ᠲᠣᠭᠲᠠᠬᠤ ᠰᠢᠶᠠᠨ ᠤ ︽ᠠᠵᠢᠯᠲᠠᠨ ᠠᠵᠢᠯᠴᠢᠨ ᠤ ᠬᠤᠨᠳᠠᠭᠠᠲᠤ︾ ᠰᠠᠭᠰᠤᠨ ᠪᠥᠮᠪᠦᠭᠡ ᠶᠢᠨ ᠤᠷᠤᠯᠳᠤᠭᠠᠨ ᠠᠮᠵᠢᠯᠲᠠ ᠲᠠᠢ ᠥᠨᠳᠥᠷᠯᠡᠪᠡ
ᠨᠡᠶᠢᠲᠡᠯᠡᠭᠰᠡᠨ ᠴᠠᠭ᠄
2019-07-23
      ᠲᠣᠭᠲᠠᠬᠤ ᠰᠢᠶᠠᠨ ᠤ ᠠᠵᠢᠯᠴᠢᠨ ᠤ ᠶᠡᠷᠦᠩᠬᠡᠶ ᠡᠪᠯᠡᠯ ᠠᠴᠠ ᠡᠷᠬᠢᠯᠡᠭᠰᠡᠨ ︽ᠠᠵᠢᠯᠲᠠᠨ ᠠᠵᠢᠯᠴᠢᠨ ᠤ ᠬᠤᠨᠳᠠᠭᠠᠲᠤ︾ ᠰᠠᠭᠰᠤᠨ ᠪᠥᠮᠪᠦᠭᠡ ᠶᠢᠨ ᠤᠷᠤᠯᠳᠤᠭᠠᠨ ᠥᠴᠥᠭᠡᠳᠦᠷ ᠣᠷᠣᠢ ᠠᠮᠵᠢᠯᠲᠠ ᠲᠠᠢ ᠥᠨᠳᠥᠷᠯᠡᠪᠡ᠃ ᠲᠣᠰ ᠤᠳᠠᠭ᠎ᠠ ᠶᠢᠨ ᠤᠷᠤᠯᠳᠤᠭᠤᠨ ᠨᠢ ᠪᠠᠭ᠎ᠠ ᠤᠷᠤᠯᠳᠤᠭᠠᠨ ᠪᠠ ᠰᠢᠭᠰᠢᠬᠦ ᠤᠷᠤᠯᠳᠤᠭᠠᠨ ᠭᠡᠵᠦ ᠬᠤᠶᠠᠷ ᠱᠠᠲᠤ ᠬᠤᠪᠢᠶᠠᠨ 15 ᠡᠳᠦᠷ ᠶᠠᠪᠤᠭᠳᠠᠵᠤ᠂ ᠡᠯ᠎ᠡ ᠪᠠᠶᠢᠭᠤᠯᠤᠯᠭ᠎ᠠ᠂ ᠠᠵᠤ ᠠᠬᠤᠢᠯᠠᠯ ᠠᠵᠢᠯ ᠦᠢᠯᠡᠰ ᠤᠨ ᠨᠢᠭᠡᠴᠡ ᠶᠢᠨ 23 ᠲᠥᠯᠥᠭᠡᠯᠡᠭᠴᠢᠳ ᠤᠨ ᠠᠩᠭᠢ ᠨᠡᠶᠢᠲᠡ 200 ᠭᠠᠷᠤᠶ ᠲᠠᠮᠢᠷᠴᠢᠨ ᠤᠷᠤᠯᠴᠠᠵᠦ᠂ ᠬᠤᠷᠴᠠ ᠰᠢᠷᠦᠭᠦᠨ ᠥᠷᠢᠰᠥᠯᠳᠦᠭᠡᠨ ᠢᠶᠠᠷ ᠳᠠᠮᠵᠢᠨ᠂ ᠳᠠᠭᠠᠳᠬᠠᠯ ᠤᠨ ᠰᠢᠰᠲ᠋ᠧᠮ ᠤᠨ ᠲᠥᠯᠥᠭᠡᠯᠡᠭᠴᠢᠳ ᠤᠨ ᠠᠩᠭᠢ᠂ ᠵᠣᠴᠢᠯᠠᠬᠤ ᠭᠠᠵᠠᠷ ᠤᠨ ᠥᠷᠯᠥᠭᠡ ᠶᠢᠨ ᠪᠣᠯᠪᠠᠰᠤᠷᠠᠯ ᠤᠨ ᠲᠥᠯᠥᠭᠡᠯᠡᠭᠴᠢᠳ ᠤᠨ ᠠᠩᠭᠢ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠲᠥᠯᠥᠭᠡᠯᠡᠭᠴᠢᠳ ᠤᠨ ᠠᠩᠭᠢ ᠲᠣᠰᠪᠣᠷᠢ ᠡᠮᠦᠨ᠎ᠡ ᠭᠤᠷᠪᠠ ᠳᠤ ᠤᠷᠤᠵᠦ᠂ ᠡᠷᠡᠭᠦᠯ ᠬᠠᠮᠠᠭᠠᠯᠠᠯ ᠡᠷᠡᠭᠦᠯᠵᠢᠯ ᠤᠨ ᠰᠢᠰᠲ᠋ᠧᠮ ᠤᠨ ᠲᠥᠯᠥᠭᠡᠯᠡᠭᠴᠢᠳ ᠤᠨ ᠠᠩᠭᠢ᠂ ᠰᠢᠨ᠎ᠡ ᠶᠢᠩᠽᠢ ᠪᠠᠯᠭᠠᠰᠤᠨ ᠤ ᠲᠥᠯᠥᠭᠡᠯᠡᠭᠴᠢᠳ ᠤᠨ ᠠᠩᠭᠢ᠂ ᠦᠨᠳᠦᠰᠦᠲᠡᠨ ᠤ ᠳᠤᠮᠳᠠᠳᠤ ᠰᠤᠷᠭᠠᠭᠤᠯᠢ ᠶᠢᠨ ᠲᠥᠯᠥᠭᠡᠯᠡᠭᠴᠢᠳ ᠤᠨ ᠠᠩᠭᠢ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠲᠥᠯᠥᠭᠡᠯᠡᠭᠴᠢᠳ ᠤᠨ ᠠᠩᠭᠢ᠂ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠲᠥᠯᠥᠭᠡᠯᠡᠭᠴᠢᠳ ᠤᠨ ᠠᠩᠭᠢ ᠲᠣᠰᠪᠣᠷᠢ ᠳᠥᠷᠪᠡ ᠠᠴᠠ ᠨᠠᠶᠮᠠ ᠨᠡᠷᠡᠰ ᠤᠨ ᠢᠷᠠᠭᠤ ᠠᠯᠳᠠᠷ ᠢ ᠤᠯᠪᠠ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1