ᠦᠶᠡᠷ ᠤᠨ ᠬᠤᠭᠤᠴᠠᠭᠠᠨ ᠳᠤ ᠣᠷᠣᠭᠰᠠᠨ ᠠᠴᠠ ᠨᠠᠰᠢ᠂ ᠪᠦᠬᠦ ᠰᠢᠶᠠᠨ ᠢᠶᠠᠷ ᠢᠶᠠᠨ ᠠᠷᠭ᠎ᠠ ᠬᠡᠮᠵᠢᠶ᠎ᠡ ᠪᠠᠨ | ᠴᠢᠩᠭᠠᠳᠬᠠᠵᠤ᠂ ᠬᠠᠷᠢᠭᠤᠴᠠᠯᠭ᠎ᠠ ᠶᠢ ᠱᠠᠲᠤ ᠱᠠᠲᠤ ᠪᠠᠷ ᠪᠣᠳᠠᠲᠠᠶᠢᠵᠢᠭᠤᠯᠵᠤ᠂ ᠡᠯ᠎ᠡ ᠵᠦᠶᠯ ᠤᠨ ᠦᠶᠡᠷ ᠢ | ᠰᠡᠷᠭᠡᠶᠢᠯᠡᠬᠦ ᠠᠵᠢᠯ ᠢ ᠰᠠᠶᠢᠲᠤᠷ ᠬᠢᠵᠦ᠂ ︽ᠦᠶᠡᠷ ᠢ ᠰᠡᠷᠭᠡᠶᠢᠯᠡᠬᠦ ᠶᠡᠭᠡ ᠬᠠᠰᠢᠯᠭ᠎ᠠ︾ ᠶᠢ ᠪᠠᠲᠤ ᠴᠣᠭᠴᠠᠯᠠᠵᠠᠶ᠃ | ᠰᠤᠷᠪᠤᠯᠵᠢᠯᠠᠭᠴᠢ ᠰᠢᠶᠠᠨ ᠤ ᠰᠦᠩ ᠬᠠᠯᠢᠶ᠎ᠠ ᠶᠢ ᠰᠡᠷᠭᠡᠶᠢᠯᠡᠬᠦ ᠠᠵᠢᠯ ᠤᠨ ᠵᠢᠯᠣᠭᠤᠳᠬᠤ ᠭᠠᠵᠠᠷ ᠠᠴᠠ ᠣᠶᠢᠯᠠᠭᠠᠵᠤ | ᠮᠡᠳᠡᠭᠰᠡᠨ ᠨᠢ᠂ 7 ᠰᠠᠷ᠎ᠠ ᠶᠢᠨ 29 ᠤ ᠡᠳᠦᠷ ᠤᠨ ᠦᠳᠡ ᠡᠮᠦᠨᠡᠬᠢ 8 ᠴᠠᠭ ᠲᠤ ᠬᠠᠳᠤᠨ ᠭᠤᠣᠯ ᠤᠨ | ᠲᠤᠭᠳᠠᠬᠤ ᠰᠢᠶᠠᠨ ᠤ ᠱᠢ ᠰᠧ ᠹᠧᠨ ᠤ ᠵᠠᠮ ᠤᠨ ᠮᠤᠷᠤᠶᠢᠭᠰᠠᠨ ᠬᠡᠰᠡᠭ ᠤᠨ ᠤᠰᠤᠨ ᠲᠦᠪᠰᠢᠨ 988.54 | ᠮᠧᠲᠷ ᠪᠠᠶᠢᠵᠤ᠂ ᠤᠷᠤᠰᠬᠠᠯ ᠤᠨ ᠬᠡᠮᠵᠢᠶ᠎ᠡ 27 ᠤ ᠡᠳᠦᠷ ᠤᠨ 2730 ᠪᠣᠰᠤᠭ᠎ᠠ ᠳᠥᠷᠪᠡᠯᠵᠢᠨ ᠮᠧᠲᠷ / | ᠰᠧᠺᠦᠨ᠋ᠳ᠋ ᠪᠠᠶᠢᠭᠰᠠᠨ ᠠᠴᠠ ᠪᠠᠨ 1900 ᠪᠣᠰᠤᠭ᠎ᠠ ᠳᠥᠷᠪᠡᠯᠵᠢᠨ ᠮᠧᠲᠷ / ᠰᠧᠺᠦᠨ᠋ᠳ᠋ ᠪᠣᠯᠵᠤ ᠳᠣᠷᠣᠭᠰᠢᠯᠠᠵᠠᠶ᠂ | ᠡᠨᠡ ᠨᠢ ᠥᠷᠭᠡᠨ ᠣᠯᠠᠨ ᠳᠠᠷᠤᠭ᠎ᠠ ᠪᠠᠶᠢᠯᠳᠤᠭᠴᠢᠳ ᠪᠣᠯᠤᠨ ᠡᠯ᠎ᠡ ᠦᠨᠳᠦᠰᠦᠲᠡᠨ ᠤ ᠺᠠᠳ᠋ᠷ ᠣᠯᠠᠨ ᠲᠦᠮᠡᠨ ᠤ | ᠬᠠᠮᠲᠤ ᠶᠢᠨ ᠴᠢᠷᠮᠠᠶᠢᠯᠭ᠎ᠠ ᠳᠣᠣᠷ᠎ᠠ᠂ ᠡᠨᠡ ᠤᠳᠠᠭᠠᠨ ᠤ ᠦᠶᠡᠷ ᠤᠨ ᠣᠷᠭᠢᠯ ᠨᠢᠭᠡᠨᠲᠡ ᠠᠮᠤᠷ ᠲᠦᠪᠰᠢᠨ | ᠪᠣᠯᠤᠭᠰᠠᠨ ᠢ ᠬᠠᠷᠠᠭᠤᠯᠵᠤ ᠪᠠᠶᠢᠨ᠎ᠠ᠃ | ᠣᠳᠣᠬᠠᠨ ᠳᠤ᠂ ᠲᠤᠭᠳᠠᠬᠤ ᠰᠢᠶᠠᠨ ᠨᠢᠭᠡᠨᠲᠡ ᠦᠶᠡᠷ ᠢ ᠰᠡᠷᠭᠡᠶᠢᠯᠡᠬᠦ ᠵᠢᠯᠣᠭᠤᠳᠬᠤ ᠭᠠᠵᠠᠷ ᠢ ᠡᠮᠤᠨ᠎ᠡ ᠯᠢᠦ | ᠯᠢᠨ ᠲᠠᠨ ᠤ ᠪᠡᠷᠬᠡ ᠪᠠᠷᠲᠠᠭᠠᠲᠤ ᠪᠠᠷᠢᠯᠭ᠎ᠠ ᠶᠢᠨ ᠬᠡᠰᠡᠭ ᠲᠤ ᠲᠣᠮᠢᠯᠠᠨ ᠵᠢᠯᠣᠭᠤᠳᠴᠤ᠂ ᠦᠶᠡᠷ ᠢ ᠰᠡᠷᠭᠡᠶᠢᠯᠡᠬᠦ ᠡᠯ᠎ᠡ | ᠲᠤᠭᠤᠶᠢᠯᠠᠩ ᠢ ᠵᠢᠯᠣᠭᠤᠳᠤᠨ ᠠᠶᠤᠯ ᠪᠠᠷᠲᠠᠭᠠᠲᠤ ᠪᠠᠷᠢᠯᠭ᠎ᠠ ᠶᠢᠨ ᠬᠡᠰᠡᠭ ᠲᠤ ᠠᠶᠤᠯ ᠠᠴᠠ ᠠᠪᠤᠷᠠᠵᠤ᠂ ᠦᠶᠡᠷ ᠢ | ᠰᠡᠷᠭᠡᠶᠢᠯᠡᠬᠦ ᠵᠢᠯᠣᠭᠤᠳᠬᠤ ᠭᠠᠵᠠᠷ ᠠᠴᠠ ᠲᠤᠰᠬᠠᠶ ᠬᠥᠮᠦᠨ ᠲᠤᠬᠢᠷᠠᠭᠤᠯᠤᠨ 24 ᠴᠠᠭ ᠵᠢᠵᠢᠭᠦᠷᠯᠡᠵᠦ᠂ ᠤᠰᠤᠨ ᠤ | ᠪᠠᠶᠢᠳᠠᠯ᠂ ᠦᠶᠡᠷ ᠤᠨ ᠪᠠᠶᠢᠳᠠᠯ ᠢ ᠨᠢᠭᠲᠠ ᠠᠩᠬᠠᠷᠴᠤ ᠪᠠᠶᠢᠨ᠎ᠠ᠃ | ᠣᠶᠢᠯᠠᠭᠠᠭᠰᠠᠨ ᠢᠶᠠᠷ᠂ ᠦᠶᠡᠷ ᠢ ᠰᠡᠷᠭᠡᠶᠢᠯᠡᠬᠦ ᠨᠢᠭᠡᠳᠦᠭᠡᠷ ᠹᠷᠣᠨᠲ ᠤᠨ ᠶᠡᠭᠡ ᠬᠠᠰᠢᠯᠭ᠎ᠠ ᠶᠢᠨ ᠠᠮᠤᠷ | ᠲᠦᠪᠰᠢᠨ ᠢ ᠦᠨᠡᠨ ᠬᠦ ᠪᠠᠲᠤᠯᠠᠬᠤ ᠶᠢᠨ ᠲᠥᠯᠥᠭᠡ᠂ ᠲᠤᠭᠳᠠᠬᠤ ᠰᠢᠶᠠᠨ ᠨᠢᠭᠡᠨᠲᠡ ᠦᠶᠡᠷ ᠢ ᠰᠡᠷᠭᠡᠶᠢᠯᠡᠵᠦ ᠠᠶᠤᠯ | ᠠᠴᠠ ᠠᠪᠤᠷᠠᠬᠤ ᠬᠡᠰᠡᠭᠲᠦ ᠴᠢᠯᠠᠭᠤ 6000 ᠳᠥᠷᠪᠡᠯᠵᠢᠨ ᠮᠧᠲᠷ᠂ 20 ᠲᠦᠮᠡᠨ ᠤᠭᠤᠲᠠ ᠰᠦᠯᠵᠢᠮᠡᠯ ᠤᠭᠤᠲᠠ | ᠂ ᠬᠠᠷ᠎ᠠ ᠲᠤᠭᠤᠯᠭᠠᠨ ᠤᠲᠠᠰᠤ 20 ᠲᠣᠨ᠂ 5000 ᠮᠣᠳᠣᠨ ᠱᠣᠩ ᠨᠥᠭᠡᠴᠡᠯᠡᠵᠦ᠂ ᠪᠠᠰᠠ ᠠᠪᠤᠷᠠᠯᠳᠠ ᠶᠢᠨ | ᠬᠤᠪᠴᠠᠰᠤ᠂ ᠠᠪᠤᠷᠠᠯᠳᠠ ᠶᠢᠨ ᠴᠠᠭᠠᠷᠢᠭ᠂ ᠪᠠᠴᠢᠮ ᠪᠠᠶᠢᠳᠠᠯ ᠢ ᠠᠷᠭᠠᠴᠠᠬᠤ ᠳ᠋ᠧᠩ᠂ ᠴᠠᠬᠢᠯᠭᠠᠨ ᠭᠠᠷᠭᠠᠭᠠᠭᠤᠷ᠂ | ᠮᠠᠶᠢᠬᠠᠨ ᠵᠡᠷᠭᠡ ᠡᠯ᠎ᠡ ᠲᠥᠷᠥᠯ ᠤᠨ ᠠᠶᠤᠯ ᠠᠴᠠ ᠠᠪᠤᠷᠠᠬᠤ ᠡᠳ᠋ ᠪᠣᠳᠠᠰ ᠢ ᠨᠥᠭᠡᠴᠡᠯᠡᠵᠡᠶ᠃ | ᠡᠭᠦᠨ ᠤ ᠳᠤ ᠬᠠᠮᠲᠤ᠂ ᠰᠤᠷᠪᠤᠯᠵᠢᠯᠠᠭᠴᠢ ᠪᠠᠰᠠ ᠥᠷᠭᠡᠨ ᠣᠯᠠᠨ ᠠᠷᠠᠳ ᠲᠦᠮᠡᠨ ᠳᠤ᠂ ᠣᠯᠠᠨ ᠤ ᠠᠮᠢ | ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠤ ᠲᠥᠯᠥᠭᠡ᠂ ᠤᠶᠢᠷ᠎ᠠ ᠶᠢᠨ ᠡᠳᠦᠷ ᠬᠠᠳᠤᠨ ᠭᠤᠤᠯ ᠤᠨ ᠬᠠᠰᠢᠯᠭ᠎ᠠ | ᠳᠤ ᠬᠦᠷᠴᠦ ᠲᠣᠭᠤᠷᠢᠨ ᠦᠵᠡᠬᠦ᠂ ᠵᠢᠭᠠᠰᠤ ᠭᠥᠬᠢᠳᠡᠬᠦ᠂ ᠵᠢᠭᠠᠰᠤ ᠠᠩᠨᠠᠬᠤ᠂ ᠭᠡᠷᠡᠯ ᠵᠢᠷᠤᠭ ᠠᠪᠬᠤ᠂ ᠤᠰᠤᠨ ᠳᠤ | ᠤᠮᠪᠠᠭ᠋ᠤ ᠵᠡᠷᠭᠡ ᠠᠵᠢᠯ ᠢ ᠬᠢᠵᠦ ᠪᠣᠯᠬᠤ ᠦᠭᠡᠢ ᠭᠡᠵᠦ ᠰᠠᠨᠠᠭᠤᠯᠵᠠᠶ᠃ |