8 ᠰᠠᠷ᠎ᠠ ᠶᠢᠨ 7 ᠤ ᠡᠳᠦᠷ᠂ ᠪᠦᠬᠦ ᠰᠢᠶᠠᠨ ᠤ ᠤᠯᠤᠰ ᠤᠨ ᠪᠠᠶᠠᠷ ᠢ ᠤᠭᠲᠤᠬᠤ ᠵᠠᠬᠢᠳᠠᠯ | ᠰᠤᠷᠪᠤᠯᠵᠢᠯᠠᠭ᠎ᠠ ᠶᠢᠨ ᠲᠣᠭᠲᠠᠭᠤᠨ ᠢ ᠬᠠᠮᠠᠭᠠᠯᠠᠬᠤ ᠠᠵᠢᠯ ᠤᠨ ᠬᠤᠷᠠᠯ ᠬᠤᠷᠠᠯᠳᠤᠪᠠ᠃ ᠰᠢᠶᠠᠨ ᠤ ᠤᠳᠤᠷᠢᠳᠤᠯᠭ᠎ᠠ | ᠯᠢ ᠴᠦᠨ ᠶᠠᠨ᠂ ᠾᠧᠦ ᠯᠢᠨ ᠹᠧᠩ᠂ ᠱᠧᠨ ᠢ᠂ ᠱᠢ ᠯᠢ ᠵᠢᠶᠦ᠋ᠨ᠂ ᠯᠦ ᠢᠦᠢ ᠵᠦᠩ᠂ ᠠᠵᠤ ᠦᠶᠯᠡᠳᠪᠦᠷᠢ | ᠶᠢᠨ ᠬᠦᠷᠢᠶᠡᠯᠡᠩ ᠤᠨ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠰᠢᠶᠣᠤ ᠸᠧᠨ ᠸᠧᠶ᠂ ᠡᠯ᠎ᠡ ᠪᠠᠯᠭᠠᠰᠤ᠂ ᠾᠧ | ᠺᠸᠤ ᠶᠢᠨ ᠬᠠᠮᠢᠶᠠᠷᠤᠯᠲᠠ ᠶᠢᠨ ᠵᠥᠪᠯᠡᠯ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ | ᠳᠤ ᠣᠷᠣᠯᠴᠠᠪᠠ᠃ ᠰᠢᠶᠠᠨ ᠤ ᠤᠯᠤᠰ ᠲᠥᠷᠦ ᠶᠢᠨ ᠵᠥᠪᠯᠡᠯᠭᠡᠨ ᠤ ᠲᠡᠷᠢᠭᠦᠯᠡᠭᠴᠢ ᠶᠦᠨ ᠷᠦᠢ ᠵᠢᠶᠦ᠋ᠨ ᠬᠤᠷᠠᠯ | ᠡᠷᠬᠢᠯᠡᠪᠡ᠃ | ᠬᠤᠷᠠᠯ ᠳᠡᠭᠡᠷ᠎ᠡ ᠱᠤᠸᠠᠩ ᠾᠧ ᠪᠠᠯᠭᠠᠰᠤ᠂ ᠰᠢᠶᠠᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ | ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶᠠᠨ ᠤ ᠬᠠᠷᠢᠭᠤᠴᠠᠯᠭᠠᠲᠠᠨ | ᠵᠠᠬᠢᠳᠠᠯ ᠰᠤᠷᠪᠤᠯᠵᠢᠯᠠᠭ᠎ᠠ ᠪᠠ ᠲᠣᠭᠲᠠᠭᠤᠨ ᠪᠠᠶᠢᠳᠠᠯ ᠢ ᠬᠠᠮᠠᠭᠠᠯᠠᠬᠤ ᠠᠵᠢᠯ ᠢ ᠰᠠᠶᠢᠲᠤᠷ ᠬᠢᠬᠦ ᠲᠤᠬᠠᠶ ᠶᠠᠷᠢᠶ᠎ᠠ | ᠲᠠᠯᠪᠢᠪᠠ᠃ ᠬᠤᠷᠠᠯ ᠠᠴᠠ ᠣᠳᠣᠬᠠᠨ ᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠪᠠᠶᠢᠳᠠᠯ ᠢ ᠵᠠᠳᠠᠯᠬᠤ ᠶᠢᠨ | ᠬᠠᠮᠲᠤ ᠲᠠᠷᠠᠭᠠᠴᠢ ᠶᠢᠨ ᠠᠯᠬᠤᠮ ᠤᠨ ᠵᠠᠬᠢᠳᠠᠯ ᠰᠤᠷᠪᠤᠯᠵᠢᠯᠠᠭ᠎ᠠ ᠵᠢᠴᠢ ᠨᠡᠶᠢᠭᠡᠮ ᠤᠨ ᠲᠣᠭᠲᠠᠭᠤᠨ ᠪᠠᠶᠢᠳᠠᠯ ᠢ | ᠬᠠᠮᠠᠭᠠᠯᠠᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠶ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠤᠯᠤᠰ ᠪᠠᠶᠢᠭᠤᠯᠤᠭᠳᠠᠭᠰᠠᠨ ᠦᠪᠡᠳᠡᠭᠰᠢ ᠶᠡᠭᠡ ᠪᠠᠶᠠᠷ ᠤᠨ | ᠬᠤᠭᠤᠴᠠᠭᠠᠨ ᠳᠠᠬᠢ ᠵᠠᠬᠢᠳᠠᠯ ᠰᠤᠷᠪᠤᠯᠵᠢᠯᠠᠯ ᠪᠠ ᠲᠣᠭᠲᠠᠭᠤᠨ ᠪᠠᠶᠢᠳᠠᠯ ᠢ ᠬᠠᠮᠠᠭᠠᠯᠠᠬᠤ ᠠᠵᠢᠯ ᠢ ᠰᠠᠶᠢᠲᠤᠷ ᠬᠢᠬᠦ | ᠪᠣᠯ ᠣᠳᠣᠬᠠᠨ ᠤ ᠨᠢᠭᠡᠨ ᠴᠢᠬᠤᠯᠠ ᠤᠯᠤᠰ ᠲᠥᠷᠥ ᠶᠢᠨ ᠡᠭᠦᠷᠭᠡ ᠮᠥᠨ᠂ ᠡᠭᠦᠷᠭᠡ ᠬᠠᠲᠠᠭᠤ ᠪᠡᠷᠬᠡ᠂ | ᠬᠠᠷᠢᠭᠤᠴᠠᠯᠭ᠎ᠠ ᠬᠦᠨᠳᠦ ᠶᠡᠭᠡ ᠶᠤᠮ᠃ ᠡᠯ᠎ᠡ ᠪᠠᠯᠭᠠᠰᠤ᠂ ᠾᠧ ᠺᠸᠤ ᠵᠥᠪᠯᠡᠯ᠂ ᠡᠯ᠎ᠡ ᠰᠠᠯᠠᠭ᠎ᠠ ᠮᠥᠴᠢᠷ ᠡᠷᠬᠡᠪᠰᠢ | ᠤᠯᠤᠰ ᠲᠥᠷᠥ ᠶᠢ ᠡᠷᠬᠢᠮᠯᠡᠬᠦ᠂ ᠶᠡᠭᠡ ᠲᠠᠯ᠎ᠠ ᠶᠢ ᠬᠠᠷᠠᠭᠠᠯᠵᠠᠬᠤ ᠲᠡᠭᠡᠳᠦ ᠬᠡᠮᠵᠢᠶᠡᠨ ᠠᠴᠠ ᠪᠠᠶᠢᠳᠠᠯ ᠢ ᠦᠨᠡᠨ ᠬᠦ | ᠲᠣᠳᠣᠷᠬᠠᠶ ᠲᠠᠨᠢᠵᠤ᠂ ᠦᠪᠡᠳᠡᠭᠰᠢ ᠶᠡᠭᠡ ᠪᠠᠶᠠᠷ ᠤᠨ ᠬᠤᠭᠤᠴᠠᠭᠠᠨ ᠳᠠᠬᠢ ᠵᠠᠬᠢᠳᠠᠯ ᠰᠤᠷᠪᠤᠯᠵᠢᠯᠠᠭ᠎ᠠ ᠶᠢᠨ | ᠲᠣᠭᠲᠠᠭᠤᠨ ᠪᠠᠶᠢᠳᠠᠯ ᠢ ᠬᠠᠮᠠᠭᠠᠯᠠᠬᠤ ᠠᠵᠢᠯ ᠢ ᠰᠠᠶᠢᠲᠤᠷ ᠬᠢᠬᠦ ᠶᠠᠪᠤᠳᠠᠯ ᠢ ︽ᠳᠥᠷᠪᠡᠨ ᠤᠬᠠᠮᠰᠠᠷ︾ ᠢ ᠪᠠᠲᠤ | ᠪᠠᠬᠢ ᠪᠤᠢ ᠪᠣᠯᠭᠠᠬᠤ᠂ ︽ᠬᠤᠶᠠᠷ ᠢ ᠬᠠᠮᠠᠭᠠᠯᠠᠬᠤ︾ ᠪᠠᠷ ᠪᠣᠳᠠᠲᠠᠶ ᠠᠵᠢᠯᠯᠠᠭ᠎ᠠ ᠪᠣᠯᠭᠠᠵᠤ᠂ ᠠᠵᠢᠯ ᠤᠨ ᠡᠷᠴᠢᠮ | ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠤᠨ᠂ ᠠᠵᠢᠯ ᠤᠨ | ᠬᠠᠷᠢᠭᠤᠴᠠᠯᠭ᠎ᠠ ᠪᠠᠨ ᠪᠣᠳᠠᠲᠠᠶᠢᠵᠢᠭᠤᠯᠬᠤ ᠬᠡᠷᠡᠭᠲᠡᠶ ᠭᠡᠪᠡ᠃ | ᠬᠤᠷᠠᠯ ᠠᠴᠠ ᠴᠢᠬᠤᠯᠠᠴᠢᠯᠠᠭᠰᠠᠨ ᠨᠢ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠬᠥᠬᠡᠬᠤᠲᠠ | ᠪᠣᠯᠤᠨ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ᠡᠯ᠎ᠡ ᠵᠦᠶᠯ ᠤᠨ ᠱᠠᠭᠠᠷᠳᠠᠯᠭ᠎ᠠ ᠶᠢ | ᠴᠢᠩᠭ᠎ᠠ ᠵᠢᠷᠤᠮᠯᠠᠨ᠂ ᠲᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠠᠷᠭ᠎ᠠ ᠬᠡᠮᠵᠢᠶ᠎ᠡ ᠪᠠᠨ ᠴᠢᠩᠭᠠᠳᠬᠠᠨ᠂ | ᠬᠠᠷᠢᠭᠤᠴᠠᠯᠭ᠎ᠠ ᠪᠠᠨ ᠪᠠᠲᠤᠳᠬᠠᠵᠤ᠂ ᠨᠠᠶᠢᠳᠠᠪᠤᠷᠢᠵᠢᠭᠤᠯᠤᠯᠲᠠ ᠶᠢ ᠬᠦᠴᠦᠲᠡᠶ ᠠᠳᠬᠤᠵᠤ᠂ ᠤᠯᠤᠰ | ᠪᠠᠢᠭᠤᠯᠤᠭᠳᠠᠭᠰᠠᠨ 70 ᠵᠢᠯ ᠤᠨ ᠣᠢ ᠶᠢ ᠪᠡᠯᠭᠡᠯᠡᠬᠦ ᠶᠡᠭᠡ ᠪᠠᠶᠠᠷ ᠤᠨ ᠤᠷᠤᠭᠰᠢᠳᠠᠢ ᠪᠡᠶᠡᠯᠡᠭᠦᠯᠬᠦ ᠶᠢ ᠦᠨᠡᠨᠬᠦ | ᠪᠠᠳᠤᠯᠠᠬᠤ ᠬᠡᠷᠡᠭᠲᠡᠶ ᠭᠡᠵᠡᠢ᠃ |