8 ᠰᠠᠷ᠎ᠠ ᠶᠢᠨ 7 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ ᠲᠢᠶᠠᠨ ᠸᠧᠨ ᠭᠧ ᠨᠡᠷ | ᠭᠦ᠋ ᠴᠧᠩ ᠪᠠᠯᠭᠠᠰᠤᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ ᠠᠵᠢᠯ ᠵᠢᠯᠣᠭᠤᠳᠪᠠ᠃ | ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ ᠲᠢᠶᠠᠨ ᠸᠧᠨ ᠭᠧ ᠨᠠᠷ ᠭᠦ᠋ ᠴᠧᠩ ᠪᠠᠯᠭᠠᠰᠤᠨ ᠤ ᠨᠠᠮ ᠤᠨ | ᠬᠤᠷᠢᠶᠠᠨ ᠤ ᠭᠦ᠋ ᠴᠧᠩ ᠪᠠᠯᠭᠠᠰᠤᠨ ᠤ ᠦᠶᠡᠷ ᠢ ᠰᠡᠷᠭᠡᠶᠢᠯᠡᠬᠦ ᠠᠵᠢᠯ ᠪᠣᠯᠤᠨ ᠰᠠᠭᠤᠭᠠᠯᠢ ᠠᠷᠠᠳ ᠤᠨ ᠣᠷᠣᠰᠢᠨ | ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠤᠨ ᠶᠡᠷᠦᠩᠬᠡᠶ ᠪᠠᠶᠢᠳᠠᠯ ᠤᠨ ᠬᠠᠷᠢᠭᠤ | ᠮᠡᠳᠡᠭᠦᠯᠦᠯᠳᠡ ᠶᠢ ᠰᠣᠨᠣᠰᠪᠠ᠃ ᠳᠠᠷᠠᠭ᠎ᠠ ᠨᠢ ᠳ᠋ᠠ ᠾᠧ ᠭᠤᠤᠯ ᠤᠨ ᠤᠰᠤᠨ ᠤ ᠵᠥᠪᠯᠡᠯ ᠪᠣᠯᠤᠨ ᠪᠠᠷᠠᠭᠤᠨ | ᠬᠠᠰᠢᠶᠠᠲᠤ ᠲᠣᠰᠬᠤᠨ ᠳᠤ ᠬᠦᠷᠴᠦ᠂ ᠤᠶᠢᠷ᠎ᠠ ᠶᠢᠨ ᠬᠤᠭᠤᠴᠠᠭᠠᠨ ᠤ ᠭᠤᠤᠯ ᠮᠥᠷᠡᠨ ᠤ ᠤᠰᠤᠨ ᠲᠦᠪᠰᠢᠨ ᠤ | ᠪᠠᠶᠢᠳᠠᠯ᠂ ᠰᠠᠭᠤᠭᠠᠯᠢ ᠠᠷᠠᠳ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠭᠰᠠᠨ ᠪᠠᠶᠢᠳᠠᠯ ᠢ | ᠪᠠᠶᠢᠴᠠᠭᠠᠨ ᠦᠵᠡᠬᠦ ᠶᠢᠨ ᠬᠠᠮᠲᠤ᠂ ᠬᠥᠳᠡᠭᠡ ᠠᠶᠢᠯ ᠳᠤ ᠣᠷᠣᠵᠤ᠂ ᠵᠣᠷᠯᠣᠩ ᠤᠨ ᠥᠭᠡᠷᠡᠴᠢᠯᠡᠯᠲᠡ ᠶᠢᠨ ᠪᠠᠶᠢᠳᠠᠯ | ᠢ ᠣᠶᠢᠯᠠᠭᠠᠪᠠ᠃ | ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ ᠲᠢᠶᠠᠨ ᠸᠧᠨ ᠭᠧ᠂ ᠦᠶᠡᠷ ᠢ ᠰᠡᠷᠭᠡᠶᠢᠯᠡᠬᠦ ᠠᠵᠢᠯ ᠨᠢ | ᠣᠯᠠᠨ ᠲᠦᠮᠡᠨ ᠤ | ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠲᠠᠢ ᠨᠢᠭᠲᠠ ᠬᠤᠯᠪᠣᠭ᠎ᠠ ᠲᠠᠢ ᠶᠤᠮ᠂ ᠪᠦᠬᠦ ᠪᠠᠯᠭᠠᠰᠤᠨ ᠤ | ᠲᠡᠭᠡᠳᠦ ᠳᠣᠣᠷᠠᠳᠤ ᠱᠠᠲᠤ ᠪᠠᠷ ᠢᠶᠠᠨ ᠦᠶᠡᠷ ᠢ ᠰᠡᠷᠭᠡᠶᠢᠯᠡᠬᠦ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ | ᠰᠡᠳᠬᠢᠯᠭᠡ ᠶᠢ ᠨᠠᠷᠢᠨ ᠬᠢᠨᠠᠮᠠᠭᠠᠶ ᠴᠢᠩᠭᠠᠳᠬᠠᠵᠤ᠂ ᠠᠷᠠᠳ ᠣᠯᠠᠨ ᠳᠤ ᠲᠡᠭᠡᠳᠦ ᠬᠡᠮᠵᠢᠶ᠎ᠡ ᠪᠠᠷ ᠬᠠᠷᠢᠭᠤᠴᠠᠬᠤ ᠣᠪᠣᠷ | ᠢᠶᠠᠷ᠂ ᠦᠶᠡᠷ ᠢ ᠰᠡᠷᠭᠡᠶᠢᠯᠡᠬᠦ ᠡᠯ᠎ᠡ ᠵᠦᠶᠯ ᠤᠨ ᠪᠡᠯᠡᠳᠬᠡᠯ ᠠᠵᠢᠯ ᠢ ᠨᠠᠷᠢᠨ ᠨᠢᠮᠪᠠᠶ ᠰᠠᠶᠢᠲᠤᠷ ᠬᠢᠬᠦ ᠬᠡᠷᠡᠭᠲᠡᠶ ᠭᠡᠵᠦ | ᠴᠢᠬᠤᠯᠠᠴᠢᠯᠠᠪᠠ᠃ ᠣᠷᠴᠢᠨ ᠲᠣᠭᠤᠷᠢᠨ ᠢ ᠴᠡᠭᠴᠡᠯᠡᠨ ᠵᠠᠰᠠᠬᠤ ᠪᠠ ᠵᠣᠷᠯᠣᠩ ᠢ ᠥᠭᠡᠷᠡᠴᠢᠯᠡᠨ ᠵᠠᠰᠠᠬᠤ ᠠᠵᠢᠯ ᠪᠣᠯ | ᠠᠷᠠᠳ ᠤᠨ ᠠᠮᠢᠳᠤᠷᠠᠯ ᠤᠨ ᠢᠨᠵᠧᠨᠧᠷᠢᠩ ᠮᠥᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠨᠢᠭᠡ | ᠵᠦᠶᠯ ᠤᠨ ᠠᠵᠢᠯ ᠮᠥᠨ᠂ ᠣᠯᠠᠨ ᠲᠦᠮᠡᠨ ᠤ ᠠᠮᠢᠳᠤᠷᠠᠯ ᠤᠨ ᠪᠤᠶᠠᠨ ᠵᠢᠷᠭᠠᠯ ᠲᠠᠢ ᠬᠤᠯᠪᠣᠭᠳᠠᠨ᠎ᠠ᠃ ᠲᠣᠰᠬᠤᠨ | ᠤ ᠳᠦᠷᠰᠦ ᠪᠠᠶᠢᠳᠠᠯ ᠢ ᠪᠦᠬᠦ ᠬᠦᠴᠦᠨ ᠢᠶᠠᠷ ᠳᠡᠭᠡᠭᠰᠢᠯᠡᠭᠦᠯᠵᠦ᠂ ᠣᠷᠣᠨ ᠨᠤᠲᠤᠭ ᠤᠨ ᠣᠨᠴᠠᠯᠢᠭ ᠢ ᠳᠣᠪᠣᠶᠢᠯᠭᠠᠵᠤ | ᠂ ᠬᠥᠳᠡᠭᠡ ᠲᠣᠰᠬᠤᠨ ᠤ ᠠᠮᠢᠳᠤᠷᠠᠯ ᠤᠨ ᠬᠤᠭ ᠨᠣᠪᠰᠢ ᠶᠢ ᠵᠠᠰᠠᠬᠤ᠂ ᠠᠮᠢᠳᠤᠷᠠᠯ ᠤᠨ ᠪᠣᠬᠢᠷ ᠤᠰᠤ ᠶᠢ ᠵᠠᠰᠠᠬᠤ᠂ | ︽ᠵᠣᠷᠯᠣᠩ ᠤᠨ ᠦᠭᠡᠷᠡᠴᠢᠯᠡᠯᠳᠡ︾ ᠵᠡᠷᠭᠡ ᠭᠤᠤᠯᠳᠠᠯᠭ᠎ᠠ ᠲᠠᠢ ᠠᠵᠢᠯ ᠢ ᠦᠷᠭᠦᠯᠵᠢᠯᠡᠨ ᠠᠬᠢᠭᠤᠯᠵᠤ᠂ ᠣᠯᠠᠨ | ᠲᠦᠮᠡᠨ ᠤ ᠵᠣᠯ ᠵᠢᠷᠭᠠᠯ ᠤᠨ ᠵᠢᠭᠠᠯᠲᠠ ᠲᠤᠭ᠎ᠠ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠶ ᠭᠡᠵᠦ | ᠱᠠᠭᠠᠷᠳᠠᠪᠠ᠃ |