ᠤᠶᠢᠷ᠎ᠠ ᠳᠤ᠂ ᠤᠯᠤᠰ ᠤᠨ ᠤᠰᠤᠨ ᠠᠰᠢᠭᠯᠠᠯᠲᠠ ᠶᠢᠨ ᠶᠠᠮᠤᠨ ᠤ ᠣᠨᠴᠠ ᠲᠤᠮᠢᠯᠠᠭᠰᠠᠨ ᠪᠠᠶᠢᠴᠠᠭᠠᠭᠴᠢ | ᠵᠠᠩ ᠰᠢᠶᠣᠤ ᠲᠢᠩ ᠤᠨ ᠳᠠᠭᠠᠭᠤᠯᠤᠭᠰᠠᠨ ᠪᠠᠶᠢᠴᠠᠭᠠᠬᠤ ᠲᠤᠭᠤᠶᠢᠯᠠᠩ ᠲᠤᠭᠳᠠᠬᠤ ᠰᠢᠶᠠᠨ ᠳᠤ ᠢᠷᠡᠵᠦ᠂ | ᠳ᠋ᠠᠾᠧᠢ ᠾᠧ ᠭᠤᠤᠯ ᠤᠨ ᠭᠤᠯᠳᠤᠷᠢᠯ ᠢ ᠵᠠᠰᠠᠬᠤ ᠢᠨᠵᠧᠨᠧᠷᠢᠩ ᠲᠤ ᠲᠤᠰᠬᠠᠶ ᠪᠠᠶᠢᠴᠠᠭᠠᠯᠳᠠᠬᠢᠵᠡᠶ᠃ ᠰᠢᠶᠠᠨ ᠤ | ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠯᠢ ᠴᠦᠨ ᠶᠠᠨ᠂ ᠵᠠᠰᠠᠭ ᠤᠨ | ᠣᠷᠳᠣᠨ ᠤ ᠰᠢᠶᠠᠨ ᠤ ᠳᠡᠳ᠋ ᠳᠠᠷᠤᠭ᠎ᠠ ᠯᠢᠦ ᡁᠢ ᠴᠢᠶᠠᠩ ᠪᠠᠷ᠎ᠠ ᠪᠤᠯᠵᠦ ᠪᠠᠶᠢᠴᠠᠭᠠᠯᠳᠠ ᠳᠤ ᠤᠷᠤᠯᠴᠠᠪᠠ᠃ | ᠣᠶᠢᠯᠠᠭᠠᠭᠰᠠᠨ ᠢᠶᠠᠷ᠂ ᠲᠣᠰ ᠤᠳᠠᠭᠠᠨ ᠤ ᠪᠠᠶᠢᠴᠠᠭᠠᠯᠲᠠ ᠶᠢᠨ ᠭᠤᠤᠯ ᠠᠭᠤᠯᠭ᠎ᠠ ᠪᠣᠯ ᠲᠣᠭᠲᠠᠬᠤ ᠰᠢᠶᠠᠨ | ᠤ ᠳ᠋ᠠᠾᠧᠢ ᠾᠧ ᠭᠤᠤᠯ ᠤᠨ ᠬᠡᠰᠡᠭ ᠢ ᠵᠠᠰᠠᠬᠤ ᠢᠨᠵᠧᠨᠧᠷᠢᠩ ᠤᠨ ᠲᠦᠷᠦᠯ ᠵᠦᠢᠯ ᠢ ᠵᠢᠷᠤᠵᠤ ᠲᠥᠯᠥᠪᠯᠡᠬᠦ᠂ | ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ᠂ ᠪᠠᠯᠠ ᠮᠥᠩᠭᠦ ᠶᠢᠨ ᠬᠡᠷᠡᠭᠯᠡᠯᠲᠡ ᠪᠠ ᠬᠠᠮᠢᠶᠠᠷᠤᠯᠲᠠ ᠵᠢᠴᠢ ᠲᠦᠷᠦᠯ | ᠵᠦᠢᠯ ᠤᠨ ᠶᠠᠰᠤ ᠴᠢᠨᠠᠷ ᠵᠡᠷᠭᠡ ᠳᠤ ᠪᠥᠬᠦ ᠲᠠᠯ᠎ᠠ ᠪᠠᠷ ᠨᠠᠷᠢᠨ ᠨᠢᠮᠪᠠᠶ ᠮᠥᠷᠳᠡᠨ ᠪᠠᠶᠢᠴᠠᠭᠠᠯᠲᠠ ᠬᠢᠵᠦ᠂ | ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠬᠤᠯᠪᠣᠭᠳᠠᠯ ᠪᠦᠬᠦᠢ ᠮᠠᠲ᠋ᠧᠷᠢᠶᠠᠯ ᠢ ᠪᠠᠶᠢᠴᠠᠭᠠᠨ ᠦᠵᠡᠬᠦ ᠶᠢᠨ | ᠬᠠᠮᠲᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠤᠬᠠᠶ ᠶᠢᠨ ᠲᠠᠯᠠᠪᠤᠷ ᠲᠤ ᠬᠦᠷᠴᠦ ᠬᠡᠰᠡᠭ ᠪᠦᠲᠦᠭᠡᠨ | ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠦᠵᠡᠬᠦ ᠪᠠ ᠰᠣᠩᠭᠤᠨ ᠪᠠᠶᠢᠴᠠᠭᠠᠪᠠ᠃ | ᠲᠠᠨᠢᠯᠴᠠᠭᠤᠯᠤᠭᠰᠠᠨ ᠢᠶᠠᠷ᠂ᠤᠶᠢᠷ᠎ᠠ ᠶᠢᠨ ᠵᠢᠯ ᠳᠤ᠂ ᠲᠤᠭᠳᠠᠬᠤ ᠰᠢᠶᠠᠨ ᠤᠷᠢᠳ ᠬᠤᠵᠢᠳ 4 ᠳ᠋ᠦᠩᠰᠢᠭᠤᠷ | ᠭᠠᠷᠤᠶ ᠲᠥᠭᠦᠷᠢᠭ ᠤᠨ ᠪᠡᠯᠡ ᠣᠷᠣᠭᠤᠯᠵᠤ᠂ ᠲᠣᠮᠣ ᠬᠡᠯᠪᠡᠷᠢ ᠶᠢᠨ ᠤᠰᠤᠯᠠᠯᠲᠠ ᠶᠢᠨ ᠣᠷᠣᠨ ᠤ ᠬᠥᠭᠡᠷᠭᠡ ᠶᠢᠨ | ᠥᠷᠲᠡᠭᠡ ᠶᠢᠨ ᠥᠭᠡᠷᠡᠴᠢᠯᠡᠯᠲᠡ ᠶᠢ ᠪᠡᠶᠡᠯᠡᠭᠦᠯᠵᠦ᠂ ᠤᠰᠤᠯᠠᠯᠲᠠ ᠶᠢᠨ ᠣᠷᠣᠨ ᠳᠤ ᠦᠷᠭᠦᠯᠵᠢᠯᠡᠨ ᠢᠵᠢ | ᠪᠦᠷᠢᠳᠦᠭᠦᠯᠬᠦ ᠪᠠ ᠤᠰᠤ ᠠᠷᠪᠢᠯᠠᠬᠤ ᠥᠭᠡᠷᠡᠴᠢᠯᠡᠯᠲᠡ ᠬᠢᠬᠦ ᠵᠡᠷᠭᠡ ᠣᠯᠠᠨ ᠵᠦᠶᠯ ᠤᠨ ᠢᠨᠵᠧᠨᠧᠷᠢᠩ ᠢ ᠪᠠᠶᠢᠭᠤᠯᠵᠦ | ᠂ ᠲᠠᠷᠢᠶᠠᠯᠠᠩ ᠤᠨ ᠤᠰᠤᠯᠠᠯᠲᠠ ᠶᠢᠨ ᠨᠥᠬᠦᠴᠡᠯ ᠢ ᠲᠦᠢᠯ ᠤᠨ ᠶᠡᠬᠡᠪᠡᠷ ᠰᠠᠶᠢᠵᠢᠷᠠᠭᠤᠯᠵᠤ᠂ ᠠᠵᠤ ᠠᠬᠤᠶ ᠨᠡᠶᠢᠭᠡᠮ | ᠤᠨ ᠬᠥᠭᠵᠢᠯᠲᠡ ᠶᠢ ᠠᠬᠢᠭᠤᠯᠬᠤ ᠳᠤ ᠠᠰᠢᠭᠲᠠᠢ ᠪᠣᠯᠭᠠᠪᠠ᠃ | ᠳ᠋ᠠ ᠾᠸᠢ ᠾᠧ ᠭᠤᠣᠯ ᠤᠨ ᠭᠤᠯᠳᠤᠷᠢᠯ ᠢ ᠵᠠᠰᠠᠬᠤ ᠢᠨᠵᠧᠨᠧᠷᠢᠩ ᠤᠨ ᠶᠡᠷᠦᠩᠬᠡᠢ ᠪᠡᠯᠡ ᠣᠷᠣᠭᠤᠯᠤᠯᠲᠠ | ᠨᠢ 1.3158 ᠳ᠋ᠦᠩᠰᠢᠭᠤᠷ ᠲᠥᠭᠦᠷᠢᠭ ᠪᠣᠯᠤᠨ᠎ᠠ᠂ ᠪᠠᠷᠢᠯᠭ᠎ᠠ ᠶᠢᠨ ᠭᠤᠣᠯ ᠪᠣᠯᠬᠤ ᠪᠦᠲᠦᠭᠡᠨ | ᠪᠠᠶᠢᠭᠤᠯᠤᠯᠲᠠ ᠶᠢᠨ ᠠᠭᠤᠯᠭ᠎ᠠ ᠨᠢ᠄ ᠬᠠᠰᠢᠯᠭ᠎ᠠ ᠳᠠᠯᠠᠩ ᠢ ᠵᠤᠵᠠᠭᠠᠷᠠᠭᠤᠯᠤᠨ ᠨᠡᠮᠡᠭᠳᠡᠭᠦᠯᠬᠦ᠂ ᠬᠠᠰᠢᠯᠭ᠎ᠠ ᠳᠠᠯᠠᠩ ᠢ | ᠰᠢᠨ᠎ᠡ ᠪᠠᠷ ᠪᠠᠶᠢᠭᠤᠯᠬᠤ ᠪᠠᠷᠢᠯᠭ᠎ᠠ ᠵᠡᠷᠭᠡ ᠪᠣᠯᠤᠨ᠎ᠠ᠂ ᠬᠠᠰᠢᠯᠭ᠎ᠠ ᠶᠢᠨ ᠦᠶᠡᠷ ᠰᠡᠷᠭᠡᠶᠢᠯᠡᠬᠦ ᠪᠠᠷᠢᠮᠵᠢᠶ᠎ᠠ ᠨᠢ 20 | ᠵᠢᠯ ᠳᠤ ᠨᠢᠭᠡ ᠤᠳᠠᠭ᠎ᠠ ᠲᠣᠬᠢᠶᠠᠯᠳᠤᠬᠤ ᠪᠣᠯᠤᠨ᠎ᠠ᠃ ᠣᠳᠣ ᠲᠣᠰ ᠢᠨᠵᠧᠨᠧᠷᠢᠩ ᠨᠢᠭᠡᠨᠲᠡ 1.1414 | ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠪᠠᠷᠢᠯᠭ᠎ᠠ ᠶᠢᠨ ᠢᠨᠵᠧᠨᠧᠷᠢᠩ ᠢ ᠪᠦᠬᠦᠨ ᠢ | ᠪᠡᠶᠡᠯᠡᠭᠦᠯᠵᠦ᠂ ᠰᠢᠷᠣᠶ ᠶᠢᠨ ᠪᠠᠷᠢᠯᠭ᠎ᠠ ᠶᠢᠨ ᠶᠡᠷᠦᠩᠬᠡᠶ ᠬᠡᠮᠵᠢᠶ᠎ᠡ ᠶᠢᠨ 97 % ᠶᠢ ᠪᠡᠶᠡᠯᠡᠭᠦᠯᠪᠡ᠃ |