠢᠶᠠᠷ ᠭᠤᠤᠯᠯᠠᠭᠤᠯᠤᠭᠰᠠᠨ ᠦᠨᠳᠦᠰᠦᠲᠡᠨ ᠤ ᠵᠣᠷᠢᠭ ᠰᠠᠨᠠᠭ᠎ᠠ ᠶᠢ ᠪᠠᠳᠠᠷᠠᠭᠤᠯᠤᠨ᠂ ︽ᠳᠥᠷᠪᠡᠨ | ᠢᠲᠡᠭᠡᠯ︾ ᠢ ᠪᠠᠲᠤᠳᠬᠠᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠨᠢᠭᠲᠠᠷᠠᠯ ᠤᠨ | ᠬᠦᠴᠦᠨ ᠪᠠ ᠳᠠᠶᠢᠴᠢᠨ ᠬᠦᠴᠦᠨ ᠢ ᠴᠢᠩᠭᠠᠷᠠᠭᠤᠯᠵᠠᠶ᠃ ᠨᠠᠮ ᠤᠨ ᠭᠡᠰᠢᠭᠦᠨ ᠺᠠᠳ᠋ᠷᠴᠤᠳ᠂ ᠲᠣᠭᠤᠷᠢᠨ ᠦᠵᠡᠵᠦ | ᠰᠤᠷᠤᠯᠴᠠᠬᠤ ᠪᠠᠷ ᠳᠠᠮᠵᠢᠨ ᠬᠦᠰᠡᠯᠡᠩ ᠢᠲᠡᠭᠡᠯ ᠪᠢᠰᠢᠷᠡᠯ ᠢᠶᠠᠨ ᠤᠯᠠᠮ ᠴᠢᠨᠠᠭᠰᠢᠳᠠ ᠪᠠᠲᠤᠳᠬᠠᠵᠤ᠂ ᠬᠤᠶᠢᠰᠢᠳᠠ | ᠵᠣᠷᠢᠯᠲᠠ ᠶᠢᠨ ᠤᠬᠠᠮᠰᠠᠷ ᠢᠶᠠᠨ ᠲᠠᠰᠤᠷᠠᠯᠲᠠ ᠦᠭᠡᠢ ᠴᠢᠩᠭᠠᠳᠬᠠᠵᠤ᠂ ︽ᠤᠭ ᠰᠠᠨᠠᠭ᠎ᠠ ᠪᠠᠨ ᠦᠯᠦ ᠮᠠᠷᠲᠠᠵᠤ᠂ | ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ︾᠂ ᠠᠵᠢᠯ ᠶᠢᠨ ᠪᠠᠶᠢᠷᠢ ᠳᠠᠭᠠᠨ ᠰᠠᠭᠤᠷᠢᠯᠠᠵᠤ᠂ ᠵᠠᠮ ᠨᠡᠭᠡᠭᠡᠨ | ᠰᠢᠨ᠎ᠡ ᠶᠢ ᠡᠭᠦᠳᠴᠦ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠨᠠᠮ ᠪᠣᠯᠤᠨ ᠠᠷᠠᠳ ᠲᠦᠮᠡᠨ ᠳᠤ ᠦᠨᠡᠨ | ᠰᠡᠳᠬᠢᠯ ᠠᠴᠠ ᠪᠠᠨ ᠦᠶᠯᠡᠴᠢᠯᠡᠨ᠎ᠡ ᠭᠡᠵᠦ ᠵᠤᠷᠢᠭ ᠢᠶᠠᠨ ᠢᠯᠡᠳᠬᠡᠵᠡᠭᠡᠪᠡ᠃ |