ᠲᠤᠭᠳᠠᠬᠤ ᠰᠢᠶᠠᠨ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠵᠢᠴᠢ ᠠᠶᠤᠯᠭᠦᠶ ᠦᠶᠯᠡᠳᠪᠦᠷᠢᠯᠡᠯ ᠤᠨ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2019-08-12
      8 ᠰᠠᠷ᠎ᠠ ᠶᠢᠨ 8 ᠤ ᠡᠳᠦᠷ᠂ ᠲᠤᠭᠳᠠᠬᠤ ᠰᠢᠶᠠᠨ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠵᠢᠴᠢ ᠠᠶᠤᠯᠭᠦᠶ ᠦᠶᠯᠡᠳᠪᠦᠷᠢᠯᠡᠯ ᠤᠨ ᠠᠵᠢᠯ ᠤᠨ ᠬᠤᠷᠠᠯ ᠬᠤᠷᠠᠯᠳᠤᠭᠤᠯᠪᠠ᠃ ᠰᠢᠶᠠᠨ ᠤ ᠤᠳᠤᠷᠢᠳᠤᠯᠭ᠎ᠠ ᠯᠢ ᠴᠦᠨ ᠶᠠᠨ᠂ ᠱᠢ ᠯᠢ ᠵᠢᠶᠦ᠋ᠨ᠂ ᠯᠢᠦ ᡁᠢ ᠴᠢᠶᠠᠩ᠂ ᠠᠵᠤ ᠦᠶᠯᠡᠳᠪᠦᠷᠢ ᠶᠢᠨ ᠬᠦᠷᠢᠶᠡᠯᠡᠩ  ᠤᠨ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠰᠢᠶᠣᠤ ᠸᠧᠨ ᠸᠧᠶ᠂ ᠳᠡᠳ᠋ ᠡᠷᠬᠢᠯᠡᠭᠴᠢ ᠸᠠᠩ ᠶᠢᠩ᠂ ᠰᠢᠶᠠᠨ  ᠤ ᠠᠶᠤᠯᠭᠦᠶ ᠦᠶᠯᠡᠳᠪᠦᠷᠢᠯᠡᠯ ᠤᠨ ᠵᠥᠪᠯᠡᠯ ᠤᠨ ᠪᠦᠷᠢᠯᠳᠦᠬᠦᠨ ᠨᠢᠭᠡᠴᠡ᠂ ᠰᠢᠶᠠᠨ ᠤ ᠦᠶᠡᠷ ᠢ ᠰᠡᠷᠭᠡᠶᠢᠯᠡᠵᠦ ᠭᠠᠩ  ᠲᠠᠢ ᠲᠡᠮᠡᠴᠡᠬᠦ ᠵᠢᠯᠣᠭᠤᠳᠬᠤ ᠭᠠᠵᠠᠷ ᠤᠨ ᠡᠯ᠎ᠡ ᠪᠦᠷᠢᠯᠳᠦᠬᠦᠨ ᠨᠢᠭᠡᠴᠡ᠂ ᠰᠢᠶᠠᠨ ᠳᠤ ᠰᠠᠭᠤᠭ᠎ᠠ ᠡᠯ᠎ᠡ ᠭᠤᠤᠯᠳᠠᠯᠭ᠎ᠠ ᠲᠠᠢ ᠠᠵᠤ ᠠᠬᠤᠢᠯᠠᠯ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠲᠢᠶᠠᠨ ᠯᠢ ᠵᠢᠶᠦ᠋ᠨ ᠬᠤᠷᠠᠯ ᠡᠷᠬᠢᠯᠡᠪᠡ᠃      ᠬᠤᠷᠠᠯ ᠠᠴᠠ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠪᠠ ᠠᠶᠤᠯᠭᠦᠶ ᠦᠶᠯᠡᠳᠪᠦᠷᠢᠯᠡᠯ  ᠤᠨ ᠠᠵᠢᠯ ᠤᠨ ᠪᠠᠶᠢᠳᠠᠯ ᠢ ᠮᠡᠳᠡᠭᠳᠡᠪᠡ︔ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠪᠠ ᠠᠶᠤᠯᠭᠦᠶ ᠦᠶᠯᠡᠳᠪᠦᠷᠢᠯᠡᠯ ᠤᠨ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ ; ᠰᠢᠶᠠᠨ ᠤ ᠵᠠᠮ ᠬᠠᠷᠢᠯᠴᠠᠭᠠᠨ ᠤ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠴᠠᠩ ᠱᠧᠩ ᠡᠮ ᠦᠶᠯᠡᠳᠬᠦ ᠦᠢᠯᠡᠳᠪᠦᠷᠢ᠂ ᠵᠢᠦ ᠲᠠᠢ ᠺᠣᠮᠫᠠᠨᠢ ᠶᠢᠨ ᠬᠠᠷᠢᠭᠤᠴᠠᠯᠭᠠᠲᠠᠨ ᠲᠣᠰ ᠲᠣᠰ ᠦᠭᠡ ᠬᠡᠯᠡᠵᠡᠶ᠃      ᠬᠤᠷᠠᠯ ᠠᠴᠠ᠂ ᠡᠨᠡ ᠵᠢᠯ ᠪᠣᠯ ᠤᠯᠤᠰ ᠪᠠᠢᠭᠤᠯᠤᠭᠳᠠᠭᠰᠠᠨ 70 ᠵᠢᠯ ᠤᠨ ᠣᠢ ᠶᠢ ᠪᠡᠯᠭᠡᠯᠡᠬᠦ ᠵᠢᠯ ᠮᠥᠨ᠂ ᠪᠠᠰᠠ ᠴᠤ ᠠᠶᠤᠯᠭᠦᠶ ᠦᠶᠯᠡᠳᠪᠦᠷᠢᠯᠡᠯ ᠤᠨ ᠠᠵᠢᠯ ᠤᠨ ᠵᠠᠩᠭᠢᠯᠠᠭ᠎ᠠ ᠶᠢᠨ ᠵᠢᠯ ᠮᠥᠨ᠂ ᠣᠨᠴᠠᠭᠠᠢ ᠴᠠᠭ ᠦᠶ᠎ᠡ᠂ ᠣᠨᠴᠠᠭᠠᠢ ᠪᠠᠶᠢᠳᠠᠯ ᠳᠣᠤᠷᠠᠬᠢ ᠪᠤᠳᠤᠯᠢᠶᠠᠨᠲᠠᠶ ᠪᠠᠶᠢᠳᠠᠯ ᠳᠤ ᠴᠢᠭᠯᠡᠭᠦᠯᠦᠨ᠂ ᠲᠡᠭᠡᠳᠦ ᠳᠣᠣᠷᠠᠳᠤ ᠱᠠᠲᠤ ᠴᠠᠭ ᠢᠮᠠᠭᠲᠠ ᠠᠶᠤᠯᠭᠦᠶ ᠦᠶᠯᠡᠳᠪᠦᠷᠢᠯᠡᠯ ᠤᠨ ᠬᠥᠪᠴᠢ ᠶᠢ ᠴᠢᠩᠭᠠᠯᠠᠵᠤ᠂ ᠡᠯ᠎ᠡ ᠵᠦᠶᠯ ᠤᠨ ᠠᠶᠤᠯᠭᠦᠶ ᠦᠶᠯᠡᠳᠪᠦᠷᠢᠯᠡᠯ  ᠤᠨ ᠠᠵᠢᠯ ᠤᠨ ᠠᠷᠭ᠎ᠠ ᠬᠡᠮᠵᠢᠶ᠎ᠡ ᠶᠢ ᠪᠣᠳᠠᠲᠠᠶ ᠳᠤ ᠨᠠᠢᠳᠠᠪᠤᠷᠢᠵᠢᠭᠤᠯᠬᠤ᠂ ᠠᠶᠤᠯᠭᠦᠶ ᠦᠶᠯᠡᠳᠪᠦᠷᠢᠯᠡᠯ ᠤᠨ ᠲᠦᠪᠰᠢᠨ ᠪᠣᠯᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠠᠷᠠᠳ ᠣᠯᠠᠨ ᠤ ᠠᠮᠢ ᠨᠠᠰᠤ ᠪᠣᠯᠤᠨ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠵᠤ᠂ ᠠᠵᠤ ᠠᠬᠤᠢ ᠶᠢᠨ ᠰᠠᠶᠢᠨ ᠰᠠᠶᠢᠬᠠᠨ ᠡᠷᠡᠭᠦᠯ ᠬᠥᠭᠵᠢᠯᠲᠡ ᠶᠢ ᠪᠠᠲᠤᠯᠠᠵᠤ᠂ ᠤᠯᠤᠰ ᠪᠠᠢᠭᠤᠯᠤᠭᠳᠠᠭᠰᠠᠨ 70 ᠵᠢᠯ  ᠤᠨ ᠤᠢ ᠳᠤ ᠠᠶᠤᠯᠭᠦᠶ ᠦᠶᠯᠡᠳᠪᠦᠷᠢᠯᠡᠯ ᠤᠨ ᠰᠠᠶᠢᠨ ᠰᠠᠶᠢᠬᠠᠨ‌ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ ᠭᠡᠵᠦ ᠵᠢᠭᠠᠵᠤ ᠭᠠᠷᠭᠠᠪᠠ᠃      ᠬᠤᠷᠠᠯ ᠠᠴᠠ᠂ ᠤᠯᠤᠰ ᠲᠥᠷᠥ ᠶᠢᠨ ᠬᠡᠪ ᠪᠣᠯᠪᠠᠰᠤᠷᠠᠯ ᠢᠶᠠᠨ ᠳᠡᠭᠡᠭᠰᠢᠯᠡᠭᠦᠯᠵᠦ᠂ ᠠᠮᠤᠷ ᠲᠦᠪᠰᠢᠨ ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤ ᠪᠣᠶ ᠪᠣᠯᠭᠠᠵᠤ᠂ ᠬᠠᠷᠢᠭᠤᠴᠠᠯᠭᠠᠲᠤ ᠰᠡᠳᠬᠢᠯᠭᠡ ᠪᠣᠯᠤᠨ ᠡᠭᠦᠷᠭᠡ ᠬᠠᠷᠢᠭᠤᠴᠠᠯᠭ᠎ᠠ ᠪᠠᠨ ᠦᠨᠡᠨᠬᠦ ᠴᠢᠩᠭᠠᠳᠬᠠᠵᠤ᠂ ᠠᠶᠤᠯᠭᠦᠶ ᠦᠶᠯᠡᠳᠪᠦᠷᠢᠯᠡᠯ ᠤᠨ ᠠᠵᠢᠯ ᠢ ᠪᠠᠲᠤ ᠡᠵᠡᠮᠳᠡᠬᠦ ᠬᠡᠷᠡᠭᠲᠡᠶ ︔ ᠭᠤᠤᠯᠳᠠᠯᠭ᠎ᠠ ᠶᠢ ᠳᠣᠪᠣᠶᠢᠯᠭᠠᠨ ᠰᠡᠷᠭᠡᠶᠢᠯᠡᠵᠦ᠂ ᠪᠦᠬᠦ ᠬᠦᠴᠦᠨ ᠢᠶᠠᠷ ᠢᠶᠠᠨ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠴᠠᠭ ᠠᠭᠤᠷ ᠤᠨ ᠤᠷᠢᠳᠴᠢᠯᠠᠨ ᠲᠥᠰᠦᠭᠡᠯᠡᠵᠦ ᠤᠷᠢᠳᠴᠢᠯᠠᠨ ᠮᠡᠳᠡᠭᠡᠯᠡᠬᠦ ᠶᠢ ᠴᠢᠩᠭᠠᠳᠬᠠᠵᠤ᠂ ᠦᠶᠡᠷ  ᠤᠨ ᠬᠤᠭᠤᠴᠠᠭᠠᠨ ᠤ ᠵᠢᠵᠢᠭᠦᠷᠯᠡᠨ ᠰᠠᠬᠢᠬᠤ ᠳᠦᠷᠢᠮ ᠢ ᠴᠢᠩᠭ᠎ᠠ ᠨᠠᠢᠳᠠᠪᠤᠷᠢᠵᠢᠭᠤᠯᠬᠤ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠲᠡᠭᠦᠯᠳᠡᠷᠵᠢᠭᠦᠯᠵᠦ᠂ ᠪᠠᠴᠢᠮ ᠪᠠᠶᠢᠳᠠᠯ ᠢ ᠠᠷᠭᠠᠴᠠᠵᠤ ᠭᠠᠮᠰᠢᠭ ᠠᠴᠠ ᠠᠪᠤᠷᠠᠬᠤ ᠪᠡᠯᠡᠳᠬᠡᠯ ᠢ ᠭᠦᠶᠴᠡᠳ ᠰᠠᠶᠢᠲᠤᠷ ᠬᠢᠬᠦ ᠬᠡᠷᠡᠭᠲᠡᠶ︔ ᠨᠠᠮ ᠵᠠᠰᠠᠭ ᠤᠨ ᠤᠳᠤᠷᠢᠳᠤᠯᠭ᠎ᠠ ᠶᠢᠨ ᠬᠠᠷᠢᠭᠤᠴᠠᠯᠭ᠎ᠠ᠂ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ᠂ ᠠᠵᠤ ᠠᠬᠤᠢᠯᠠᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ︔ ᠪᠣᠭᠤᠮᠲᠠ ᠶᠢ ᠤᠷᠤᠭᠰᠢ ᠰᠢᠯᠵᠢᠭᠦᠯᠵᠦ᠂ ᠡᠬᠢ ᠡᠭᠦᠰᠦᠯ ᠢ ᠴᠢᠩᠭ᠎ᠠ ᠬᠢᠵᠠᠭᠠᠷᠯᠠᠵᠤ᠂ ᠡᠯ᠎ᠡ ᠠᠵᠢᠯ ᠲᠥᠷᠥᠯ ᠤᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠡᠷᠬᠡᠪᠰᠢ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠪᠣᠭᠤᠮᠲᠠ ᠶᠢ ᠴᠢᠩᠭ᠎ᠠ ᠠᠳᠬᠤᠬᠤ ᠬᠡᠷᠡᠭᠲᠡᠶ︔ ᠪᠠᠴᠢᠮ ᠪᠠᠶᠢᠳᠠᠯ  ᠢ ᠠᠷᠭᠠᠴᠠᠵᠤ ᠠᠪᠤᠷᠠᠨ ᠲᠤᠰᠠᠯᠠᠬᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠭᠡᠨᠡᠳᠲᠡ ᠶᠢᠨ ᠬᠡᠷᠡᠭ ᠢ ᠠᠷᠭᠠᠴᠠᠬᠤ ᠳᠠᠭᠠᠬᠤ᠂ ᠰᠢᠶᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠵᠦ᠂ ᠠᠶᠤᠯ ᠦᠭᠡᠢ ᠬᠥᠭᠵᠢᠯᠲᠡ ᠶᠢᠨ ᠣᠶᠢᠯᠠᠭᠠᠭᠳᠠᠬᠤᠨ ᠪᠠ ᠠᠶᠤᠯ ᠦᠭᠡᠢ ᠦᠶᠯᠡᠳᠪᠦᠷᠢᠯᠡᠯ ᠤᠨ ᠮᠡᠳᠡᠯᠭᠡ ᠶᠢᠨ ᠤᠬᠠᠭᠤᠯᠭ᠎ᠠ ᠶᠢ ᠴᠢᠩᠭᠠᠳᠬᠠᠵᠤ᠂ ᠢᠯᠠᠩᠭᠤᠶ᠎ᠠ ᠤᠳᠤᠷᠢᠳᠬᠤ ᠺᠠᠳ᠋ᠷ᠂ ᠠᠶᠤᠯ ᠦᠭᠡᠢ ᠦᠶᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠺᠠᠳ᠋ᠷ ᠤᠨ ᠲᠤᠬᠠᠶᠢᠯᠠᠭᠰᠠᠨ ᠠᠵᠢᠯ ᠤᠨ ᠬᠥᠮᠦᠵᠢᠯ ᠪᠣᠯᠪᠠᠰᠤᠷᠠᠭᠤᠯᠤᠯ ᠢ ᠴᠢᠩᠭᠠᠳᠬᠠᠵᠤ᠂ ᠠᠶᠤᠯ ᠦᠭᠡᠢ ᠦᠶᠯᠡᠳᠪᠦᠷᠢᠯᠡᠯ ᠤᠨ ᠠᠰᠠᠭᠤᠳᠠᠯ ᠢ ᠵᠠᠳᠠᠯᠤᠨ ᠰᠢᠶᠳᠪᠦᠷᠢᠯᠡᠬᠦ ᠴᠢᠳᠠᠪᠤᠷᠢ ᠪᠠᠨ ᠦᠨᠡᠨ ᠬᠦ ᠳᠡᠭᠡᠭᠰᠢᠯᠡᠭᠦᠯᠵᠦ᠂ ᠠᠵᠤ ᠠᠬᠤᠶ ᠨᠡᠶᠢᠭᠡᠮ ᠤᠨ ᠲᠦᠷᠭᠡᠨ ᠬᠥᠭᠵᠢᠯᠲᠡ ᠳᠤ ᠪᠠᠲᠤ ᠪᠠᠬᠢ ᠠᠮᠤᠷ ᠲᠦᠪᠰᠢᠨ ᠤ ᠪᠠᠲᠤᠯᠠᠭ᠎ᠠ ᠬᠠᠩᠭᠠᠬᠤ ᠬᠡᠷᠡᠭᠲᠡᠶ ᠭᠡᠵᠦ ᠴᠢᠬᠤᠯᠠᠴᠢᠯᠠᠪᠠ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1