ᠪᠦᠬᠦ ᠰᠢᠶᠠᠨ ᠤ ᠦᠶᠡᠷ ᠢ ᠰᠡᠷᠭᠡᠶᠢᠯᠡᠬᠦ ᠠᠵᠢᠯ ᠶᠢᠨ ᠲᠤᠬᠠᠶ ᠶᠢᠨ ᠲᠠᠯᠠᠪᠠᠢ ᠶᠢᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2019-07-24
      7 ᠰᠠᠷ᠎ᠠ ᠶᠢᠨ 22 ᠤᠨ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠯᠢ ᠴᠦᠨ ᠶᠠᠨ ᠾᠧ ᠺᠧᠤ ᠶᠢᠨ ᠬᠠᠮᠢᠶᠠᠷᠤᠯᠲᠠ ᠶᠢᠨ ᠵᠥᠪᠯᠡᠯ ᠳᠤ ᠦᠶᠡᠷ ᠢ ᠰᠡᠷᠭᠡᠶᠢᠯᠡᠬᠦ ᠠᠵᠢᠯ ᠤᠨ ᠲᠤᠬᠠᠶ ᠶᠢᠨ ᠲᠠᠯᠠᠪᠠᠢ ᠶᠢᠨ ᠲᠣᠬᠢᠷᠠᠭᠤᠯᠤᠯᠲᠠ ᠶᠢᠨ ᠬᠤᠷᠠᠯ ᠢ ᠡᠷᠬᠢᠯᠡᠨ ᠬᠤᠷᠠᠯᠳᠤᠭᠤᠯᠤᠭᠰᠠᠨ ᠪᠥᠭᠡᠳ ᠬᠠᠳᠤᠨ ᠭᠤᠤᠯ ᠤᠨ ᠬᠠᠰᠢᠯᠭ᠎ᠠ ᠳᠠᠯᠠᠩ ᠳᠤ ᠭᠦᠨᠵᠡᠭᠡᠶᠢᠷᠡᠨ ᠭᠤᠤᠯ ᠢ ᠴᠠᠭᠳᠠᠪᠠ᠃ ᠰᠢᠶᠠᠨ ᠤ ᠤᠳᠤᠷᠢᠳᠤᠯᠭ᠎ᠠ ᠲᠢᠶᠠᠨ ᠯᠢ ᠵᠢᠶᠦ᠋ᠨ᠂ ᠯᠢ ᡁᠢ ᠴᠢᠶᠠᠩ᠂ ᠠᠵᠤ ᠦᠶᠯᠡᠳᠪᠦᠷᠢ ᠶᠢᠨ ᠬᠦᠷᠢᠶᠡᠯᠡᠩ ᠤᠨ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠰᠢᠶᠣᠤ ᠸᠧᠨ ᠸᠧᠶ᠂ ᠡᠯ᠎ᠡ ᠪᠠᠯᠭᠠᠰᠤ᠂ ᠾᠧ ᠺᠸᠤ ᠶᠢᠨ ᠬᠠᠮᠢᠶᠠᠷᠤᠯᠲᠠ ᠶᠢᠨ ᠵᠥᠪᠯᠡᠯ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃      ᠬᠤᠷᠠᠯ ᠠᠴᠠ ︽ᠬᠦᠬᠡᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠦᠶᠡᠷ ᠢ ᠰᠡᠷᠭᠡᠶᠢᠯᠡᠬᠦ ᠠᠵᠢᠯ ᠢ ᠴᠢᠨᠠᠭᠰᠢᠳᠠ ᠰᠠᠶᠢᠲᠤᠷ ᠬᠢᠬᠦ ᠲᠤᠬᠠᠶ ᠪᠠᠴᠢᠮ ᠮᠡᠳᠡᠭᠳᠡᠯ︾᠂ ︽ᠲᠤᠭᠳᠠᠬᠤ ᠰᠢᠶᠠᠨ ᠤ ᠬᠠᠳᠤᠨ ᠭᠤᠤᠯ ᠤᠨ ᠦᠶᠡᠷ ᠢ ᠰᠡᠷᠭᠡᠶᠢᠯᠡᠵᠦ ᠠᠶᠤᠯ ᠠᠴᠠ ᠠᠪᠤᠷᠠᠬᠤ ᠬᠠᠮᠢᠶ᠎ᠠ ᠪᠦᠬᠦᠢ ᠠᠵᠢᠯ ᠢ ᠦᠨᠡᠨᠬᠦ ᠰᠠᠶᠢᠲᠤᠷ ᠬᠢᠬᠦ ᠲᠤᠬᠠᠶ ᠪᠠᠴᠢᠮ ᠮᠡᠳᠡᠭᠳᠡᠯ︾ ᠢ ᠤᠯᠠᠮᠵᠢᠯᠠᠪᠠ᠃ ᠬᠤᠷᠠᠯ ᠠᠴᠠ ᠪᠠᠰᠠ ᠦᠶᠡᠷ ᠢ ᠰᠡᠷᠭᠡᠶᠢᠯᠡᠬᠦ ᠡᠯ᠎ᠡ ᠪᠦᠷᠢᠯᠳᠦᠬᠦᠨ ᠨᠢᠭᠡᠴᠡ ᠶᠢᠨ ᠬᠠᠰᠢᠯᠭ᠎ᠠ ᠳᠠᠯᠠᠩ ᠪᠠᠷᠢᠬᠤ᠂ ᠬᠠᠳᠤᠨ ᠭᠤᠤᠯ ᠳᠠᠭᠠᠤ ᠴᠠᠭᠳᠠᠨ ᠪᠠᠶᠢᠴᠠᠭᠠᠬᠤ᠂ ᠪᠠᠴᠢᠮ ᠪᠠᠶᠢᠳᠠᠯ ᠢ ᠠᠷᠭᠠᠴᠠᠵᠤ ᠠᠶᠤᠯ ᠠᠴᠠ ᠠᠪᠤᠷᠠᠬᠤ ᠵᠡᠷᠭᠡ ᠬᠤᠯᠪᠣᠭᠳᠠᠯ ᠪᠦᠬᠦᠢ ᠠᠵᠢᠯ ᠳᠤ ᠪᠣᠳᠠᠲᠠᠶ ᠪᠠᠶᠢᠷᠢᠯᠠᠭᠤᠯᠤᠯᠲᠠ ᠬᠢᠵᠡᠶ᠃      ᠯᠢ ᠴᠦᠨ ᠶᠠᠨ ᠵᠢᠭᠠᠵᠤ ᠭᠠᠷᠭᠠᠭᠰᠠᠨ ᠨᠢ᠂ ᠬᠦᠴᠦᠷᠬᠡᠭ ᠶᠡᠭᠡ ᠬᠤᠷ᠎ᠠ ᠲᠤᠨᠤᠳᠠᠰᠤᠨ ᠨᠥᠯᠥᠭᠡ ᠠᠴᠠ ᠪᠣᠯᠵᠤ᠂ ᠰᠢᠨ᠎ᠡ ᠨᠢᠭᠡᠨ ᠡᠭᠡᠯᠵᠢ ᠶᠢᠨ ᠶᠡᠭᠡ ᠬᠡᠪᠴᠢᠶᠡᠨ ᠤ ᠬᠦᠴᠦᠷᠬᠡᠭ ᠶᠡᠭᠡ ᠬᠤᠷ᠎ᠠ ᠲᠤᠨᠤᠳᠠᠰᠤᠨ ᠤ ᠬᠤᠭᠤᠴᠠᠭ᠎ᠠ ᠪᠤᠯᠵᠦ ᠪᠠᠶᠢᠭ᠎ᠠ ᠤᠴᠢᠷ ᠠᠴᠠ ᠲᠤᠭᠳᠠᠬᠤ ᠰᠢᠶᠠᠨ ᠤ ᠦᠶᠡᠷ ᠢ ᠰᠡᠷᠭᠡᠶᠢᠯᠡᠵᠦ ᠭᠠᠮᠰᠢᠭ ᠲᠠᠢ ᠲᠡᠮᠡᠴᠡᠬᠦ ᠪᠠᠶᠢᠳᠠᠯ ᠲᠦᠢᠯ ᠤᠨ ᠬᠦᠨᠳᠦ ᠨᠣᠴᠢᠲᠠᠶ ᠪᠠᠶᠢᠨ᠎ᠠ᠃ ᠡᠯ᠎ᠡ ᠪᠠᠯᠭᠠᠰᠤ᠂ ᠾᠧ ᠺᠸᠤ ᠶᠢᠨ ᠬᠠᠮᠢᠶᠠᠷᠤᠯᠲᠠ ᠶᠢᠨ ᠵᠥᠪᠯᠡᠯ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠤᠯᠤᠰ ᠲᠥᠷᠦ ᠶᠢᠨ ᠬᠠᠷᠢᠭᠤᠴᠠᠯᠭ᠎ᠠ ᠪᠠᠨ ᠴᠢᠨᠠᠭᠰᠢᠳᠠ ᠳᠡᠭᠡᠭᠰᠢᠯᠡᠭᠦᠯᠵᠦ᠂ ᠮᠢᠨᠴᠦᠭᠦᠷᠡᠨ ᠲᠠᠶᠢᠪᠤᠰᠢᠷᠠᠬᠤ ᠪᠠ ᠠᠵᠠ ᠬᠠᠷᠠᠬᠤ ᠪᠣᠳᠣᠯ ᠢ ᠡᠷᠡᠰ ᠲᠡᠪᠴᠢᠵᠦ᠂ ᠬᠠᠳᠤᠨ ᠭᠤᠤᠯ ᠤᠨ ᠲᠠᠭᠠᠤ ᠨᠤᠲᠤᠭᠯᠠᠨ ᠰᠠᠭᠤᠬᠤ ᠣᠯᠠᠨ ᠲᠦᠮᠡᠨ ᠤ ᠠᠶᠤᠯ ᠲᠦᠭᠰᠢᠭᠦᠷᠢᠲᠦ ᠪᠠᠶᠢᠳᠠᠯ ᠢ  ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ᠂ ᠣᠯᠠᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ᠂ ᠶᠡᠷᠦᠩᠬᠡᠶᠢᠯᠡᠭᠰᠡᠨ ᠠᠷᠭ᠎ᠠ ᠪᠣᠳᠣᠯᠭ᠎ᠠ ᠶᠢ ᠬᠡᠷᠡᠭᠵᠢᠭᠦᠯᠵᠦ᠂ ᠦᠶᠡᠷ ᠢ ᠰᠡᠷᠭᠡᠶᠢᠯᠡᠬᠦ ᠠᠵᠢᠯ  ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠶ ᠭᠡᠪᠡ᠃      ᠯᠢ ᠴᠦᠨ ᠶᠠᠨ ᠴᠢᠬᠤᠯᠠᠴᠢᠯᠠᠭᠰᠠᠨ ᠨᠢ᠂ ᠪᠣᠷᠣᠭᠠᠨ ᠤ ᠪᠠᠶᠢᠳᠠᠯ᠂ ᠤᠰᠤᠨ ᠤ ᠪᠠᠶᠢᠳᠠᠯ᠂ ᠦᠶᠡᠷ ᠤᠨ ᠪᠠᠶᠢᠳᠠᠯ᠂ ᠭᠠᠮᠰᠢᠭ ᠤᠨ ᠪᠠᠶᠢᠳᠠᠯ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠴᠢᠩᠭᠠᠳᠬᠠᠵᠤ᠂ ᠪᠦᠬᠦᠨ ᠢ ᠬᠠᠮᠤᠷᠤᠭᠰᠠᠨ᠂ ᠲᠣᠤᠷ ᠲᠠᠲᠠᠬᠤ ᠮᠠᠶ᠋ᠢᠭ ᠤᠨ ᠳᠠᠯᠳᠠ ᠬᠡᠮ  ᠢ ᠵᠢᠭᠰᠠᠭᠠᠨ ᠪᠠᠶᠢᠴᠠᠭᠠᠬᠤ ᠶᠢ ᠭᠦᠨᠵᠡᠭᠡᠶ ᠥᠷᠨᠢᠭᠦᠯᠵᠦ᠂ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠬᠤ ᠬᠡᠷᠡᠭᠲᠡᠶ᠂ ᠥᠨᠴᠥᠭ ᠪᠤᠯᠤᠩ ᠦᠯᠡᠳᠡᠭᠡᠯ ᠥᠬᠡᠶ ᠦᠯᠡᠳᠡᠭᠡᠵᠦ᠂ ᠦᠶᠡᠷ ᠢ ᠰᠡᠷᠭᠡᠶᠢᠯᠡᠬᠦ ᠠᠵᠢᠯ ᠶᠢᠨ ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ ᠶᠢᠨ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠶ᠃ ᠤᠳᠤᠷᠢᠳᠤᠯᠭ᠎ᠠ ᠡᠭᠡᠯᠵᠢ ᠳᠠᠭᠠᠭᠤᠯᠬᠤ᠂ ᠬᠠᠰᠢᠯᠭ᠎ᠠ ᠳᠠᠯᠠᠩ ᠳᠠᠭᠠᠭᠠᠴᠢᠯᠠᠨ ᠲᠣᠭᠤᠷᠢᠨ ᠪᠠᠶᠢᠴᠠᠭᠠᠬᠤ ᠪᠠ 24 ᠴᠠᠭ ᠵᠢᠵᠢᠭᠦᠷᠯᠡᠨ ᠰᠠᠬᠢᠬᠤ ᠳᠦᠷᠢᠮ ᠢ ᠴᠢᠩᠭ᠎ᠠ ᠬᠡᠷᠡᠭᠵᠢᠭᠦᠯᠵᠦ᠂ ᠮᠡᠳᠡᠭᠡ ᠵᠠᠩᠭᠢ ᠶᠢ ᠰᠠᠭᠠᠳ ᠦᠭᠡᠢ ᠨᠡᠪᠲᠡᠷᠡᠭᠦᠯᠬᠦ᠂ ᠴᠠᠭ ᠲᠤᠬᠠᠶ ᠳᠤᠨᠢ ᠰᠢᠶᠳᠪᠦᠷᠢᠯᠡᠬᠦ ᠶᠢ ᠪᠡᠶᠡᠯᠡᠭᠦᠯᠵᠦ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠶ ᠭᠡᠵᠡᠢ᠃      ᠯᠢ ᠴᠦᠨ ᠶᠠᠨ ᠨᠠᠷ ᠪᠠᠰᠠ‌‍ᠪᠦ᠋ᠬᠦ ᠳᠠᠯᠠᠩ ᠤᠨ ᠬᠡᠰᠡᠭ ᠤᠨ ᠬᠠᠳᠤᠨ ᠭᠤᠤᠯ ᠤᠨ ᠮᠠ ᠳ᠋ᠢ ᠬᠤᠤ ᠶᠢᠨ ᠮᠤᠷᠤᠶᠢᠯᠲᠠ ᠶᠢᠨ ᠬᠡᠰᠡᠭ ᠲᠤ ᠬᠦᠷᠴᠦ᠂ ᠬᠠᠳᠤᠨ ᠭᠤᠤᠯ ᠤᠨ ᠤᠰᠤ ᠶᠢ ᠴᠠᠭᠳᠠᠬᠤ ᠠᠵᠢᠯ ᠢ ᠳᠠᠬᠢᠨ ᠪᠠᠶᠢᠷᠢᠯᠠᠭᠤᠯᠵᠤ᠂ ᠬᠠᠳᠤᠨ ᠭᠤᠤᠯ ᠤᠨ ᠭᠤᠤᠯ ᠴᠠᠭᠳᠠᠬᠤ ᠠᠵᠢᠯ ᠢ ᠥᠷᠨᠢᠭᠦᠯᠪᠡ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1