ᠲᠤᠭᠳᠠᠬᠤ ᠰᠢᠶᠠᠨ ᠤ ᠬᠠᠳᠤᠨ ᠭᠤᠣᠯ ᠳᠠᠭᠠᠤ ᠶᠢᠨ ᠠᠮᠢ ᠠᠬᠤᠢ ᠶᠢᠨ ᠬᠤᠩᠭᠢᠯ ᠵᠠᠮ ᠤᠨ ᠪᠦᠲᠦᠭᠡᠨ | ᠪᠠᠶᠢᠭᠤᠯᠤᠯᠲᠠ ᠶᠢᠨ ᠢᠨᠵᠧᠨᠧᠷᠢᠩ ᠪᠣᠯ ᠲᠤᠭᠳᠠᠬᠤ ᠰᠢᠶᠠᠨ ᠤ 2019 ᠣᠨ ᠳᠤ ᠵᠣᠬᠢᠶᠠᠨ ᠪᠠᠶᠢᠭᠤᠯᠤᠨ | ᠬᠡᠷᠡᠭᠵᠢᠭᠦᠯᠦᠭᠰᠡᠨ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠪᠠᠶᠢᠵᠤ᠂ ᠶᠡᠷᠦᠩᠬᠡᠶ ᠪᠡᠯᠡ ᠣᠷᠣᠭᠤᠯᠤᠯᠲᠠ | ᠨᠢ 3.6 ᠳ᠋ᠦᠩᠰᠢᠭᠤᠷ ᠲᠥᠭᠦᠷᠢᠭ ᠪᠠᠶᠢᠵᠤ᠂ 7.4 ᠲᠦᠮᠡᠨ ᠮᠦ ᠲᠠᠯᠠᠪᠠᠢ ᠲᠠᠢ᠃ ᠲᠥᠷᠥᠯ ᠵᠦᠶᠯ ᠤᠨ ᠪᠦᠲᠦᠭᠡᠨ | ᠪᠠᠶᠢᠭᠤᠯᠤᠯᠲᠠ ᠶᠢᠨ ᠬᠤᠭᠤᠴᠠᠭ᠎ᠠ ᠨᠢ 2018 — 2022 ᠣᠨ ᠪᠣᠯᠤᠨ᠎ᠠ᠃ ᠪᠠᠷᠢᠯᠭ᠎ᠠ ᠶᠢᠨ ᠪᠦᠲᠦᠭᠡᠨ | ᠪᠠᠶᠢᠭᠤᠯᠤᠯᠲᠠ ᠨᠢ ᠭᠦ᠋ ᠴᠧᠩ ᠪᠠᠯᠭᠠᠰᠤ᠂ ᠲᠠᠪᠢᠨ ᠭᠡᠷ ᠪᠠᠯᠭᠠᠰᠤ᠂ ᠰᠢᠨ᠎ᠡ ᠶᠢᠩᠽᠢ ᠪᠠᠯᠭᠠᠰᠤ᠂ ᠱᠤᠸᠠᠩ ᠾᠧ | ᠪᠠᠯᠭᠠᠰᠤ ᠪᠣᠯᠤᠨ ᠾᠧ ᠺᠸᠦ ᠬᠠᠮᠢᠶᠠᠷᠤᠯᠲᠠ ᠶᠢᠨ ᠵᠥᠪᠯᠡᠯ ᠤᠨ ᠬᠠᠷᠢᠶ᠎ᠠ ᠣᠷᠣᠨ ᠳᠤ ᠨᠡᠶᠢᠲᠡ 36 ᠵᠠᠰᠠᠭ | ᠵᠠᠬᠢᠷᠭᠠᠨ ᠤ ᠲᠣᠰᠬᠤᠨ ᠳᠤ ᠬᠤᠯᠪᠣᠭᠳᠠᠨ᠎ᠠ᠃ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠨᠢ ᠣᠷᠣᠨ ᠪᠦᠰᠡ ᠶᠢᠨ | ᠠᠮᠢ ᠠᠬᠤᠢ ᠶᠢᠨ ᠣᠷᠴᠢᠨ ᠨᠥᠬᠦᠴᠡᠯ ᠢ ᠰᠠᠶᠢᠵᠢᠷᠠᠭᠤᠯᠵᠤ᠂ ᠬᠥᠷᠥᠰᠥ ᠰᠢᠷᠣᠶ ᠶᠢᠨ ᠢᠳᠡᠭᠳᠡᠯ ᠢ ᠪᠦᠲᠦᠮᠵᠢᠲᠡᠶ | ᠪᠠᠷ ᠪᠠᠭᠤᠷᠠᠭᠤᠯᠵᠤ᠂ ᠬᠠᠳᠤᠨ ᠭᠤᠤᠯ ᠢ ᠬᠠᠮᠠᠭᠠᠯᠠᠵᠤ ᠪᠣᠯᠬᠤ ᠶᠤᠮ᠃ ᠡᠭᠦᠨ ᠤ ᠳᠤ ᠬᠠᠮᠲᠤ ᠬᠥᠳᠡᠭᠡ ᠲᠣᠰᠬᠤᠨ | ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠠᠬᠢᠭᠤᠯᠵᠤ᠂ ᠣᠢ ᠰᠢᠭᠤᠶ ᠵᠢᠮᠢᠰ ᠤᠨ ᠲᠠᠷᠢᠮᠠᠯ ᠢ | ᠬᠥᠭᠵᠢᠭᠦᠯᠬᠦ ᠪᠠᠷ ᠳᠠᠮᠵᠢᠨ᠂ ᠬᠥᠳᠡᠭᠡ ᠲᠣᠰᠬᠤᠨ ᠤ ᠠᠵᠤ ᠦᠢᠯᠡᠰ ᠤᠨ ᠪᠦᠲᠦᠴᠡ ᠳᠤ ᠲᠣᠬᠢᠷᠠᠭᠤᠯᠤᠯᠲᠠ ᠬᠢᠵᠦ᠂ | ᠠᠵᠤ ᠦᠢᠯᠡᠰ ᠤᠨ ᠬᠥᠭᠵᠢᠯ ᠮᠠᠨᠳᠤᠯ ᠢ ᠠᠬᠢᠭᠤᠯᠵᠤ᠂ ᠲᠤᠬᠠᠶ ᠶᠢᠨ ᠭᠠᠵᠠᠷ ᠤᠨ ᠣᠯᠠᠨ ᠲᠦᠮᠡᠨ ᠢ ᠳᠠᠶᠢᠴᠢᠯᠠᠨ | ᠣᠷᠣᠯᠭ᠎ᠠ ᠶᠢ ᠨᠢ ᠨᠡᠮᠡᠭᠳᠡᠭᠦᠯᠵᠦ᠂ ᠡᠴᠦᠰ ᠲᠡᠭᠡᠨ ᠠᠮᠢ ᠠᠬᠤᠢ ᠶᠢᠨ ᠦᠷ᠎ᠡ ᠠᠰᠢᠭ ᠪᠣᠯᠤᠨ ᠠᠵᠤ ᠠᠬᠤᠢ ᠶᠢᠨ | ᠦᠷ᠎ᠡ ᠠᠰᠢᠭ ᠤᠨ ᠬᠤᠤᠰ ᠠᠮᠵᠢᠯᠲᠠ ᠶᠢ ᠪᠡᠶᠡᠯᠡᠭᠦᠯᠵᠦ ᠪᠣᠯᠤᠨ᠎ᠠ᠃ | ᠣᠳᠣᠬᠠᠨ ᠪᠣᠯᠲᠠᠯ᠎ᠠ᠂ ᠬᠥᠮᠦᠨ ᠤ ᠬᠦᠴᠦ ᠪᠠᠷ ᠣᠶᠢᠵᠢᠭᠤᠯᠬᠤ ᠢᠨᠵᠧᠨᠧᠷᠢᠩ 3.1 ᠲᠦᠮᠡᠨ ᠮᠦ ᠶᠢᠨ | ᠡᠭᠦᠷᠭᠡ ᠶᠢ ᠦᠨᠳᠦᠰᠦᠨ ᠳᠡᠭᠡᠨ ᠪᠡᠶᠡᠯᠡᠭᠦᠯᠵᠦ᠂ ᠮᠠᠭᠤᠳᠠᠭᠰᠠᠨ ᠣᠢ ᠰᠢᠭᠤᠶ ᠶᠢ ᠰᠡᠷᠭᠦᠭᠡᠬᠦ ᠠᠵᠢᠯ ᠢ 2 ᠲᠦᠮᠡᠨ | ᠮᠦ ᠶᠢ ᠪᠡᠶᠡᠯᠡᠭᠦᠯᠵᠦ᠂ ᠪᠤᠶᠢᠵᠢᠭᠤᠯᠤᠯᠳᠠ ᠶᠢᠨ ᠣᠢ ᠰᠢᠭᠤᠶ ᠶᠢᠨ ᠨᠢᠭᠡ ᠲᠦᠮᠡᠨ ᠮᠦ ᠶᠢ ᠪᠡᠶᠡᠯᠡᠭᠦᠯᠪᠡ᠃ |