ᠬᠥᠬᠡᠬᠤᠲᠠ · ᠲᠣᠭᠲᠠᠬᠤ ᠰᠢᠶᠠᠨ ᠤ ᠶᠢᠰᠦᠳᠦᠭᠡᠷ ᠬᠤᠭᠤᠴᠠᠭᠠᠨ ᠤ ᠬᠠᠳᠤᠨ ᠭᠤᠤᠯ ᠤᠨ ᠰᠣᠶᠣᠯ | ᠵᠢᠭᠤᠯᠴᠢᠯᠠᠯ ᠤᠨ ᠨᠠᠶᠢᠷ 8 ᠰᠠᠷ᠎ᠠ ᠶᠢᠨ 18 ᠤ ᠡᠳᠦᠷ ᠵᠢᠩᠬᠢᠨᠢ ᠪᠠᠷ ᠡᠬᠢᠯᠡᠬᠦ ᠪᠣᠯᠤᠨ᠎ᠠ᠃ | ᠰᠢᠶᠠᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠯᠦ ᠢᠦᠢ ᠵᠥᠩ ᠲᠠᠨᠢᠯᠴᠠᠭᠤᠯᠬᠤ ᠳᠠᠭᠠᠨ᠂ ᠲᠣᠰ | ᠬᠤᠭᠤᠴᠠᠭᠠᠨ ᠤ ᠵᠢᠭᠤᠯᠴᠢᠯᠠᠯ ᠤᠨ ᠨᠠᠶᠢᠷ ᠨᠢ ᠤᠤᠯ ᠤᠨ ᠬᠠᠳᠤᠨ ᠭᠤᠤᠯ ᠤᠨ ᠰᠣᠶᠣᠯ ᠵᠢᠭᠤᠯᠴᠢᠯᠠᠯ ᠤᠨ ᠨᠠᠶᠢᠷ | ᠤᠨ ᠰᠠᠭᠤᠷᠢᠨ ᠳᠡᠭᠡᠷ᠎ᠡ᠂ ᠠᠵᠢᠯᠯᠠᠭ᠎ᠠ ᠶᠢᠨ ᠠᠭᠤᠯᠭ᠎ᠠ ᠶᠢ ᠤᠯᠠᠮ ᠨᠢᠭᠡ ᠠᠯᠬᠤᠮ ᠪᠠᠶᠠᠯᠢᠭᠵᠢᠭᠤᠯᠵᠤ᠂ ᠲᠣᠭᠲᠠᠬᠤ | ᠰᠢᠶᠠᠨ ᠤ ᠥᠪᠡᠷᠮᠢᠴᠡ ᠣᠨᠴᠠᠯᠢᠭ ᠪᠦᠬᠦᠢ ᠬᠥᠮᠥᠨ ᠰᠣᠶᠣᠯ ᠤᠨ ᠷᠢᠳᠢ ᠰᠢᠳᠢ ᠶᠢ ᠭᠦᠶᠴᠡᠳ ᠳᠡᠯᠭᠡᠨ ᠦᠵᠡᠭᠦᠯᠵᠦ | ᠂ ᠰᠣᠶᠣᠯ᠂ ᠵᠢᠭᠤᠯᠴᠢᠯᠠᠯ᠂ ᠪᠡᠶ᠎ᠡ ᠶᠢᠨ ᠲᠠᠮᠢᠷ᠂ ᠠᠵᠤ ᠠᠬᠤᠶ ᠠᠷᠠᠯᠵᠢᠶ᠎ᠠ ᠵᠡᠷᠭᠡ ᠳᠥᠷᠪᠡᠨ ᠲᠥᠷᠥᠯ ᠤᠨ 25 | ᠰᠢᠷᠢᠰ ᠠᠵᠢᠯᠯᠠᠭ᠎ᠠ ᠶᠢ ᠨᠠᠷᠢᠨ ᠨᠢᠮᠪᠠᠶ ᠤᠬᠠᠭᠠᠯᠠᠭᠰᠠᠨ ᠪᠠᠶᠢᠨ᠎ᠠ ᠭᠡᠵᠡᠶ᠃ ᠤᠷᠠᠨ ᠰᠠᠶᠢᠬᠠᠨ ᠤ ᠦᠳᠡᠰᠢᠯᠡᠭᠡ | ᠭᠤᠶᠢᠳᠠ ᠰᠠᠶᠢᠬᠠᠨ ᠶᠠᠪᠤᠭᠳᠠᠵᠤ᠂ ᠰᠣᠶᠣᠯ ᠴᠡᠩᠭᠡᠯ ᠤᠨ ᠠᠵᠢᠯᠯᠠᠭ᠎ᠠ ᠶᠠᠩᠵᠤ ᠤᠯᠠᠨ ᠪᠣᠯᠪᠠ᠃ | ᠲᠣᠰ ᠬᠤᠭᠤᠴᠠᠭᠠᠨ ᠤ ᠵᠢᠭᠤᠯᠴᠢᠯᠠᠯ ᠤᠨ ᠭᠢᠯᠠᠰ ᠴᠡᠭ ᠭᠡᠪᠡᠯ᠂ ᠨᠢᠭᠡ ᠳᠤ᠂ ᠪᠥᠬᠦ ᠣᠷᠣᠨ ᠤ | ᠠᠩᠬᠠᠳᠠᠭᠴᠢ ᠰᠢᠯ ᠦᠵᠡᠮᠵᠢ ᠶᠢᠨ ᠲᠠᠪᠴᠠᠩ ᠤᠨ ᠦᠵᠡᠮᠵᠢ ᠶᠢᠨ ᠣᠷᠣᠨ ᠦᠪᠡᠳᠡᠭᠰᠢ ᠶᠡᠭᠡ ᠪᠠᠷ ᠠᠵᠢᠯ ᠢᠶᠠᠨ | ᠡᠬᠢᠯᠡᠭᠦᠯᠵᠦ᠂ ᠾᠧ ᠺᠸᠤ ᠬᠠᠮᠢᠶᠠᠷᠤᠯᠲᠠ ᠶᠢᠨ ᠵᠥᠪᠯᠡᠯ ᠤᠨ ᠬᠤᠤ ᠵᠢᠶᠠ ᠶᠣᠣ ᠲᠣᠰᠬᠤᠨ ᠤ 2019 ᠣᠨ ᠳᠤ | ᠰᠢᠨ᠎ᠡ ᠪᠠᠷ ᠪᠠᠶᠢᠭᠤᠯᠤᠭᠰᠠᠨ ᠵᠢᠭᠤᠯᠴᠢᠯᠠᠯ ᠤᠨ ᠲᠥᠷᠥᠯ ᠵᠦᠶᠯ ᠤᠨ ︽ᠬᠠᠳᠤᠨ ᠭᠤᠤᠯ ᠤᠨ ᠰᠠᠭᠤᠭᠳᠠᠯ︾ ᠰᠢᠯ | ᠦᠵᠡᠮᠵᠢ ᠶᠢᠨ ᠲᠠᠪᠴᠠᠩ 8 ᠰᠠᠷ᠎ᠠ ᠶᠢᠨ 18 ᠤ ᠡᠳᠦᠷ ᠵᠢᠩᠬᠢᠨᠢ ᠪᠠᠷ ᠠᠰᠢᠭᠯᠠᠯᠲᠠ ᠳᠤ ᠤᠷᠤᠨ᠎ᠠ᠃ ᠬᠤᠶᠠᠷ ᠲᠤ᠂ | ᠤᠯᠠᠮᠵᠢᠯᠠᠯᠲᠤ ᠲᠠᠷᠢᠶᠠᠯᠠᠩ ᠠᠷᠠᠯᠵᠢᠶᠠᠨ ᠤ ᠴᠤᠭᠯᠠᠭᠠᠨ ᠤ ᠰᠣᠯᠢᠯᠴᠠᠭᠠᠨ ᠤ ᠴᠤᠭᠯᠠᠭᠠᠨ ᠢ ᠨᠠᠷᠢᠨ ᠨᠢᠮᠪᠠᠶ ᠵᠣᠬᠢᠶᠠᠨ | ᠪᠠᠶᠢᠭᠤᠯᠵᠤ᠂ ᠣᠨᠴᠠᠯᠢᠭᠲᠤ ᠠᠮᠲᠠᠲᠤ ᠢᠳᠡᠭᠡᠨ᠂ ᠲᠠᠸᠠᠷ ᠤᠨ ᠠᠷᠠᠯᠵᠢᠶ᠎ᠠ᠂ ᠰᠣᠶᠣᠯ ᠴᠡᠩᠭᠡᠯ ᠢ ᠨᠢᠭᠡ | ᠴᠣᠭᠴᠠᠵᠢᠭᠤᠯᠤᠨ᠂ ᠱᠠᠨ ᠰᠢ ᠵᠦᠴᠦᠭᠡ ᠶᠢᠨ ᠠᠯᠳᠠᠷᠲᠤ ᠤᠷᠠᠯᠢᠭᠴᠢᠨ ᠰᠢᠶ᠋ᠧ ᠲᠤᠤ ᠶᠢ ᠤᠷᠢᠵᠤ᠂ 8 ᠰᠠᠷ᠎ᠠ ᠶᠢᠨ | 28 ᠤ ᠡᠳᠦᠷ ᠠᠴᠠ 9 ᠰᠠᠷ᠎ᠠ ᠶᠢᠨ 1 ᠤ ᠡᠳᠦᠷ ᠪᠣᠯᠲᠠᠯ᠎ᠠ 5 ᠡᠳᠦᠷ ᠤᠨ ᠬᠤᠭᠤᠴᠠᠭ᠎ᠠ ᠲᠠᠢ ᠱᠠᠨ ᠰᠢ ᠵᠦᠴᠦᠭᠡ | ᠶᠢᠨ ᠲᠣᠭᠯᠠᠯᠲᠠ ᠭᠠᠷᠭᠠᠯᠭᠠᠨ᠎ᠠ᠃ ᠭᠤᠷᠪᠠ ᠳᠤ᠂ ᠶᠢᠰᠦᠳᠦᠭᠡᠷ ᠬᠤᠭᠤᠴᠠᠭᠠᠨ ᠤ ᠲᠣᠭᠲᠠᠬᠤ ᠰᠢᠶᠠᠨ ᠤ ᠦᠵᠦᠮ | ᠤᠨ ᠨᠠᠶᠢᠷ ᠦᠪᠡᠳᠡᠭᠰᠢ ᠶᠡᠭᠡ ᠪᠠᠷ ᠡᠷᠬᠢᠯᠡᠵᠦ᠂ 9 ᠰᠠᠷ᠎ᠠ ᠶᠢᠨ 7 ᠤ ᠡᠳᠦᠷ ᠠᠴᠠ 9 ᠰᠠᠷ᠎ᠠ ᠶᠢᠨ 9 ᠤ ᠡᠳᠦᠷ | ᠪᠣᠯᠲᠠᠯ᠎ᠠ ᠤᠷᠢᠳ ᠬᠤᠵᠢᠳ ᠦᠵᠦᠮ ᠤᠨ ᠨᠠᠶᠢᠷ ᠤᠨ ᠡᠬᠢᠯᠡᠯᠲᠡ ᠶᠢᠨ ᠶᠣᠰᠣᠯᠠᠯ ᠬᠢᠵᠦ᠂ ︽ᠭᠡᠷᠡᠯ ᠰᠠᠴᠤᠷᠠᠩᠭᠤᠶ | 70 ᠵᠢᠯ · ᠶᠦᠨ ᠵᠦᠩ ᠤᠨ ᠡᠬᠡ ᠭᠠᠵᠠᠷ ᠲᠤ ᠰᠢᠨ᠎ᠡ ᠬᠠᠭᠤᠳᠠᠰᠤ ᠶᠢ ᠪᠢᠴᠢᠭᠯᠡᠪᠡ︾ ᠭᠡᠬᠦ ᠤᠷᠠᠨ ᠰᠠᠶᠢᠬᠠᠨ ᠤ | ᠦᠳᠡᠰᠢᠯᠡᠭᠡ᠂ ︽ᠬᠤᠪᠢᠰᠬᠠᠯᠲᠤ ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ︾ ᠤᠯᠠᠭᠠᠨᠮᠥ᠋ᠴᠢᠷ ᠤᠨ | ᠭᠤᠶᠢᠳᠠ ᠰᠠᠢᠬᠠᠨ ᠲᠣᠭᠯᠠᠯᠲᠠ᠂ ᠲᠣᠭᠲᠠᠬᠤ ᠰᠢᠶᠠᠨ ᠤ ︽ᠱᠧᠨ ᠴᠢᠤᠸᠠᠨ ᠬᠤᠨᠳᠠᠭᠠᠲᠤ︾ ᠬᠠᠳᠤᠨ ᠭᠤᠤᠯ ᠤᠨ | ᠳᠤᠭᠤᠶ ᠲᠡᠷᠭᠡ ᠶᠢᠨ ᠤᠷᠤᠯᠳᠤᠭᠠᠨ ᠵᠡᠷᠭᠡ ᠠᠵᠢᠯᠯᠠᠭ᠎ᠠ ᠦᠷᠨᠢᠭᠦᠯᠦᠨ᠎ᠡ᠃ | ᠬᠤᠷᠠᠯ ᠳᠡᠭᠡᠷ᠎ᠡ᠂ ᠱᠧᠨ ᠴᠢᠤᠸ᠋ᠨ ᠠᠮᠢ ᠠᠬᠤᠢ ᠶᠢᠨ ᠵᠤᠭᠠᠴᠠᠯ ᠤᠨ ᠦᠵᠡᠮᠵᠢ ᠶᠢᠨ ᠣᠷᠣᠨ᠂ ︽ᠬᠠᠳᠤᠨ | ᠭᠤᠤᠯ ᠤᠨ ᠰᠠᠭᠤᠭᠳᠠᠯ︾ ᠤᠨ ᠰᠢᠯ ᠦᠵᠡᠮᠵᠢ ᠶᠢᠨ ᠲᠠᠪᠴᠠᠩ ᠤᠨ ᠬᠠᠷᠢᠭᠤᠴᠠᠯᠭᠠᠲᠠᠨ ᠪᠠᠰᠠ ᠲᠣᠰ ᠲᠣᠰ | ᠵᠤᠭᠠᠴᠠᠯ ᠤᠨ ᠲᠥᠷᠥᠯ ᠵᠦᠶᠯ ᠢ ᠲᠠᠨᠢᠯᠴᠠᠭᠤᠯᠤᠨ᠎ᠠ᠃ |