ᠲᠤᠭᠳᠠᠬᠤ ᠰᠢᠶᠠᠨ ᠥᠪᠡᠷᠲᠡᠭᠡᠨ ᠵᠠᠰᠠᠬᠤ ᠣᠷᠣᠨ ᠤ ᠡᠷᠡᠭᠦᠯ ᠮᠡᠨᠳᠦ ᠪᠠᠷ ᠰᠢᠶᠠᠨ ᠢᠶᠠᠨ ᠠᠬᠢᠭᠤᠯᠬᠤ ᠡᠭᠦᠳᠦᠨ ᠪᠠᠶᠢᠭᠤᠯᠬᠤ ᠶᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2019-07-23
      7 ᠰᠠᠷ᠎ᠠ ᠶᠢᠨ 16 ᠤ ᠡᠳᠦᠷ᠂ ᠲᠤᠭᠳᠠᠬᠤ ᠰᠢᠶᠠᠨ ᠥᠪᠡᠷᠲᠡᠭᠡᠨ ᠵᠠᠰᠠᠬᠤ ᠣᠷᠣᠨ ᠤ ᠡᠷᠡᠭᠦᠯ ᠮᠡᠨᠳᠦ ᠪᠠᠷ ᠰᠢᠶᠠᠨ ᠢᠶᠠᠨ ᠠᠬᠢᠭᠤᠯᠬᠤ ᠡᠭᠦᠳᠦᠨ ᠪᠠᠶᠢᠭᠤᠯᠬᠤ ᠶᠢ ᠠᠬᠢᠭᠤᠯᠬᠤ ᠬᠤᠷᠠᠯ ᠬᠤᠷᠠᠯᠳᠤᠭᠤᠯᠪᠠ᠃ ᠰᠢᠶᠠᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠲᠤᠭᠤᠶᠢᠯᠠᠩ ᠤᠨ ᠪᠦᠷᠢᠯᠳᠦᠬᠦᠨ ᠾᠧᠦ ᠰᠢᠶᠠᠩ ᠯᠦᠩ᠂ ᠥᠪᠡᠷᠲᠡᠭᠡᠨ ᠵᠠᠰᠠᠬᠤ ᠣᠷᠣᠨ ᠤ ᠡᠷᠡᠭᠦᠯ ᠮᠡᠨᠳᠦ ᠪᠠᠷ ᠰᠢᠶᠠᠨ ᠢᠶᠠᠨ ᠠᠬᠢᠭᠤᠯᠬᠤ ᠤᠳᠤᠷᠢᠳᠬᠤ ᠲᠤᠭᠤᠶᠢᠯᠠᠩ ᠤᠨ ᠪᠦᠷᠢᠯᠳᠦᠬᠦᠨ ᠨᠢᠭᠡᠴᠡ ᠵᠢᠴᠢ ᠬᠠᠮᠢᠶ᠎ᠠ ᠪᠦᠬᠦᠢ ᠠᠵᠤ ᠠᠬᠤᠢᠯᠠᠯ ᠤᠨ ᠬᠠᠷᠢᠭᠤᠴᠠᠯᠭᠠᠲᠠᠨ ᠡᠭᠦᠳᠦᠨ ᠪᠠᠶᠢᠭᠤᠯᠬᠤ ᠶᠢ ᠠᠬᠢᠭᠤᠯᠬᠤ ᠬᠤᠷᠠᠯ ᠳᠤ ᠣᠷᠣᠯᠴᠠᠪᠠ᠃ ᠬᠤᠷᠠᠯ ᠠᠴᠠ ︽ᠲᠣᠭᠲᠠᠬᠤ ᠰᠢᠶᠠᠨ ᠤ ᠡᠷᠡᠭᠦᠯ ᠮᠡᠨᠳᠦ ᠪᠠᠷ ᠰᠢᠶᠠᠨ ᠢᠶᠠᠨ ᠠᠬᠢᠭᠤᠯᠬᠤ ᠱᠠᠯᠠᠪᠳᠠᠭᠤᠯᠤᠨ ᠪᠠᠶᠢᠴᠠᠭᠠᠭᠰᠠᠨ ᠪᠠᠶᠢᠳᠠᠯ ᠤᠨ ᠲᠤᠬᠠᠶ ᠵᠠᠷᠯᠠᠯ︾᠂ ︽ᠲᠣᠭᠲᠠᠬᠤ ᠰᠢᠶᠠᠨ ᠤ ︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠮᠡᠨᠳᠦ ᠪᠠᠷ ᠰᠢᠶᠠᠨ ᠢᠶᠠᠨ ᠠᠬᠢᠭᠤᠯᠬᠤ ᠶᠢ ᠡᠭᠦᠳᠦᠨ ᠪᠠᠶᠢᠭᠤᠯᠬᠤ ᠬᠡᠷᠡᠭᠵᠢᠭᠦᠯᠬᠦ ᠲᠥᠰᠦᠯ﹀᠂ ︽ᠲᠣᠭᠲᠠᠬᠤ ᠰᠢᠶᠠᠨ ᠤ ᠡᠷᠡᠭᠦᠯ ᠮᠡᠨᠳᠦ ᠶᠢ ᠠᠬᠢᠭᠤᠯᠬᠤ ᠪᠠ ᠰᠤᠷᠭᠠᠨ ᠬᠥᠮᠦᠵᠢᠯ ᠤᠨ ᠬᠤᠶᠠᠷ ᠵᠢᠯ ᠤᠨ ᠪᠣᠭᠤᠮᠲᠠ ᠰᠢᠪᠲᠤᠯᠬᠤ ᠠᠵᠢᠯᠯᠠᠭ᠎ᠠ ᠶᠢᠨ ᠲᠤᠬᠠᠶ ᠬᠡᠷᠡᠭᠵᠢᠭᠦᠯᠬᠦ ᠲᠥᠰᠦᠯ︾ ᠢ ᠤᠩᠰᠢᠨ ᠨᠡᠢᠲᠡᠯᠡᠪᠡ᠃      ᠣᠶᠢᠯᠠᠭᠠᠭᠰᠠᠨ ᠢᠶᠠᠷ᠂ ᠲᠤᠭᠳᠠᠬᠤ ᠰᠢᠶᠠᠨ ᠥᠪᠡᠷᠲᠡᠭᠡᠨ ᠵᠠᠰᠠᠬᠤ ᠣᠷᠣᠨ ᠤ ᠡᠷᠡᠭᠦᠯ ᠮᠡᠨᠳᠦ ᠪᠠᠷ ᠰᠢᠶᠠᠨ ᠢᠶᠠᠨ ᠠᠬᠢᠭᠤᠯᠬᠤ ᠶᠢ ᠡᠭᠦᠳᠦᠨ ᠪᠠᠶᠢᠭᠤᠯᠬᠤ ᠠᠵᠢᠯ ᠨᠢ ᠠᠷᠠᠳ ᠲᠦᠮᠡᠨ ᠤ ᠡᠷᠡᠭᠦᠯ ᠮᠡᠨᠳᠦ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠪᠠᠷ ᠭᠤᠤᠯ ᠪᠣᠯᠭᠠᠵᠤ᠂ ᠡᠷᠡᠭᠦᠯ ᠮᠡᠨᠳᠦ ᠶᠢᠨ ᠬᠥᠮᠦᠵᠢᠯ ᠪᠣᠯᠤᠨ ᠡᠷᠡᠭᠦᠯ ᠮᠡᠨᠳᠦ ᠶᠢᠨ ᠠᠬᠢᠭᠤᠯᠤᠯ ᠢ ᠪᠥᠬᠦ ᠲᠠᠯ᠎ᠠ ᠪᠠᠷ ᠭᠦᠨᠵᠡᠭᠡᠶ ᠥᠷᠨᠢᠭᠦᠯᠵᠦ᠂ ︽ᠬᠥᠮᠦᠨ ᠪᠦᠬᠦᠨ ᠡᠷᠡᠭᠦᠯ ᠡᠩᠬᠡ ᠶᠢᠨ ᠲᠥᠯᠥᠭᠡ᠂ ᠡᠷᠡᠭᠦᠯ ᠡᠩᠬᠡ ᠶᠢ ᠪᠤᠢ ᠪᠦᠬᠦᠢ ᠲᠥᠷᠥ ᠶᠢᠨ ᠪᠣᠳᠣᠯᠭ᠎ᠠ ᠳᠤ ᠠᠭᠤᠰᠬᠠᠬᠤ︾ ᠠᠷᠭ᠎ᠠ ᠪᠣᠳᠣᠯᠭ᠎ᠠ ᠶᠢ ᠬᠡᠷᠡᠭᠵᠢᠭᠦᠯᠵᠦ ᠂ ᠡᠷᠡᠭᠦᠯ ᠡᠩᠬᠡ ᠶᠢ ᠲᠡᠷᠢᠭᠦᠨ ᠳᠤ ᠲᠠᠯᠪᠢᠬᠤ᠂ ᠡᠷᠡᠭᠦᠯ ᠡᠩᠬᠡ ᠶᠢᠨ ᠬᠥᠮᠦᠵᠢᠯ ᠢ ᠤᠷᠢᠳᠠᠪᠠᠷ ᠬᠢᠬᠦ ᠣᠨᠣᠯᠵᠢᠬᠤᠨ ᠢ ᠰᠠᠨᠠᠭᠠᠴᠢᠯᠠᠨ᠂ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠤᠬᠠᠮᠰᠠᠷ ᠪᠣᠯᠤᠨ ᠥᠪᠡᠷ ᠢ ᠪᠠᠨ ᠡᠷᠡᠭᠦᠯᠵᠢᠭᠦᠯᠬᠦ ᠴᠢᠳᠠᠪᠤᠷᠢ ᠶᠢ ᠨᠡᠮᠡᠭᠳᠡᠭᠦᠯᠵᠦ᠂ ᠰᠠᠭᠤᠭᠠᠯᠢ ᠠᠷᠠᠳ ᠤᠨ ᠡᠷᠡᠭᠦᠯ ᠡᠩᠬᠡ ᠶᠢᠨ ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠥᠪᠡᠷᠲᠡᠭᠡᠨ ᠵᠠᠰᠠᠬᠤ ᠣᠷᠣᠨ ᠤ ᠡᠷᠡᠭᠦᠯ ᠡᠩᠬᠡ ᠶᠢ ᠡᠭᠦᠳᠦᠨ ᠪᠠᠶᠢᠭᠤᠯᠬᠤ ᠰᠢᠶᠠᠨ ᠢ ᠠᠬᠢᠭᠤᠯᠬᠤ ᠪᠠᠷᠢᠮᠵᠢᠶ᠎ᠠ ᠳᠤ ᠬᠦᠷᠦᠭᠰᠡᠨ ᠪᠠᠶᠢᠨ᠎ᠠ᠃      ᠬᠤᠷᠠᠯ ᠠᠴᠠ ᠱᠠᠭᠠᠷᠳᠠᠭᠰᠠᠨ ᠨᠢ᠂ ᠡᠯ᠎ᠡ ᠪᠠᠯᠭᠠᠰᠤ᠂ ᠾᠧ ᠺᠸᠤ ᠬᠠᠮᠢᠶᠠᠷᠤᠯᠲᠠ ᠶᠢᠨ ᠵᠥᠪᠯᠡᠯ᠂ ᠡᠯ᠎ᠡ ᠰᠠᠯᠠᠭ᠎ᠠ ᠮᠥᠴᠢᠷ ᠤᠨ ᠬᠢᠨ ︽ᠪᠥᠬᠦ ᠲᠠᠯ᠎ᠠ ᠶᠢ ᠬᠠᠮᠤᠷᠬᠤ︾ ᠡᠨᠡ ᠬᠦ ᠵᠠᠩᠭᠢᠯᠠᠭ᠎ᠠ ᠶᠢᠨ ᠬᠠᠷᠠᠯᠲᠠ ᠶᠢ ᠳᠣᠪᠣᠶᠢᠯᠭᠠᠵᠤ᠂ ᠡᠷᠡᠭᠦᠯ ᠮᠡᠨᠳᠦ ᠶᠢ ᠠᠬᠢᠭᠤᠯᠬᠤ ᠲᠤᠷᠰᠢᠯᠲᠠ ᠶᠢᠨ ᠰᠢᠶᠠᠨ ᠤ ︽ᠣᠯᠠᠨ ᠲᠦᠮᠡᠨ ᠨᠢᠭᠡ ᠴᠥᠭᠡᠨ ᠪᠤᠰᠤ᠂ ᠲᠥᠷᠥᠯ ᠵᠦᠶᠯ ᠨᠢᠭᠡ ᠶᠢ ᠴᠦ ᠣᠷᠬᠢᠭᠳᠠᠭᠤᠯᠬᠤ ᠥᠬᠡᠶ︾ ᠱᠠᠭᠠᠷᠳᠠᠯᠭ᠎ᠠ ᠶᠣᠰᠣᠭᠠᠷ᠂ ᠦᠨᠳᠦᠰᠦᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠢ ᠰᠠᠶᠢᠲᠤᠷ ᠬᠢᠵᠦ᠂ ᠬᠦᠨᠳᠦ ᠶᠡᠭᠡ ᠡᠪᠡᠳᠴᠢᠨ ᠡᠮᠭᠡᠭ ᠢ ᠰᠡᠷᠭᠡᠶᠢᠯᠡᠨ ᠵᠠᠰᠠᠬᠤ ᠶᠢ ᠴᠢᠩᠭᠠᠳᠬᠠᠵᠤ᠂ ᠪᠥᠬᠦ ᠠᠷᠠᠳ ᠢ ᠬᠠᠮᠤᠷᠤᠭᠰᠠᠨ ᠡᠷᠡᠭᠦᠯ ᠮᠡᠨᠳᠦ ᠶᠢᠨ ᠬᠥᠮᠦᠵᠢᠯ ᠪᠠ ᠠᠬᠢᠭᠤᠯᠬᠤ ᠦᠶᠯᠡᠴᠢᠯᠡᠭᠡ ᠬᠠᠩᠭᠠᠵᠤ᠂ ᠣᠯᠠᠨ ᠳᠡᠰ ᠳᠠᠪᠬᠤᠷᠭ᠎ᠠ᠂ ᠣᠯᠠᠨ ᠡᠰᠢᠵᠢᠭᠰᠡᠨ ᠠᠵᠢᠯ ᠤᠨ ᠪᠠᠶᠢᠷᠢᠰᠢᠯ ᠢ ᠪᠠᠶᠢᠭᠤᠯᠤᠨ ᠪᠦᠷᠢᠨᠰᠢᠭᠦᠯᠵᠦ᠂ ᠡᠷᠡᠭᠦᠯ ᠮᠡᠨᠳᠦ ᠶᠢ ᠠᠬᠢᠭᠤᠯᠬᠤ ᠶᠠᠪᠤᠳᠠᠯ ᠢ ᠪᠥᠬᠦ ᠨᠡᠶᠢᠭᠡᠮ ᠤᠨ ᠬᠠᠮᠲᠤ ᠶᠢᠨ ᠲᠠᠨᠢᠯᠲᠠ ᠪᠠ ᠤᠬᠠᠮᠰᠠᠷᠲᠤ ᠠᠵᠢᠯᠯᠠᠭ᠎ᠠ ᠪᠣᠯᠭᠠᠵᠤ᠂ ᠡᠭᠦᠳᠦᠨ ᠪᠠᠶᠢᠭᠤᠯᠬᠤ ᠬᠠᠷᠠᠯᠲᠠ ᠶᠢ ᠤᠷᠤᠭᠰᠢᠲᠠᠶ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ ᠭᠡᠵᠡᠶ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1