ᠲᠤᠭᠳᠠᠬᠤ ᠰᠢᠶᠠᠨ 2019 ᠣᠨ ᠤ ᠬᠤᠤᠷ ᠲᠠᠲᠠᠬᠤ ᠶᠢ ᠴᠠᠭᠠᠵᠠᠯᠠᠬᠤ ᠠᠵᠢᠯ ᠤᠨ ᠪᠠᠶᠢᠷᠢᠯᠠᠭᠤᠯᠤᠯᠲᠠ  ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2019-07-24
      7 ᠰᠠᠷ᠎ᠠ ᠶᠢᠨ 20 ᠤ ᠡᠳᠦᠷ᠂ ᠲᠤᠭᠳᠠᠬᠤ ᠰᠢᠶᠠᠨ ᠤ 2019 ᠣᠨ ᠤ ᠬᠤᠤᠷ ᠲᠠᠲᠠᠬᠤ ᠶᠢ ᠴᠠᠭᠠᠵᠠᠯᠠᠬᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠪᠠ᠃ ᠯᠢ ᠴᠦᠨ ᠶᠠᠨ᠂ ᠶᠦᠨ ᠷᠦᠢ ᠵᠢᠶᠦ᠋ᠨ ᠵᠡᠷᠭᠡ ᠰᠢᠶᠠᠨ ᠤ ᠬᠤᠯᠪᠣᠭᠳᠠᠯ ᠪᠦᠬᠦᠢ ᠤᠳᠤᠷᠢᠳᠤᠯᠭ᠎ᠠ᠂ ᠡᠯ᠎ᠡ ᠪᠠᠯᠭᠠᠰᠤ᠂ ᠾᠧ ᠺᠸᠤ ᠶᠢᠨ ᠬᠠᠮᠢᠶᠠᠷᠤᠯᠲᠠ ᠶᠢᠨ ᠵᠥᠪᠯᠡᠯ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ ᠵᠠᠰᠠᠭ ᠤᠨ ᠣᠷᠳᠣᠨ ᠤ ᠰᠢᠶᠠᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠱᠧᠨ ᠢ ᠬᠤᠷᠠᠯ ᠢ ᠡᠷᠭᠢᠯᠡᠪᠡ᠃      ᠬᠤᠷᠠᠯ ᠠᠴᠠ ᠬᠤᠤᠷ ᠲᠠᠲᠠᠬᠤ ᠶᠢ ᠴᠠᠭᠠᠵᠠᠯᠠᠬᠤ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠰᠣᠨᠣᠰᠴᠤ᠂ ᠲᠠᠷᠠᠭᠠᠴᠢ ᠶᠢᠨ ᠱᠠᠲᠤᠨ ᠤ ᠬᠤᠤᠷ ᠲᠠᠲᠠᠬᠤ ᠶᠢ ᠴᠠᠭᠠᠵᠠᠯᠠᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ ᠱᠠᠭᠠᠷᠳᠠᠭᠰᠠᠨ ᠨᠢ᠂ ᠡᠯ᠎ᠡ ᠪᠠᠯᠭᠠᠰᠤ᠂ ᠾᠧ ᠺᠸᠤ ᠬᠠᠮᠢᠶᠠᠷᠤᠯᠲᠠ ᠶᠢᠨ ᠵᠥᠪᠯᠡᠯ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠤᠯᠤᠰ ᠲᠥᠷᠥ ᠶᠢᠨ ᠬᠠᠷᠢᠭᠤᠴᠠᠯᠭ᠎ᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠦᠵᠡᠯ ᠰᠠᠨᠠᠭ᠎ᠠ ᠲᠠᠨᠢᠯᠲᠠ ᠪᠠᠨ ᠴᠢᠩᠭᠠᠳᠬᠠᠨ᠂ ᠨᠢᠭᠲᠠ ᠬᠠᠮᠵᠢᠯᠴᠠᠵᠤ᠂ ᠲᠤᠭᠳᠠᠬᠤ ᠰᠢᠶᠠᠨ ᠤ ᠲᠠᠷᠢᠯᠭ᠎ᠠ ᠲᠠᠷᠢᠬᠤ ᠶᠢ ᠴᠠᠭᠠᠵᠠᠯᠠᠵᠤ ᠬᠤᠤᠷᠲᠤ ᠡᠳ᠋ ᠢ ᠠᠷᠢᠯᠭᠠᠬᠤ ᠠᠵᠢᠯ ᠤᠨ ᠤᠷᠤᠭᠰᠢᠲᠠᠶ ᠶᠠᠪᠤᠭᠳᠠᠬᠤ ᠶᠢ ᠦᠨᠡᠨ ᠬᠦ ᠪᠠᠲᠤᠯᠠᠬᠤ ᠬᠡᠷᠡᠭᠲᠡᠶ︔ ᠴᠣᠬᠢᠯᠲᠠ ᠥᠭᠴᠦ ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠬᠤᠤᠷᠲᠤ ᠡᠳ᠋ ᠲᠤ ᠬᠤᠯᠪᠣᠭᠳᠠᠭᠰᠠᠨ ᠬᠠᠷ᠎ᠠ ᠪᠦᠯᠦᠭᠲᠡᠨ ᠬᠠᠷᠭᠢᠰ ᠬᠦᠴᠦᠨ ᠢ ᠭᠦᠨᠵᠡᠭᠡᠶ ᠠᠭᠤᠳᠠᠯᠤᠨ ᠴᠢᠩᠭ᠎ᠠ ᠰᠢᠶᠳᠬᠡᠵᠦ᠂ ᠬᠤᠤᠷᠲᠤ ᠡᠳ᠋ ᠢ ᠵᠢᠭᠰᠠᠭᠠᠨ ᠪᠠᠶᠢᠴᠠᠭᠠᠵᠤ ᠬᠠᠮᠢᠶᠠᠷᠤᠨ ᠡᠵᠡᠮᠳᠡᠬᠦ ᠶᠢ ᠴᠢᠩᠭᠠᠳᠬᠠᠬᠤ ᠬᠡᠷᠡᠭᠲᠡᠶ︔ ᠬᠤᠤᠷᠲᠤ ᠡᠳ᠋ ᠤᠨ ᠲᠤᠬᠠᠶ ᠤᠬᠠᠭᠤᠯᠭ᠎ᠠ ᠬᠥᠮᠦᠵᠢᠯ ᠢ ᠦᠨᠡᠨ ᠬᠦ ᠴᠢᠩᠭᠠᠳᠬᠠᠵᠤ᠂ ᠰᠢᠨ᠎ᠡ ᠵᠠᠭᠤᠴᠢᠯᠠᠭᠤᠷ᠂ ᠰᠢᠨ᠎ᠡ ᠲᠠᠪᠴᠠᠩ ᠢ ᠭᠦᠶᠴᠡᠳ ᠠᠰᠢᠭᠯᠠᠨ᠂ ᠡᠯ᠎ᠡ ᠰᠤᠷᠭᠠᠭᠤᠯᠢ᠂ ᠨᠡᠶᠢᠭᠡᠮ ᠲᠣᠭᠤᠷᠢᠭ᠂ ᠬᠥᠳᠡᠭᠡ ᠲᠣᠰᠬᠤᠨ ᠳᠤ ᠭᠦᠨᠵᠡᠭᠡᠶᠢᠷᠡᠨ ᠬᠤᠤᠷᠲᠤ ᠡᠳ᠋ ᠢ ᠤᠷᠢᠳᠴᠢᠯᠠᠨ ᠰᠡᠷᠭᠡᠶᠢᠯᠡᠬᠦ ᠤᠬᠠᠭᠤᠯᠭ᠎ᠠ ᠬᠥᠮᠦᠵᠢᠯ ᠢ ᠥᠷᠨᠢᠭᠦᠯᠵᠦ᠂ ᠬᠤᠤᠷᠲᠤ ᠡᠳ᠋ ᠤᠨ ᠲᠤᠬᠠᠶ ᠤᠷᠢᠳᠴᠢᠯᠠᠨ ᠰᠡᠷᠭᠡᠶᠢᠯᠡᠬᠦ ᠬᠥᠮᠦᠵᠢᠯ ᠤᠨ ᠨᠥᠯᠥᠭᠡᠯᠡᠬᠦ ᠬᠦᠴᠦᠨ ᠢ ᠳᠡᠭᠡᠭᠰᠢᠯᠡᠭᠦᠯᠦᠨ᠂ ᠪᠦᠬᠦ ᠠᠷᠠᠳ ᠤᠨ ᠬᠤᠤᠷ ᠢ ᠴᠠᠭᠠᠵᠠᠯᠠᠨ ᠬᠤᠤᠷᠲᠤ ᠡᠳ᠋ ᠢ ᠠᠷᠢᠯᠭᠠᠬᠤ ᠶᠢ ᠦᠨᠡᠨᠬᠦ ᠪᠠᠳᠤᠯᠠᠬᠤ ᠬᠡᠷᠡᠭᠲᠡᠶ ᠭᠡᠵᠡᠢ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1