ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠯᠢ ᠴᠦᠨ ᠶᠠᠨ ᠣᠷᠴᠢᠨ ᠠᠬᠤᠢ ᠶᠢᠨ ᠬᠠᠮᠠᠭᠠᠯᠠᠯᠲᠠ ᠪᠠ ᠠᠶᠤᠯᠭᠦᠶ ᠦᠶᠯᠡᠳᠪᠦᠷᠢᠯᠡᠯ ᠤᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2019-07-22
      7 ᠰᠠᠷ᠎ᠠ ᠶᠢᠨ 16 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ  ᠤ ᠰᠢᠶᠠᠨ ᠤ ᠳᠠᠷᠤᠭ᠎ᠠ ᠯᠢ ᠴᠦᠨ ᠶᠠᠨ ᠣᠷᠴᠢᠨ ᠠᠬᠤᠢ ᠶᠢᠨ ᠬᠠᠮᠠᠭᠠᠯᠠᠯᠲᠠ ᠪᠠ ᠠᠶᠤᠯᠭᠦᠶ ᠦᠶᠯᠡᠳᠪᠦᠷᠢᠯᠡᠯ ᠤᠨ ᠠᠵᠢᠯ ᠳᠤ ᠪᠠᠶᠢᠴᠠᠭᠠᠨ ᠰᠤᠳᠤᠯᠤᠯᠲᠠ ᠬᠢᠪᠡ᠃ ᠵᠠᠰᠠᠭ ᠤᠨ ᠣᠷᠳᠣᠨ ᠤ ᠰᠢᠶᠠᠨ ᠤ ᠳᠡᠳ᠋ ᠳᠠᠷᠤᠭ᠎ᠠ ᠯᠢ ᡁᠢ ᠴᠢᠶᠠᠩ᠂ ᠠᠵᠤ ᠦᠶᠯᠡᠳᠪᠦᠷᠢ ᠶᠢᠨ ᠬᠦᠷᠢᠶᠡᠯᠡᠩ ᠤᠨ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠰᠢᠶᠣᠤ ᠸᠧᠨ ᠸᠧᠶ᠂ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠠᠮᠢ ᠠᠬᠤᠢ ᠶᠢᠨ ᠣᠷᠴᠢᠨ ᠨᠥᠬᠦᠴᠡᠯ ᠤᠨ ᠲᠣᠪᠴᠢᠶ᠎ᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃      ᠯᠢ ᠴᠦᠨ ᠶᠠᠨ ᠨᠠᠷ ᠤᠷᠢᠳ ᠬᠤᠵᠢᠳ‌ᠮᠧᠩ ᠹᠧᠩ ᠲᠡᠮᠦᠷᠯᠢᠭ ᠪᠣᠯᠪᠠᠰᠤᠷᠠᠭᠤᠯᠬᠤ ᠺᠣᠮᠫᠠᠨᠢ᠂ ᠵᠦᠩ ᠮᠦ ᠠᠮᠢᠳᠤ ᠪᠣᠳᠠᠰ ᠤᠨ ᠡᠮ ᠤᠨ ᠦᠢᠯᠡᠰ ᠤᠨ ᠺᠣᠮᠫᠠᠨᠢ ᠵᠢᠴᠢ ᠳ᠋ᠠ ᠳᠠᠩ ᠴᠠᠬᠢᠯᠭᠠᠨ ᠵᠥᠭᠡᠭᠡᠪᠦᠷᠢ ᠶᠢᠨ ᠦᠨᠡᠰᠦᠨ ᠤᠲᠠᠰᠤᠨ ᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠳᠤ ᠪᠠᠶᠢᠴᠠᠭᠠᠨ ᠰᠤᠳᠤᠯᠤᠯᠲᠠ ᠬᠢᠵᠦ᠂ ᠠᠶᠤᠯᠭᠦᠶ ᠦᠶᠯᠡᠳᠪᠦᠷᠢᠯᠡᠯ᠂ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠠᠵᠢᠯ ᠢ ᠨᠠᠷᠢᠨ ᠣᠶᠢᠯᠭᠠᠭᠰᠠᠨ ᠪᠥᠭᠡᠳ ᠠᠮᠢ ᠠᠬᠤᠶ ᠣᠷᠴᠢᠨ ᠲᠣᠭᠤᠷᠢᠨ ᠤ ᠥᠨᠳᠥᠷ ᠲᠦᠪᠰᠢᠨ ᠪᠦᠬᠦᠢ ᠬᠠᠮᠠᠭᠠᠯᠠᠯᠲᠠ ᠪᠣᠯᠤᠨ ᠠᠵᠤ ᠠᠬᠤᠢ ᠶᠢᠨ ᠴᠢᠨᠠᠷ ᠰᠠᠶᠢᠲᠠᠶ ᠬᠥᠭᠵᠢᠯᠲᠡ ᠶᠢ ᠬᠡᠷᠬᠢᠨ ᠠᠬᠢᠭᠤᠯᠬᠤ ᠲᠤᠬᠠᠶ ᠪᠣᠳᠠᠲᠠᠶ ᠱᠠᠭᠠᠷᠳᠠᠯᠭ᠎ᠠ ᠳᠤᠷᠠᠳᠴᠠᠶ᠃      ᠯᠢ ᠴᠦᠨ ᠶᠠᠨ ᠱᠠᠭᠠᠷᠳᠠᠭᠰᠠᠨ ᠨᠢ᠂ ᠡᠯ᠎ᠡ ᠠᠵᠤ ᠠᠬᠤᠶᠢᠯᠠᠯ ᠠᠮᠤᠷ ᠲᠦᠪᠰᠢᠨ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠢᠳᠠᠪᠤᠷᠢᠵᠢᠭᠤᠯᠬᠤ᠂ ᠠᠵᠢᠯᠲᠠᠨ ᠠᠵᠢᠯᠴᠢᠨ ᠳᠤ ᠬᠠᠮᠢᠶ᠎ᠠ ᠪᠦᠬᠦᠢ ᠬᠥᠮᠦᠵᠢᠯ ᠪᠣᠯᠪᠠᠰᠤᠷᠠᠭᠤᠯᠤᠯ ᠤᠨ ᠠᠵᠢᠯ ᠢ ᠰᠠᠶᠢᠲᠤᠷ ᠬᠢᠬᠦ ᠬᠡᠷᠡᠭᠲᠡᠶ᠃ ᠠᠮᠤᠷ ᠲᠦᠪᠰᠢᠨ ᠤ ᠬᠠᠮᠢᠶᠠᠷᠤᠯᠲᠠ ᠶᠢᠨ ᠰᠢᠰᠲ᠋ᠧᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠠᠮᠤᠷ ᠲᠦᠪᠰᠢᠨ  ᠤ ᠳᠠᠯᠳᠠ ᠭᠡᠮ ᠢ ᠵᠢᠭᠰᠠᠭᠠᠨ ᠪᠠᠶᠢᠴᠠᠭᠠᠬᠤ ᠶᠢ ᠴᠢᠩᠭᠠᠷᠠᠭᠤᠯᠤᠨ᠂ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠵᠤ᠂ ᠪᠠᠴᠢᠮ ᠪᠠᠶᠢᠳᠠᠯ ᠢ ᠠᠷᠭᠠᠴᠠᠨ ᠰᠢᠶᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠶ᠃ ᠣᠷᠴᠢᠨ ᠲᠣᠭᠤᠷᠢᠨ ᠤ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ᠂ ᠬᠤᠯᠪᠣᠭᠠᠯᠠᠨ ᠬᠥᠳᠡᠯᠦᠯᠴᠡᠬᠦ ᠪᠠ ᠪᠠᠴᠢᠮ ᠪᠠᠶᠢᠳᠠᠯ ᠢ ᠠᠷᠭᠠᠴᠠᠨ ᠰᠢᠶᠳᠪᠦᠷᠢᠯᠡᠬᠦ ᠵᠡᠷᠭᠡ ᠠᠵᠢᠯ ᠢ ᠴᠢᠩᠭᠠᠳᠬᠠᠵᠤ᠂ ᠪᠣᠬᠢᠷᠲᠤᠯ ᠢ ᠰᠢᠶᠳᠪᠦᠷᠢᠯᠡᠬᠦ ᠪᠡᠯᠡᠳᠬᠡᠮᠵᠢ ᠶᠢᠨ ᠠᠵᠢᠯᠯᠠᠭᠠᠨ ᠤ ᠬᠠᠮᠢᠶᠠᠷᠤᠯᠲᠠ ᠶᠢ ᠰᠠᠶᠢᠲᠤᠷ ᠬᠢᠵᠦ᠂ ᠪᠠᠷᠢᠮᠵᠢᠶ᠎ᠠ ᠳᠤ ᠬᠦᠷᠦᠭᠦᠯᠦᠨ ᠭᠠᠳᠠᠭᠰᠢᠯᠠᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠂ ᠰᠢᠮᠳᠠᠭᠤᠯᠤᠨ ᠪᠠᠶᠢᠴᠠᠭᠠᠵᠤ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠷᠠᠭᠤᠯᠵᠤ᠂ ᠭᠤᠤᠯ ᠤᠳᠤᠷᠢᠳᠤᠯᠭ᠎ᠠ ᠪᠡᠶ᠎ᠡ ᠪᠠᠷ ᠢᠶᠠᠨ ᠠᠳᠬᠤᠨ᠂ ᠬᠠᠷᠢᠭᠤᠴᠠᠯᠭ᠎ᠠ ᠶᠢ ᠬᠠᠮᠲᠤ ᠳᠤᠨᠢ ᠠᠳᠬᠤᠵᠤ᠂ ᠠᠷᠭ᠎ᠠ ᠪᠠᠷᠢᠯ ᠤᠨ ᠰᠢᠨ᠎ᠡ ᠶᠢ ᠡᠭᠦᠳᠦᠨ ᠰᠢᠰᠲ᠋ᠧᠮ  ᠲᠠᠢ ᠠᠳᠬᠤᠵᠤ᠂ ᠠᠶᠤᠯ ᠥᠬᠡᠶ ᠦᠶᠯᠡᠳᠪᠦᠷᠢᠯᠡᠯ ᠪᠠ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠷᠢᠭᠤᠴᠠᠯᠭ᠎ᠠ  ᠶᠢ ᠠᠵᠢᠯ ᠤᠨ ᠪᠠᠶᠢᠷᠢ ᠨᠢᠭᠡᠪᠦᠷᠢ ᠳᠤ ᠱᠠᠲᠤ ᠱᠠᠲᠤ ᠪᠠᠷ ᠨᠠᠶᠢᠳᠠᠪᠤᠷᠢᠵᠢᠭᠤᠯᠤᠨ᠂ ᠠᠶᠤᠯ ᠥᠬᠡᠶ ᠦᠶᠯᠡᠳᠪᠦᠷᠢᠯᠡᠯ ᠪᠠ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠤᠨ ᠬᠢᠷᠢ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ ᠭᠡᠪᠡ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1