ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠤᠨ ᠬᠤᠷᠠᠯᠳᠤᠭᠠᠨ ᠬᠤᠷᠠᠯᠳᠤᠪᠠ
ᠨᠡᠶᠢᠲᠡᠯᠡᠭᠰᠡᠨ ᠴᠠᠭ᠄
2019-07-04
      7 ᠰᠠᠷ᠎ᠠ ᠶᠢᠨ 3 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠯᠢ ᠴᠦᠨ ᠶᠠᠨ ᠦᠶᠡᠷ ᠢ ᠰᠡᠷᠭᠡᠶᠢᠯᠡᠵᠦ ᠭᠠᠩ ᠲᠠᠢ ᠲᠡᠮᠡᠴᠡᠬᠦ ᠠᠵᠢᠯ ᠤᠨ ᠬᠤᠷᠠᠯᠳᠤᠭᠠᠨ ᠢ ᠡᠷᠬᠢᠯᠡᠨ ᠬᠤᠷᠠᠯᠳᠤᠭᠤᠯᠪᠠ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ  ᠤ ᠳᠡᠳ᠋ ᠳᠠᠷᠤᠭ᠎ᠠ ᠲᠢᠶᠠᠨ ᠯᠢ ᠵᠢᠶᠦ᠋ᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠯᠢᠦ ᡁᠢ ᠴᠢᠶᠠᠩ᠂ ᠰᠢᠶᠠᠨ ᠤ ᠦᠶᠡᠷ ᠢ ᠰᠡᠷᠭᠡᠶᠢᠯᠡᠬᠦ ᠵᠢᠯᠣᠭᠤᠳᠬᠤ ᠭᠠᠵᠠᠷ ᠤᠨ ᠬᠠᠷᠢᠭᠤᠴᠠᠯᠭᠠᠲᠠᠨ ᠵᠢᠴᠢ ᠦᠶᠡᠷ ᠢ ᠰᠡᠷᠭᠡᠶᠢᠯᠡᠬᠦ ᠡᠭᠦᠷᠭᠡ ᠶᠢ ᠡᠭᠦᠷᠭᠡᠯᠡᠵᠦ ᠪᠠᠶᠢᠭ᠎ᠠ ᠬᠤᠯᠪᠣᠭᠳᠠᠯ ᠪᠦᠬᠦᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃      ᠬᠤᠷᠠᠯ ᠡᠴᠠ‌ᠤᠶᠢᠷ᠎ᠠ ᠶᠢᠨ ᠬᠤᠭᠤᠴᠠᠭᠠᠨ ᠤ ᠴᠠᠭ ᠠᠭᠤᠷ ᠤᠨ ᠪᠠᠶᠢᠳᠠᠯ ᠪᠣᠯᠤᠨ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠢ ᠥᠷᠨᠢᠭᠦᠯᠦᠭᠰᠡᠨ ᠪᠠᠶᠢᠳᠠᠯ ᠢ ᠮᠡᠳᠡᠭᠳᠡᠭᠰᠡᠨ ᠪᠥᠭᠡᠳ ᠲᠠᠷᠠᠭᠠᠴᠢ ᠶᠢᠨ ᠠᠯᠬᠤᠮ ᠤᠨ ᠠᠵᠢᠯ ᠳᠤ ᠪᠠᠶᠢᠷᠢᠯᠠᠭᠤᠯᠤᠯᠲᠠ ᠬᠢᠵᠡᠶ᠃ ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠪᠠᠯᠭᠠᠰᠤ᠂ ᠾᠧ ᠺᠸᠤ ᠬᠠᠮᠢᠶᠠᠷᠤᠯᠲᠠ ᠶᠢᠨ ᠵᠥᠪᠯᠡᠯ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠶᠳᠪᠦᠷᠢᠲᠦ ᠪᠣᠳᠣᠯᠭ᠎ᠠ  ᠶᠢᠨ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠡᠨᠡ ᠵᠢᠯ ᠤᠨ ᠦᠶᠡᠷ ᠢ ᠰᠡᠷᠭᠡᠶᠢᠯᠡᠵᠦ ᠭᠠᠩ ᠲᠠᠢ ᠲᠡᠮᠡᠴᠡᠬᠦ ᠠᠵᠢᠯ  ᠤᠨ ᠬᠦᠨᠳᠦ ᠬᠡᠴᠡᠭᠦᠦ ᠪᠠᠶᠢᠳᠠᠯ ᠪᠠ ᠴᠢᠬᠤᠯᠠ ᠴᠢᠨᠠᠷ ᠢ ᠭᠦᠢᠴᠡᠳ ᠲᠠᠨᠢᠵᠤ᠂ ᠠᠷᠭ᠎ᠠ ᠰᠦᠪᠡᠭᠴᠢᠯᠡᠨ᠂ ᠦᠶᠡᠷ ᠢ ᠰᠡᠷᠭᠡᠶᠢᠯᠡᠵᠦ ᠭᠠᠩ ᠲᠠᠢ ᠲᠡᠮᠡᠴᠡᠬᠦ ᠡᠯ᠎ᠡ ᠵᠦᠶᠯ ᠤᠨ ᠠᠵᠢᠯ ᠢ ᠨᠠᠩ ᠪᠦᠷᠢᠨ ᠭᠦᠶᠴᠡᠳ ᠪᠠᠶᠢᠷᠢᠯᠠᠭᠤᠯᠤᠨ ᠪᠠᠶᠢᠷᠢᠯᠠᠭᠤᠯᠵᠤ᠂ ᠪᠡᠯᠡᠳᠬᠡᠯ ᠲᠠᠢ᠂ ᠪᠠᠢᠷᠢᠯᠠᠭᠤᠯᠤᠯᠲᠠ ᠲᠠᠢ᠂ ᠪᠠᠶᠢᠴᠠᠭᠠᠯᠲᠠ ᠲᠠᠢ ᠪᠠᠶᠢᠬᠤ ᠶᠢ ᠪᠡᠶᠡᠯᠡᠭᠦᠯᠵᠦ᠂ ᠡᠭᠦᠷᠭᠡ ᠶᠢ ᠨᠠᠶᠢᠳᠠᠪᠤᠷᠢᠵᠢᠭᠤᠯᠬᠤ᠂ ᠪᠡᠯᠡᠳᠬᠡᠯ ᠲᠥᠰᠦᠯ ᠢ ᠨᠠᠶᠢᠳᠠᠪᠤᠷᠢᠵᠢᠭᠤᠯᠬᠤ᠂ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠵᠤ᠂ ᠦᠶᠡᠷ ᠢ ᠰᠡᠷᠭᠡᠶᠢᠯᠡᠵᠦ ᠭᠠᠩ ᠲᠠᠢ ᠲᠡᠮᠡᠴᠡᠬᠦ ᠪᠠᠴᠢᠮ ᠪᠠᠶᠢᠳᠠᠯ ᠢ ᠠᠷᠭᠠᠴᠠᠨ ᠰᠢᠶᠳᠪᠦᠷᠢᠯᠡᠬᠦ ᠴᠢᠳᠠᠪᠤᠷᠢ ᠪᠠᠨ ᠦᠨᠡᠨᠬᠦ ᠳᠡᠭᠡᠭᠰᠢᠯᠡᠭᠦᠯᠵᠦ᠂ ᠦᠶᠡᠷ ᠢ ᠰᠡᠷᠭᠡᠶᠢᠯᠡᠵᠦ ᠭᠠᠩ ᠲᠠᠢ ᠲᠡᠮᠡᠴᠡᠬᠦ ᠠᠵᠢᠯ ᠤᠨ ᠯᠠᠪᠳᠠᠭᠤᠨ ᠪᠠᠲᠤᠲᠠᠶ ᠡᠵᠡᠮᠳᠡᠬᠦ ᠬᠡᠷᠡᠭᠲᠡᠶ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ  ᠪᠠᠨ ᠤᠯᠠᠮ ᠨᠢᠭᠡ ᠠᠯᠬᠤᠮ ᠴᠢᠩᠭᠠᠳᠬᠠᠨ᠂ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠨ ᠲᠣᠳᠣᠷᠬᠠᠶᠢᠯᠠᠵᠤ᠂ ᠪᠠᠴᠢᠮ ᠪᠠᠶᠢᠳᠠᠯ ᠢ ᠠᠷᠭᠠᠴᠠᠬᠤ ᠲᠥᠰᠦᠯ ᠢᠶᠠᠨ ᠨᠠᠷᠢᠯᠢᠭᠵᠢᠭᠤᠯᠤᠨ᠂ ᠡᠯ᠎ᠡ ᠵᠦᠶᠯ ᠤᠨ ᠠᠵᠢᠯ  ᠤᠨ ᠨᠠᠶᠢᠳᠠᠪᠤᠷᠢᠵᠢᠭᠤᠯᠤᠯᠲᠠ ᠶᠢ ᠬᠢᠨᠠᠮᠠᠭᠠᠶ ᠰᠠᠶᠢᠲᠤᠷ ᠠᠳᠬᠤᠵᠤ᠂ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠡᠯ᠎ᠡ ᠵᠦᠶᠯ ᠤᠨ ᠠᠵᠢᠯ ᠤᠨ ᠡᠭᠦᠷᠭᠡ ᠶᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠶ ᠭᠡᠪᠡ᠃      ᠬᠤᠷᠠᠯ ᠠᠴᠠ᠂ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠡᠳ᠋ ᠪᠣᠳᠠᠰ ᠢ ᠨᠥᠭᠡᠴᠡᠯᠡᠬᠦ᠂ ᠭᠤᠤᠯ ᠮᠥᠷᠡᠨ ᠨᠠᠭᠤᠷ ᠴᠥᠭᠦᠷᠥᠮ ᠢ ᠲᠣᠭᠤᠷᠢᠨ ᠪᠠᠢᠴᠠᠭᠠᠬᠤ᠂ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠬᠢᠬᠦ᠂ ᠬᠢᠨᠠᠨ ᠬᠡᠮᠵᠢᠵᠦ ᠤᠷᠢᠳᠴᠢᠯᠠᠨ ᠮᠡᠳᠡᠭᠦᠯᠵᠦ ᠤᠷᠢᠳᠴᠢᠯᠠᠨ ᠰᠡᠷᠡᠮᠵᠢᠯᠡᠭᠦᠯᠬᠦ ᠪᠠ ᠦᠶᠡᠷ ᠢ ᠰᠡᠷᠭᠡᠶᠢᠯᠡᠵᠦ ᠠᠶᠤᠯ  ᠠᠴᠠ ᠠᠪᠤᠷᠠᠬᠤ ᠮᠡᠷᠭᠡᠵᠢᠯ ᠤᠨ ᠲᠤᠯᠭᠠᠭᠤᠷᠢᠯᠠᠯ ᠵᠡᠷᠭᠡ ᠭᠤᠤᠯᠳᠠᠯᠭ᠎ᠠ ᠲᠠᠢ ᠠᠵᠢᠯ ᠢ ᠴᠢᠩᠭᠠᠳᠬᠠᠵᠤ᠂ ᠲᠤᠰᠬᠠᠶ ᠮᠡᠷᠭᠡᠵᠢᠯ ᠤᠨ ᠳᠠᠪᠠᠭᠤᠯᠢᠭ ᠢᠶᠠᠨ ᠦᠨᠡᠨᠬᠦ ᠪᠠᠳᠠᠷᠠᠭᠤᠯᠵᠤ᠂ ᠵᠠᠰᠠᠭ ᠵᠠᠬᠢᠷᠭᠠᠨ ᠤ ᠳᠠᠷᠤᠭ᠎ᠠ ᠶᠢᠨ ᠬᠠᠷᠢᠭᠤᠴᠠᠯᠭ᠎ᠠ  ᠶᠢᠨ ᠳᠦᠷᠢᠮ ᠢ ᠦᠷᠭᠦᠯᠵᠢᠯᠡᠨ ᠨᠠᠢᠳᠠᠪᠤᠷᠢᠵᠢᠭᠤᠯᠬᠤ᠂ ᠪᠠᠯᠭᠠᠰᠤ ᠶᠢ ᠳᠠᠭᠠᠭᠠᠴᠢᠯᠠᠬᠤ᠂ ᠳᠠᠯᠠᠩ ᠬᠠᠰᠢᠯᠭ᠎ᠠ ᠶᠢ ᠳᠠᠭᠠᠭᠠᠴᠢᠯᠠᠬᠤ ᠠᠵᠢᠯ ᠶᠢᠨ ᠬᠠᠷᠢᠭᠤᠴᠠᠯᠭ᠎ᠠ ᠶᠢᠨ ᠳᠦᠷᠢᠮ ᠪᠣᠯᠤᠨ ᠦᠶᠡᠷ ᠤᠨ ᠬᠤᠭᠤᠴᠠᠭᠠᠨ ᠤ 24 ᠴᠠᠭ ᠢᠶᠠᠷ ᠵᠢᠵᠢᠭᠦᠷᠯᠡᠬᠦ ᠳᠦᠷᠢᠮ ᠢ ᠴᠢᠨᠠᠭᠰᠢᠳᠠ ᠴᠢᠩᠭᠠᠳᠬᠠᠵᠤ᠂ ᠰᠠᠯᠠᠭ᠎ᠠ ᠮᠥᠴᠢᠷ ᠤᠨ ᠬᠤᠯᠪᠣᠭᠠᠯᠠᠨ ᠬᠥᠳᠡᠯᠦᠯᠴᠡᠬᠦ ᠶᠢ ᠴᠢᠨᠠᠭᠰᠢᠳᠠ ᠴᠢᠩᠭᠠᠳᠬᠠᠵᠤ᠂ ᠬᠠᠷᠢᠯᠴᠠᠨ ᠵᠣᠬᠢᠴᠠᠭᠤᠯᠤᠨ ᠬᠠᠮᠵᠢᠯᠴᠠᠬᠤ ᠪᠠᠨ ᠴᠢᠩᠭᠠᠳᠬᠠᠵᠤ᠂ ᠰᠠᠨᠠᠭᠠᠴᠢᠯᠠᠭ᠎ᠠ  ᠠᠴᠠ ᠪᠠᠨ ᠠᠵᠢᠯᠯᠠᠵᠤ᠂ ᠰᠠᠨᠠᠭᠠᠴᠢᠯᠠᠭ᠎ᠠ ᠠᠴᠠ ᠪᠠᠨ ᠣᠷᠣᠨ ᠪᠠᠶᠢᠷᠢ ᠪᠠᠨ ᠨᠥᠬᠦᠪᠥᠷᠢᠯᠡᠵᠦ᠂ ᠦᠶᠡᠷ ᠢ ᠰᠡᠷᠭᠡᠶᠢᠯᠡᠬᠦ ᠬᠠᠷᠢᠭᠤᠴᠠᠯᠭ᠎ᠠ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1